ᠣᠲᠤᠭ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ | ᠪᠠᠶᠢᠴᠠᠭᠠᠬᠤ ᠵᠢᠴᠢ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠲᠥᠰᠥᠯ ᠢ ᠳᠠᠷᠤᠮᠠᠯᠯᠠᠨ | ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠣᠲᠤᠭ ᠵᠠᠰᠠᠭ ᠠᠯᠪᠠᠨ ᠲᠠᠷᠬᠠᠭᠠᠭᠰᠠᠨ ﹇2024﹈ 46 ᠳ᠋ᠤᠭᠠᠷ ᠲᠣᠭᠠᠲᠤ | | | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠳᠤ᠄ | ︽ᠣᠲᠤᠭ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ | ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠲᠣᠭᠤᠰᠢᠯᠠᠭᠤᠯᠤᠨ ᠬᠡᠷᠡᠭᠵᠢᠭᠦᠯᠲᠦᠭᠡᠢ᠃ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 7 ᠳ᠋ᠤᠭᠠᠷ ᠰᠠᠷ᠎ᠠ ᠶᠢᠨ 4 ᠤ ᠡᠳᠦᠷ | | ᠣᠲᠤᠭ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ | ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠲᠥᠰᠥᠯ | | ᠣᠲᠤᠭ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ | ᠲᠦᠪᠰᠢᠨ ᠢ ᠤᠯᠠᠮ ᠳᠡᠭᠡᠭᠰᠢᠯᠡᠭᠦᠯᠵᠦ᠂ ᠡᠯ᠎ᠡ ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠴᠢᠳᠠᠪᠬᠢ ᠶᠢ ᠴᠢᠩᠭᠠᠳᠬᠠᠨ᠂ ᠲᠣᠭᠲᠠᠮᠠᠯ ᠬᠥᠷᠥᠩᠭᠡ ᠶᠢᠨ | ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠮᠥᠷᠳᠡᠨ ᠬᠠᠮᠢᠶᠠᠷᠤᠯᠲᠠ ᠶᠢ ᠪᠡᠶᠡᠯᠡᠭᠦᠯᠵᠦ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠤᠨ ᠲᠤᠭ᠎ᠠ ᠪᠠᠷᠢᠮᠲᠠ ᠶᠢ ᠪᠦᠷᠢᠨᠰᠢᠭᠦᠯᠣᠨ᠂ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠲᠥᠰᠥᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠤᠶᠠᠯᠳᠤᠯ ᠢ ᠠᠬᠢᠭᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠤᠰᠠᠳᠡ᠂ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠠᠯᠲᠤ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 738 ᠳ᠋ᠤᠭᠠᠷ ᠲᠣᠭᠠᠲᠤ︶᠂ ︽ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠢ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠷᠭ᠎ᠠ︾ ︵ᠡᠳ᠋ ᠬᠥᠷᠥᠩᠭᠡ ﹇2016﹈ | 1 ᠳ᠋ᠦ᠋ᠭᠡᠷ ᠲᠣᠭᠠᠲᠤ︶᠂ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠡᠳ᠋ ᠤᠨ | ᠵᠠᠰᠠᠭ ᠤᠨ ᠶᠠᠮᠤᠨ ᠤ ᠮᠡᠳᠡᠭᠳᠡᠯ︾ ︵ᠡᠳ᠋ ᠬᠥᠷᠥᠩᠭᠡ ﹇2020﹈ 97 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠵᠠᠷᠯᠢᠭ 257 | ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠳᠤ ᠲᠡᠮᠳᠡᠭᠴᠢᠯᠡᠬᠦ ᠬᠠᠮᠢᠶᠠᠷᠤᠯᠲᠠ ᠶᠢ | ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠬᠥᠷᠥᠩᠭᠡ ﹇ | 2017﹈ 738 ᠳ᠋ᠤᠭᠠᠷ ᠲᠣᠭᠠᠲᠤ︶᠂ ︽ᠣᠷᠳᠣᠰ ᠬᠤᠲᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︵ᠣᠷᠳᠣᠰ ᠵᠠᠰᠠᠭ ᠲᠠᠷᠬᠠᠭᠠᠭᠰᠠᠨ ﹇2023﹈ 72 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠲᠣᠭᠲᠠᠭᠠᠯ ᠢ | ᠦᠨᠳᠦᠰᠦᠯᠡᠵᠦ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠠᠷᠪᠠᠨ ᠬᠤᠶᠠᠳᠤᠭᠠᠷ ᠬᠤᠷᠠᠯ ᠤᠨ ︽ᠣᠲᠤᠭ ᠬᠤᠰᠢᠭᠤᠨ ᠤ 2022 ᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠠᠯᠲᠤ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ︾ ︵ᠣᠲᠤᠭ ᠠᠷᠠᠳ ᠪᠠᠶᠢᠩᠭᠤ ᠲᠠᠷᠬᠠᠭᠠᠭᠰᠠᠨ ﹇2023﹈ 29 | ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ | ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠵᠤ᠂ ᠠᠵᠢᠯ ᠤᠨ ᠤᠷᠤᠭᠰᠢᠲᠠᠢ | ᠶᠠᠪᠤᠭᠳᠠᠬᠤ ᠶᠢ ᠪᠠᠲᠤᠯᠠᠬᠤ ᠪᠠᠷ ᠳᠣᠣᠷᠠᠬᠢ ᠮᠡᠲᠦ ᠠᠵᠢᠯ ᠤᠨ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠣᠭᠤᠰᠢᠯᠭᠤᠯᠵᠤ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠭᠦᠢᠴᠡᠳ᠂ ᠵᠥᠪ ᠣᠨᠣᠪᠴᠢᠲᠠᠶ᠂ ᠪᠦᠬᠦ ᠲᠠᠯ᠎ᠠ ᠪᠠᠷ ᠲᠣᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠣᠯᠡᠵᠣ | ᠠᠬᠢᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠰᠠᠨᠠᠭᠠᠴᠢᠯᠠᠭ᠎ᠠ ᠠᠴᠠ ᠪᠠᠨ ᠪᠦᠷᠢᠯᠳᠦᠭᠦᠯᠵᠦ᠂ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ | ᠪᠠᠲᠤ ᠪᠤᠶ ᠪᠣᠯᠭᠠᠨ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠤᠯᠠᠮ | ᠴᠢᠩᠭᠠᠳᠬᠠᠨ ᠵᠢᠷᠤᠮᠵᠢᠭᠤᠯᠵᠤ᠂ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ ᠳᠦᠷᠢᠮᠵᠢᠯᠲᠡ᠂ ᠵᠢᠷᠤᠮᠵᠢᠯᠲᠠ᠂ ᠳᠡᠰ | ᠳᠠᠷᠠᠭᠠᠵᠢᠯᠳᠡ ᠶᠢ ᠠᠬᠢᠭᠤᠯᠤᠨ᠂ ᠡᠳ᠋ ᠬᠥᠷᠥᠩᠭᠡ ᠶᠢᠨ ᠬᠠᠮᠢᠶᠠᠷᠤᠯᠲᠠ ᠪᠣᠯᠣᠨ ᠲᠥᠰᠥᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ | ᠤᠶᠠᠯᠳᠤᠭᠤᠯᠵᠤ᠂ ᠲᠠᠩᠰᠠ ᠪᠠ ᠪᠣᠳᠠᠲᠤ ᠪᠣᠳᠠᠰ ᠨᠢ ᠨᠡᠶᠢᠴᠡᠬᠦ᠂ ᠲᠠᠩᠰᠠ ᠪᠠ ᠺᠠᠷᠲ ᠨᠢ ᠨᠡᠶᠢᠴᠡᠬᠦ᠂ ᠲᠠᠩᠰᠠ ᠪᠠ ᠲᠠᠩᠰᠠ ᠨᠢ ᠨᠡᠶᠢᠴᠡᠬᠦ ᠶᠢ ᠪᠡᠶᠡᠯᠡᠭᠦᠯᠦᠨ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠦᠨᠡᠨᠬᠦ ᠬᠠᠮᠠᠭᠠᠯᠠᠵᠤ᠂ ᠮᠠᠨ ᠤ ᠬᠤᠰᠢᠭᠤᠨ ᠤ ᠵᠠᠰᠠᠭ ᠵᠠᠬᠢᠷᠭ᠎ᠠ | ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠴᠢᠯᠦᠭᠡᠲᠡᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ | ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠯᠪᠠᠨ ᠪᠠᠶᠢᠭᠤᠯᠭ᠎ᠠ ᠶᠢᠨ ᠡᠷᠭᠢᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ︽ᠲᠥᠷᠥ ᠶᠢᠨ ᠪᠣᠳᠣᠯᠭ᠎ᠠ ᠶᠢ ᠨᠢᠭᠡᠳᠦᠭᠦᠯᠬᠦ᠂ ᠠᠷᠭ᠎ᠠ ᠪᠠᠷᠢᠯ ᠢ ᠨᠢᠭᠡᠳᠦᠭᠦᠯᠬᠦ᠂ ᠠᠯᠬᠤᠮ ᠳᠠᠷᠠᠭ᠎ᠠ ᠶᠢ ᠨᠢᠭᠡᠳᠦᠭᠦᠯᠬᠦ᠂ ᠱᠠᠭᠠᠷᠳᠠᠯᠭ᠎ᠠ ᠶᠢ ᠨᠢᠭᠡᠳᠦᠭᠦᠯᠬᠦ︾ | ᠵᠠᠷᠴᠢᠮ ᠶᠣᠰᠣᠭᠠᠷ᠂ ᠪᠥᠬᠦ ᠬᠤᠰᠢᠭᠤᠨ ᠳᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ | ᠲᠡᠮᠳᠡᠭᠴᠢᠯᠡᠨ ᠬᠠᠮᠢᠶᠠᠷᠬᠤ ᠠᠵᠢᠯ ︵ᠳᠣᠷᠣᠭᠰᠢ ︽ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ︾ ᠭᠡᠵᠦ ᠲᠣᠪᠴᠢᠯᠠᠨ᠎ᠠ︶ ᠢ ᠥᠷᠨᠢᠭᠦᠯᠦᠨ᠎ᠡ᠃ | ⒈ ᠡᠳ᠋ ᠬᠥᠷᠥᠩᠭᠡ ᠶᠢ ᠲᠡᠮᠳᠡᠭᠴᠢᠯᠡᠨ ᠬᠠᠮᠢᠶᠠᠷᠤᠨ᠎ᠠ᠃ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠳᠤ ᠲᠦᠰᠢᠭᠯᠡᠨ᠂ ᠣᠲᠣ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠪᠣᠳᠠᠲᠤ ᠡᠳ᠋ ᠬᠥᠷᠥᠩᠭᠡ ᠨᠢᠭᠡᠪᠦᠷᠢ ᠳᠤ ᠴᠣᠷ ᠤᠨ ᠭᠠᠭᠴᠠ ᠵᠢᠷᠤᠭᠠᠰᠤᠨ ᠺᠣᠳ᠋ ︵ᠪᠤᠶᠤ ᠬᠤᠶᠠᠷ ᠬᠡᠮᠵᠢᠯᠲᠦ ᠺᠣᠳ᠋︶ | ᠤᠨ ᠱᠣᠰᠢᠭ᠎ᠠ ᠲᠡᠮᠳᠡᠭ ᠨᠠᠭᠠᠵᠤ᠂ ᠲᠣᠭᠲᠠᠮᠠᠯ ᠬᠥᠷᠥᠩᠭᠡ ᠶᠢ ᠲᠣᠬᠢᠷᠠᠭᠤᠯᠬᠤ᠂ ᠬᠡᠷᠡᠭᠯᠡᠬᠦ ᠠᠴᠠ ᠰᠢᠢᠳᠪᠦᠷᠢᠯᠡᠬᠦ ᠬᠦᠷᠲᠡᠯᠡᠬᠢ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠮᠥᠷᠳᠡᠨ ᠬᠠᠮᠢᠶᠠᠷᠤᠯᠲᠠ ᠶᠢ ᠪᠡᠶᠡᠯᠡᠭᠦᠯᠦᠨ᠂ ᠲᠣᠭᠲᠠᠮᠠᠯ ᠬᠥᠷᠥᠩᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠥᠨᠳᠥᠷ | ᠪᠦᠲᠦᠮᠵᠢᠲᠡᠶ ᠪᠠᠷ ᠬᠡᠷᠡᠭᠯᠡᠬᠦ ᠪᠠ ᠵᠢᠷᠤᠮᠵᠢᠭᠤᠯᠤᠨ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ⒉ᠡᠳ᠋ ᠬᠥᠷᠥᠩᠭᠡ ᠶᠢᠨ ᠪᠠᠶᠢᠳᠠᠯ ᠢ ᠲᠣᠳᠣᠷᠬᠠᠢ ᠣᠶᠢᠯᠠᠭᠠᠨ᠎ᠠ᠃ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠳᠤ ᠲᠦᠰᠢᠭᠯᠡᠨ᠂ | ᠨᠢᠭᠡᠴᠢ ᠶᠢᠨ ᠦᠨᠳᠦᠰᠦᠨ ᠪᠠᠶᠢᠳᠠᠯ᠂ ᠲᠣᠭᠲᠠᠮᠠᠯ ᠬᠥᠷᠥᠩᠭᠡ ᠶᠢᠨ ᠪᠠᠶᠢᠳᠠᠯ ᠢ ᠪᠦᠭᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠲᠣᠭᠲᠠᠮᠠᠯ ᠬᠥᠷᠥᠩᠭᠡ ᠶᠢᠨ | ᠪᠠᠶᠢᠳᠠᠯ ᠢ ᠦᠨᠡᠨ ᠪᠣᠳᠠᠲᠠᠢ᠂ ᠪᠦᠷᠢᠨ ᠪᠦᠲᠦᠨ᠂ ᠰᠢᠰᠲ᠋ᠧᠮ ᠲᠠᠢ ᠪᠠᠷ ᠲᠤᠰᠬᠠᠨ᠎ᠠ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠭᠰᠠᠨ ᠪᠠᠶᠢᠳᠠᠯ ᠢ | ᠦᠨᠳᠦᠰᠦᠯᠡᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠲᠣᠭᠲᠠᠮᠠᠯ ᠬᠥᠷᠥᠩᠭᠡ ᠶᠢ ᠪᠦᠷᠢᠳᠬᠡᠭᠰᠡᠨ ᠣᠯᠵᠠᠪᠤᠷᠢ᠂ ᠠᠯᠳᠠᠭᠳᠠᠯ ᠤᠨ ᠪᠠᠶᠢᠳᠠᠯ ᠢ ᠵᠠᠳᠠᠯᠬᠤ ᠶᠢᠨ ᠬᠠᠮᠲᠤ ᠲᠣᠭᠲᠠᠮᠠᠯ ᠬᠥᠷᠥᠩᠭᠡ ᠶᠢ ᠢᠯᠭᠠᠷᠠᠭᠤᠯᠤᠨ | ᠪᠠᠶᠢᠴᠠᠭᠠᠭᠰᠠᠨ ᠮᠡᠳᠡᠭᠦᠯᠦᠯᠲᠡ ᠶᠢ ᠦᠨᠡᠨ ᠮᠥᠨ ᠢᠶᠠᠷ ᠨᠢ ᠨᠠᠶᠢᠷᠠᠭᠤᠯᠤᠨ ᠮᠡᠳᠡᠭᠦᠯᠦᠨ᠎ᠡ᠃ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠪᠠ ᠡᠳ᠋ | ᠬᠥᠷᠥᠩᠭᠡ ᠶᠢᠨ ᠲᠠᠩᠰᠠᠨ ᠳᠤ ᠲᠣᠬᠢᠷᠠᠭᠤᠯᠤᠯᠲᠠ ᠬᠢᠬᠦ ᠳᠤ ᠰᠠᠭᠤᠷᠢ ᠲᠠᠯᠪᠢᠵᠤ᠂ ᠲᠣᠭᠲᠠᠮᠠᠯ ᠬᠥᠷᠥᠩᠭᠡ ᠶᠢᠨ ᠳᠠᠩᠰᠠ ᠪᠠ ᠪᠣᠳᠠᠲᠤ ᠪᠣᠳᠠᠰ ᠨᠢ ᠨᠡᠶᠢᠴᠡᠬᠦ᠂ | ᠳᠠᠩᠰᠠ ᠪᠠ ᠺᠠᠷᠲ ᠨᠢ ᠨᠡᠶᠢᠴᠡᠬᠦ᠂ ᠳᠠᠩᠰᠠ ᠪᠠ ᠲᠠᠩᠰᠠ ᠨᠢ ᠨᠡᠶᠢᠴᠡᠬᠦ ᠶᠢ ᠦᠨᠡᠨᠬᠦ ᠪᠠᠲᠤᠯᠠᠨ᠎ᠠ᠃ | ⒊ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠨ᠎ᠠ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠳᠤᠮᠳᠠ ᠣᠳᠣᠬᠠᠨ ᠤ ᠲᠣᠭᠲᠠᠮᠠᠯ | ᠬᠥᠷᠥᠩᠭᠡ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠲᠣᠭᠲᠠᠮᠠᠯ ᠬᠥᠷᠥᠩᠭᠡ ᠶᠢ ᠪᠦᠷᠢᠳᠬᠡᠭᠰᠡᠨ ᠣᠯᠵᠠᠪᠤᠷᠢ᠂ ᠠᠯᠳᠠᠭᠳᠠᠯ ᠤᠨ ᠪᠠᠶᠢᠳᠠᠯ ᠢ | ᠢᠯᠡᠷᠡᠭᠦᠯᠵᠦ᠂ ᠪᠣᠶ ᠪᠣᠯᠤᠭᠰᠠᠨ ᠰᠢᠯᠲᠠᠭᠠᠨ ᠢ ᠨᠢ ᠵᠠᠳᠠᠯᠤᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠰᠢᠢᠳᠪᠦᠷᠢᠯᠡᠬᠦ ᠠᠷᠭ᠎ᠠ ᠶᠢ ᠰᠦᠪᠡᠭᠴᠢᠯᠡᠵᠦ᠂ ᠰᠢᠢᠳᠪᠦᠷᠢᠯᠡᠬᠦ ᠲᠥᠰᠥᠯ ᠲᠣᠭᠲᠠᠭᠠᠨ᠂ ᠡᠳ᠋ ᠬᠥᠷᠥᠩᠭᠡ ᠶᠢ ᠢᠯᠭᠠᠷᠠᠭᠤᠯᠤᠨ | ᠪᠠᠶᠢᠴᠠᠭᠠᠵᠤ ᠪᠦᠷᠢᠳᠬᠡᠨ ᠬᠠᠷᠭᠤᠭᠤᠯᠤᠨ᠎ᠠ᠃ | ⒋ᠳᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠨᠢᠭᠡᠴᠢ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠰᠢᠯᠲᠠᠭᠠᠨ ᠢᠶᠠᠨ ᠨᠢᠮᠪᠡᠢ ᠵᠠᠳᠠᠯᠤᠨ᠂ ᠦᠨᠡᠨᠬᠦ | ᠬᠡᠷᠡᠭᠵᠢᠭᠦᠯᠵᠦ ᠪᠣᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠳᠣᠲᠣᠭᠠᠳᠤ ᠳᠠᠭᠠᠨ ᠡᠵᠡᠮᠳᠡᠬᠦ ᠳᠦᠷᠢᠮ ᠢ ᠲᠡᠭᠦᠯᠳᠡᠷᠵᠢᠭᠦᠯᠦᠨ᠂ ᠨᠢᠭᠡᠴᠢ ᠶᠢᠨ | ᠳᠣᠲᠣᠭᠠᠳᠤ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠪᠦᠷᠢᠨᠰᠢᠭᠦᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ | ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠳᠦᠷᠢᠮᠵᠢᠭᠦᠯᠬᠦ ᠪᠠ ᠮᠡᠳᠡᠭᠡ ᠵᠠᠩᠭᠢᠵᠢᠯᠠᠬᠤ ᠠᠵᠢᠯ ᠢ ᠪᠡᠶᠡᠯᠡᠭᠦᠯᠦᠨ᠎ᠡ᠃ | ⒌ᠱᠠᠭᠠᠷᠳᠠᠨ ᠪᠠᠶᠢᠴᠠᠭᠠᠵᠤ ᠬᠢᠨᠠᠨ ᠰᠢᠯᠭᠠᠷᠠᠭᠤᠯᠤᠨ᠎ᠠ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠰᠢᠢᠳᠪᠦᠷᠢᠯᠡᠬᠦ ᠵᠢᠴᠢ ᠲᠡᠮᠳᠡᠭᠴᠢᠯᠡᠬᠦ | ᠠᠵᠢᠯ ᠢ ᠬᠢᠨᠠᠨ ᠰᠢᠯᠭᠠᠷᠠᠭᠤᠯᠵᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ | ᠠᠵᠢᠯ ᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠡᠳ᠋ ᠬᠥᠷᠥᠩᠭᠡ ᠶᠢᠨ ᠲᠣᠬᠢᠷᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠬᠦ ᠲᠥᠰᠥᠪ ᠯᠦᠭᠡ | ᠬᠤᠯᠪᠣᠭᠳᠠᠭᠤᠯᠤᠨ᠂ ᠲᠥᠰᠥᠪ ᠤᠨ ᠬᠢᠵᠠᠭᠠᠷᠯᠠᠯ ᠢᠶᠠᠷ ᠳᠠᠮᠵᠢᠭᠤᠯᠤᠨ ᠤᠷᠮᠠᠰᠢᠭᠤᠯᠤᠨ᠎ᠠ︔ ᠢᠯᠭᠠᠷᠠᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠠᠵᠢᠯ ᠤᠨ | ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠵᠤ ᠦᠨᠡᠯᠡᠬᠦ ᠭᠦᠢᠴᠡᠳᠬᠡᠯ ᠲᠤᠭ᠎ᠠ ᠪᠣᠯᠭᠠᠬᠤ ᠶᠢᠨ ᠬᠠᠮᠲᠤ᠂ ᠲᠠᠪᠤ ᠶᠢ ᠨᠢᠭᠡ ᠴᠣᠭᠴᠠᠵᠢᠭᠤᠯᠬᠤ ᠠᠵᠢᠯ ᠤᠨ ᠬᠢᠨᠠᠨ | ᠰᠢᠯᠭᠠᠷᠠᠭᠤᠯᠤᠯᠲᠠ ᠳᠤ ᠣᠷᠣᠭᠤᠯᠤᠨ᠎ᠠ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠰᠢᠢᠳᠪᠦᠷᠢᠯᠡᠭᠰᠡᠨ ᠲᠤᠭ᠎ᠠ ᠬᠡᠮᠵᠢᠶ᠎ᠡ ᠬᠢᠭᠡᠳ ᠶᠠᠰᠤ ᠴᠢᠨᠠᠷ᠂ | ᠦᠷ᠎ᠡ ᠠᠰᠢᠭ ᠬᠢᠭᠡᠳ ᠦᠷ᠎ᠡ ᠪᠦᠲᠦᠮᠵᠢ ᠶᠢ ᠲᠤᠰᠬᠠᠢ ᠦᠨᠡᠯᠡᠨ ᠵᠢᠱᠢᠬᠦ ᠪᠠ ᠵᠢᠭᠠᠨ ᠵᠢᠯᠤᠭᠤᠳᠴᠤ ᠱᠠᠭᠠᠷᠳᠠᠨ ᠭᠦᠢᠴᠡᠳᠬᠡᠬᠦ ᠠᠵᠢᠯ ᠢ ᠲᠣᠬᠢᠷᠠᠮᠵᠢᠲᠠᠢ ᠴᠠᠭ ᠲᠤᠨᠢ | ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠢᠶᠠᠨ ᠬᠦᠴᠦᠲᠡᠢ ᠠᠬᠢᠭᠤᠯᠤᠭᠰᠠᠨ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ | ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠬᠤᠶᠠᠷ᠂ ᠠᠵᠢᠯ ᠤᠨ ᠠᠭᠤᠯᠭ᠎ᠠ | ︵ᠨᠢᠭᠡ︶ ᠲᠡᠮᠳᠡᠭᠴᠢᠯᠡᠬᠦ ᠠᠵᠢᠯ | ⒈ᠲᠣᠭᠲᠠᠮᠠᠯ ᠬᠥᠷᠥᠩᠭᠡ ᠶᠢᠨ ᠲᠤᠭ᠎ᠠ ᠬᠡᠮᠵᠢᠶ᠎ᠡ ᠨᠢ 1000 ᠠᠴᠠ ᠳᠡᠭᠡᠭᠰᠢᠬᠢ ᠨᠢᠭᠡᠴᠢ ᠳᠤ ᠡᠳ᠋ ᠬᠥᠷᠥᠩᠭᠡ ᠶᠢᠨ ᠲᠡᠮᠳᠡᠭᠴᠢᠯᠡᠬᠦ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠲᠣᠭᠲᠠᠮᠠᠯ ᠬᠥᠷᠥᠩᠭᠡ ᠶᠢᠨ ᠲᠤᠭ᠎ᠠ ᠬᠡᠮᠵᠢᠶ᠎ᠡ ᠨᠢ 1000 ᠠᠴᠠ ᠳᠣᠷᠣᠭᠰᠢᠬᠢ ᠨᠥᠬᠦᠴᠡᠯ ᠲᠠᠢ ᠨᠢᠭᠡᠴᠢ ᠳᠤ ᠵᠠᠷᠴᠢᠮ ᠳᠡᠭᠡᠷ᠎ᠡ ᠪᠠᠨ ᠡᠳ᠋ | ᠬᠥᠷᠥᠩᠭᠡ ᠶᠢᠨ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠨᠢᠭᠡᠴᠢ ᠲᠣᠭᠲᠠᠮᠠᠯ ᠬᠥᠷᠥᠩᠭᠡ ᠶᠢᠨ ᠲᠡᠮᠳᠡᠭᠴᠢᠯᠡᠬᠦ ᠬᠠᠮᠢᠶᠠᠷᠤᠯᠲᠠ ᠶᠢᠨ ᠠᠵᠢᠯ ᠢ | ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠮᠠᠯ ᠬᠥᠷᠥᠩᠭᠡ ᠳᠤ ᠴᠥᠮ ᠵᠢᠷᠤᠭᠠᠰᠤᠨ ᠺᠣᠳ᠋ ᠨᠠᠭᠠᠬᠤ ᠶᠢ ᠪᠠᠲᠤᠯᠠᠨ᠎ᠠ᠃ | ⒉ᠲᠡᠮᠳᠡᠭᠴᠢᠯᠡᠨ ᠬᠠᠮᠢᠶᠠᠷᠬᠤ ᠲᠥᠬᠦᠭᠡᠷᠦᠮᠵᠢ ᠶᠢ ᠡᠷᠬᠡᠪᠰᠢ ᠣᠲᠣ ᠶᠢᠨ ᠬᠡᠷᠡᠭᠵᠢᠭᠦᠯᠵᠦ ᠪᠠᠶᠢᠭ᠎ᠠ ᠲᠥᠰᠥᠪ ᠤᠨ ᠨᠢᠭᠡ ᠴᠣᠭᠴᠠᠵᠢᠭᠤᠯᠤᠭᠰᠠᠨ | ᠬᠠᠮᠢᠶᠠᠷᠤᠯᠲᠠ ᠶᠢᠨ ᠰᠢᠰᠲ᠋ᠧᠮ ᠲᠠᠢ ᠤᠶᠠᠯᠳᠤᠭᠤᠯᠤᠨ ᠬᠡᠷᠡᠭᠯᠡᠵᠦ᠂ ᠵᠥᠭᠡᠯᠡᠨ ᠬᠠᠲᠠᠭᠤ ᠲᠣᠨᠤᠭ ᠢ ᠰᠠᠶᠢᠲᠤᠷ ᠲᠣᠬᠢᠷᠠᠭᠤᠯᠤᠨ ᠵᠣᠯᠭᠠᠭᠤᠯᠤᠨ᠎ᠠ᠃ ᠪᠠᠶᠢᠭᠤᠯᠭ᠎ᠠ | ᠨᠢᠭᠡᠴᠢ ᠮᠡᠷᠭᠡᠵᠢᠯ ᠤᠨ ᠱᠠᠭᠠᠷᠳᠠᠯᠭ᠎ᠠ ᠶᠢ ᠦᠨᠳᠦᠰᠦᠯᠡᠨ ᠵᠢᠷᠤᠭᠠᠰᠤᠨ ᠺᠣᠳ᠋ ᠳᠠᠷᠤᠮᠠᠯᠯᠠᠬᠤ ᠮᠠᠰᠢᠨ ᠪᠠ ᠺᠣᠳ᠋ ᠰᠢᠷᠪᠢᠬᠦ ᠲᠥᠬᠦᠭᠡᠷᠦᠮᠵᠢ ᠶᠢ ᠥᠪᠡᠰᠦᠪᠡᠨ | ᠲᠣᠬᠢᠷᠠᠭᠤᠯᠵᠤ᠂ ᠡᠷᠬᠡᠪᠰᠢ ᠲᠡᠮᠳᠡᠭᠴᠢᠯᠡᠨ ᠬᠠᠮᠢᠶᠠᠷᠬᠤ ᠶᠣᠰᠣᠲᠠᠢ ᠶᠢ ᠨᠢ ᠪᠦᠬᠦᠨ ᠢ ᠲᠡᠮᠳᠡᠭᠴᠢᠯᠡᠨ ᠬᠠᠮᠢᠶᠠᠷᠤᠨ᠎ᠠ᠃ | ⒊ᠡᠯ᠎ᠡ ᠨᠢᠭᠡᠴᠢ ᠶᠢᠨ ᠬᠡᠷᠡᠭᠯᠡᠵᠦ ᠪᠠᠶᠢᠭ᠎ᠠ ᠲᠡᠮᠳᠡᠭᠴᠢᠯᠡᠬᠦ ᠬᠠᠮᠢᠶᠠᠷᠤᠯᠲᠠ ᠶᠢᠨ ᠲᠥᠬᠦᠭᠡᠷᠦᠮᠵᠢ ᠨᠢ ᠡᠳ᠋ ᠬᠥᠷᠥᠩᠭᠡ ᠶᠢ ᠲᠣᠭᠠᠯᠠᠨ ᠪᠦᠷᠢᠳᠬᠡᠬᠦ ᠴᠢᠳᠠᠮᠵᠢ ᠶᠢ | ᠪᠦᠷᠢᠳᠦᠭᠦᠯᠦᠨ᠂ ᠨᠢᠭᠡ ᠬᠡᠮᠵᠢᠯᠲᠦ ᠺᠣᠳ᠋ ᠪᠤᠶᠤ ᠬᠤᠶᠠᠷ ᠬᠡᠮᠵᠢᠯᠲᠦ ᠺᠣᠳ᠋ ᠤᠨ ᠰᠢᠷᠪᠢᠯᠲᠡ ᠶᠢ ᠳᠠᠮᠵᠢᠵᠤ᠂ ᠡᠳ᠋ ᠬᠥᠷᠥᠩᠭᠡ ᠶᠢᠨ ᠭᠤᠣᠯᠯᠠᠨ ᠬᠠᠮᠢᠶᠠᠷᠬᠤ | ᠪᠠᠶᠢᠭᠤᠯᠭ᠎ᠠ᠂ ᠬᠡᠷᠡᠭᠯᠡᠬᠦ ᠨᠢᠭᠡᠴᠢ᠂ ᠡᠳ᠋ ᠬᠥᠷᠥᠩᠭᠡ ᠶᠢᠨ ᠨᠡᠷᠡᠶᠢᠳᠦᠯ᠂ ᠡᠳ᠋ ᠬᠥᠷᠥᠩᠭᠡ ᠶᠢᠨ ᠳ᠋ᠤᠭᠠᠷᠯᠠᠯ᠂ ᠺᠣᠳ᠋ ᠣᠯᠭᠤᠭᠰᠠᠨ ᠴᠠᠭ ᠬᠤᠭᠤᠴᠠᠭ᠎ᠠ᠂ ᠤᠤᠯ ᠤᠨ | ᠥᠷᠲᠡᠭ᠂ ᠴᠡᠪᠡᠷ ᠥᠷᠲᠡᠭ ᠵᠡᠷᠭᠡ ᠨᠡᠶᠢᠳᠡᠮ ᠬᠡᠷᠡᠭᠯᠡᠬᠦ ᠵᠠᠩᠭᠢᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡᠷᠡᠭᠦᠯᠦᠨ᠂ ᠰᠢᠰᠲ᠋ᠧᠮ ᠤᠨ ᠲᠤᠭ᠎ᠠ | ᠪᠠᠷᠢᠮᠲᠠ ᠲᠠᠢ ᠤᠶᠠᠯᠳᠤᠭᠤᠯᠤᠨ ᠥᠪᠡᠷᠲᠡᠭᠡᠨ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ᠎ᠠ᠃ | ⒋ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠡᠳ᠋ ᠬᠥᠷᠥᠩᠭᠡ ᠳᠤ ᠨᠢᠭᠡ ᠬᠡᠮᠵᠢᠯᠲᠦ ᠺᠣᠳ᠋ ᠪᠤᠶᠤ ᠬᠤᠶᠠᠷ ᠬᠡᠮᠵᠢᠯᠲᠦ ᠺᠣᠳ᠋ ᠤᠨ | ᠬᠠᠮᠢᠶᠠᠷᠤᠯᠲᠠ ᠶᠢ ᠨᠢᠭᠡᠳᠦᠯᠲᠡᠢ ᠬᠡᠷᠡᠭᠵᠢᠭᠦᠯᠵᠦ᠂ ᠨᠢᠭᠡ ᠪᠣᠳᠠᠰ ᠲᠤ ᠨᠢᠭᠡ ᠺᠠᠷᠲ ᠨᠢᠭᠡ ᠺᠣᠳ᠋ ᠲᠠᠢ ᠪᠠᠶᠢᠬᠤ ᠶᠢ ᠪᠠᠲᠤᠯᠠᠬᠤ ᠶᠢᠨ ᠬᠠᠮᠲᠤ ᠬᠠᠷᠠᠭᠠᠯᠵᠠᠭᠰᠠᠨ ᠡᠳ᠋ | ᠬᠥᠷᠥᠩᠭᠡ ᠶᠢᠨ ᠥᠩᠭᠡᠨ ᠲᠠᠯ᠎ᠠ ᠪᠤᠶᠤ ᠬᠠᠵᠠᠭᠤ ᠲᠠᠯ᠎ᠠ ᠳᠤ ᠨᠠᠭᠠᠨ᠂ ᠲᠡᠭᠰᠢ ᠪᠠᠶᠢᠯᠭᠠᠵᠤ᠂ ᠰᠢᠷᠪᠢᠬᠦ ᠳᠤ ᠲᠥᠬᠦᠮ ᠪᠣᠯᠭᠠᠨ᠂ ᠡᠳ᠋ ᠬᠥᠷᠥᠩᠭᠡ ᠶᠢᠨ ᠺᠠᠷᠲ ᠤᠨ | ᠠᠭᠤᠯᠭ᠎ᠠ ᠨᠢ ᠪᠦᠷᠢᠨ ᠭᠦᠢᠴᠡᠳ᠂ ᠥᠰᠥᠭ ᠨᠢ ᠲᠣᠳᠣᠷᠬᠠᠢ᠂ ᠡᠯᠡᠭᠳᠡᠯ ᠢ ᠳᠠᠭᠠᠭᠠᠬᠤ᠂ ᠪᠦᠷᠢᠨ ᠪᠦᠲᠦᠨ ᠬᠠᠳᠠᠭᠠᠯᠠᠵᠤ ᠳᠡᠶᠢᠯᠬᠦ ᠶᠢ ᠪᠠᠲᠤᠯᠠᠨ᠎ᠠ᠃ | ︵ᠬᠤᠶᠠᠷ︶ ᠲᠠᠩᠰᠠ ᠶᠢ ᠢᠯᠭᠠᠷᠠᠭᠤᠯᠤᠨ᠎ᠠ᠃ ᠡᠯ᠎ᠡ ᠨᠢᠭᠡᠴᠢ ᠲᠣᠭᠲᠠᠮᠠᠯ ᠬᠥᠷᠥᠩᠭᠡ ᠶᠢᠨ ᠡᠬᠡ ᠲᠠᠩᠰᠠ ᠶᠢ ᠪᠥᠬᠦ ᠲᠠᠯ᠎ᠠ ᠪᠠᠷ ᠬᠠᠷᠭᠤᠭᠤᠯᠤᠨ | ᠢᠯᠭᠠᠷᠠᠭᠤᠯᠵᠤ᠂ ᠲᠠᠩᠰᠠ ᠶᠢ ᠢᠯᠭᠠᠷᠠᠭᠤᠯᠬᠤ ᠪᠠᠷ ᠳᠠᠮᠵᠢᠭᠤᠯᠤᠨ ︽ᠳᠥᠷᠪᠡ ᠶᠢ ᠨᠡᠶᠢᠴᠡᠭᠦᠯᠬᠦ︾ ᠶᠢ ᠪᠡᠶᠡᠯᠡᠭᠦᠯᠦᠨ᠎ᠡ᠂ ᠲᠤᠬᠠᠶᠢᠯᠠᠪᠠᠯ ᠪᠣᠳᠠᠰ ᠪᠠ ᠪᠤᠳᠠᠰ ᠤᠨ | ᠳ᠋ᠤᠭᠠᠷ ᠨᠢ ᠨᠡᠶᠢᠴᠡᠬᠦ᠂ ᠲᠠᠩᠰᠠ ᠪᠠ ᠪᠣᠳᠠᠲᠤ ᠪᠣᠳᠠᠰ ᠨᠢ ᠨᠡᠶᠢᠴᠡᠬᠦ᠂ ᠲᠠᠩᠰᠠ ᠪᠠ ᠲᠠᠩᠰᠠ ᠨᠢ ᠨᠡᠶᠢᠴᠡᠬᠦ᠂ ᠲᠠᠩᠰᠠ ᠪᠠ ᠬᠦᠰᠦᠨᠦᠭᠲᠦ ᠨᠢ ᠨᠡᠶᠢᠴᠡᠬᠦ ᠶᠢ | ᠪᠠᠲᠤᠯᠠᠨ᠎ᠠ᠃ ᠨᠢᠭᠡᠴᠢ ᠶᠢᠨ ᠲᠠᠩᠰᠠ ᠶᠢᠨ ᠪᠦᠷᠢᠨ ᠪᠦᠲᠦᠨ᠂ ᠵᠥᠪ ᠣᠨᠣᠪᠴᠢᠲᠠᠶ ᠪᠠ ᠦᠨᠡᠨ ᠪᠣᠳᠠᠲᠠᠢ ᠪᠠᠶᠢᠬᠤ ᠶᠢ ᠪᠠᠲᠤᠯᠠᠨ᠎ᠠ᠃ ᠲᠠᠩᠰᠠ ᠶᠢ | ᠢᠯᠭᠠᠷᠠᠭᠤᠯᠬᠤ ᠳᠤ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠭᠰᠠᠨ ᠡᠳᠦᠷ ᠢᠶᠠᠷ ᠪᠠᠷᠢᠮᠵᠢᠶ᠎ᠠ ᠪᠣᠯᠭᠠᠵᠤ᠂ ᠳ᠋ᠦᠩᠨᠡᠨ ᠪᠣᠳᠣᠵᠤ ᠬᠢᠨᠠᠨ ᠬᠠᠷᠭᠤᠭᠤᠯᠬᠤ | ᠠᠷᠭ᠎ᠠ ᠮᠠᠶ᠋ᠢᠭ ᠢᠶᠠᠷ ᠲᠣᠭᠲᠠᠮᠠᠯ ᠬᠥᠷᠥᠩᠭᠡ ᠶᠢᠨ ᠲᠠᠩᠰᠠ ᠶᠢ ᠪᠥᠬᠦ ᠲᠠᠯ᠎ᠠ ᠪᠠᠷ ᠢᠯᠭᠠᠷᠠᠭᠤᠯᠤᠨ᠎ᠠ᠃ ᠳᠠᠩᠰᠠ ᠶᠢ ᠢᠯᠭᠠᠷᠠᠭᠤᠯᠬᠤ ᠶᠠᠪᠤᠴᠠ ᠳᠤ᠂ ᠨᠢᠭᠲᠠᠯᠠᠨ | ᠪᠣᠳᠣᠬᠤ ᠮᠡᠷᠭᠡᠵᠢᠯ ᠤᠨ ᠠᠯᠳᠠᠭ᠎ᠠ ᠠᠴᠠ ᠪᠣᠯᠤᠭᠰᠠᠨ ᠪᠤᠷᠤᠭᠤ ᠳᠠᠩᠰᠠ ᠶᠢ ᠨᠢᠭᠲᠠᠯᠠᠨ ᠪᠣᠳᠣᠬᠤ ᠠᠯᠳᠠᠭ᠎ᠠ ᠳᠤ ᠲᠣᠬᠢᠷᠠᠭᠤᠯᠤᠯᠲᠠ ᠬᠢᠬᠦ ᠬᠠᠮᠢᠶ᠎ᠠ ᠪᠦᠬᠦᠢ | ᠲᠣᠭᠲᠠᠭᠠᠯ ᠢᠶᠠᠷ ᠬᠤᠯᠪᠣᠭᠳᠠᠯ ᠪᠦᠬᠦᠢ ᠳᠠᠩᠰᠠᠨ ᠳᠤ ᠥᠪᠡᠷᠲᠡᠭᠡᠨ ᠲᠣᠬᠢᠷᠠᠭᠤᠯᠤᠯᠲᠠ ᠬᠢᠨ᠎ᠡ᠃ | ︵ᠭᠤᠷᠪᠠ︶ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠨ᠎ᠠ᠃ ᠡᠯ᠎ᠡ ᠨᠢᠭᠡᠴᠢ ᠡᠯ᠎ᠡ ᠵᠦᠢᠯ ᠤᠨ ᠲᠣᠭᠲᠠᠮᠠᠯ ᠬᠥᠷᠥᠩᠭᠡ ᠶᠢ ᠪᠦ᠋ᠬᠦ ᠲᠠᠯ᠎ᠠ ᠪᠠᠷ | ᠢᠯᠭᠠᠷᠠᠭᠤᠯᠤᠨ ᠪᠠᠶᠢᠴᠠᠭᠠᠵᠤ᠂ ᠬᠠᠷᠭᠤᠭᠤᠯᠵᠤ ᠲᠣᠳᠣᠯᠠᠨ᠎ᠠ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠪᠠᠷ ᠳᠠᠮᠵᠢᠭᠤᠯᠤᠨ ︽ᠭᠤᠷᠪᠡ ᠨᠢ | ᠦᠨᠡᠨ ᠪᠣᠳᠠᠲᠠᠢ ᠪᠠᠶᠢᠬᠤ ᠨᠢᠭᠡ ᠨᠢ ᠨᠡᠶᠢᠴᠡᠬᠦ︾ ᠶᠢ ᠪᠡᠶᠡᠯᠡᠭᠦᠯᠦᠨ᠎ᠡ᠂ ᠲᠤᠬᠠᠶᠢᠯᠠᠪᠠᠯ ᠡᠳ᠋ ᠬᠥᠷᠥᠩᠭᠡ ᠶᠢᠨ ᠲᠤᠭ᠎ᠠ ᠬᠡᠮᠵᠢᠶ᠎ᠡ ᠨᠢ ᠦᠨᠡᠨ ᠪᠣᠳᠠᠲᠠᠢ᠂ ᠡᠳ᠋ | ᠬᠥᠷᠥᠩᠭᠡ ᠶᠢᠨ ᠥᠷᠲᠡᠭ ᠨᠢ ᠦᠨᠡᠨ ᠪᠣᠳᠠᠲᠠᠢ᠂ ᠬᠠᠮᠢᠶᠠᠷᠴᠤ ᠬᠡᠷᠡᠭᠯᠡᠭᠰᠡᠨ ᠨᠢᠭᠡᠴᠢ ᠨᠢ ᠦᠨᠡᠨ ᠪᠣᠳᠠᠲᠠᠢ᠂ ᠲᠠᠩᠰᠠ ᠨᠢ ᠪᠣᠳᠠᠲᠤ ᠪᠣᠳᠠᠰ ᠲᠠᠢ ᠪᠠᠨ ᠨᠡᠶᠢᠴᠡᠭᠰᠡᠨ | ᠪᠠᠶᠢᠬᠤ᠃ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠠᠪᠤᠴᠠ ᠳᠤ ᠪᠣᠳᠠᠲᠤ ᠪᠣᠳᠠᠰ ᠢ ᠲᠣᠭᠠᠯᠠᠨ ᠪᠦᠷᠢᠳᠬᠡᠬᠦ ᠪᠠ ᠲᠡᠩᠰᠠ ᠶᠢ ᠬᠢᠨᠠᠨ | ᠬᠠᠷᠭᠤᠭᠤᠯᠬᠤ ᠶᠢ ᠤᠶᠠᠯᠳᠤᠭᠤᠯᠵᠤ᠂ ᠲᠣᠭᠲᠠᠮᠠᠯ ᠬᠥᠷᠥᠩᠭᠡ ᠶᠢ ᠪᠦᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠨ᠎ᠠ᠃ | ⒈ ᠦᠨᠳᠦᠰᠦᠨ ᠪᠠᠶᠢᠳᠠᠯ ᠢ ᠬᠢᠨᠠᠨ ᠬᠠᠷᠭᠤᠭᠤᠯᠤᠨ᠎ᠠ᠃ ᠭᠤᠣᠯᠳᠠᠭᠤ ᠲᠣᠰ ᠨᠢᠭᠡᠴᠢ ᠶᠢᠨ ᠪᠥᠬᠦ ᠨᠡᠷᠡᠶᠢᠳᠦᠯ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢᠨ ᠣᠷᠣᠯᠠᠬᠤ ᠨᠣᠮᠧᠷ᠂ ᠨᠢᠭᠡᠴᠢ ᠶᠢᠨ ᠰᠢᠨᠵᠢ ᠴᠢᠨᠠᠷ᠂ ᠬᠠᠷᠢᠶᠠᠯᠠᠭᠳᠠᠬᠤ ᠬᠠᠷᠢᠴᠠᠭ᠎ᠠ᠂ ᠠᠵᠢᠯᠲᠠᠨ ᠤ ᠣᠷᠣᠨ ᠲᠤᠭ᠎ᠠ᠂ ᠠᠵᠢᠯᠲᠠᠨ ᠤ ᠲᠤᠭ᠎ᠠ | ᠵᠢᠴᠢ ᠠᠵᠢᠯᠲᠠᠨ ᠤ ᠪᠦᠲᠦᠴᠡ ᠵᠡᠷᠭᠡ ᠦᠨᠳᠦᠰᠦᠨ ᠪᠠᠶᠢᠳᠠᠯ ᠢ ᠬᠢᠨᠠᠨ ᠬᠠᠷᠭᠤᠭᠤᠯᠤᠨ᠎ᠠ᠃ | ⒉ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠨ᠎ᠠ᠃ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠪᠣᠯᠣᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠳᠤ ᠣᠷᠣᠰᠢᠵᠤ ᠪᠠᠶᠢᠭ᠎ᠠ ᠵᠥᠷᠢᠶ᠎ᠡ ᠶᠢ ᠬᠠᠷᠭᠤᠭᠤᠯᠬᠤ ᠶᠢᠨ ᠬᠠᠮᠲᠤ ᠰᠢᠯᠲᠠᠭᠠᠨ ᠢ ᠨᠢ ᠡᠷᠢᠵᠦ ᠵᠠᠳᠠᠯᠤᠨ᠂ | ᠲᠠᠩᠰᠠ ᠪᠠ ᠲᠠᠩᠰᠠ ᠨᠢ ᠨᠡᠶᠢᠴᠡᠭᠰᠡᠨ ᠪᠠᠶᠢᠬᠤ ᠶᠢ ᠪᠡᠶᠡᠯᠡᠭᠦᠯᠦᠨ᠎ᠡ︔ ︽ᠵᠠᠰᠠᠭ ᠤᠨ ᠣᠷᠳᠣᠨ ᠤ ᠨᠢᠭᠲᠠᠯᠠᠨ ᠪᠤᠳᠤᠬᠤ ᠪᠠᠷᠢᠮᠵᠢᠶ᠎ᠠ ᠶᠢᠨ ᠳᠦᠷᠢᠮ︾ ᠤᠨ | ᠱᠠᠭᠠᠷᠳᠠᠯᠭ᠎ᠠ ᠶᠣᠰᠣᠭᠠᠷ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠤᠳᠤᠬᠤ ᠳᠤ ᠡᠯᠡᠭᠳᠡᠯ ᠢ ᠨᠥᠬᠦᠨ ᠠᠪᠴᠤ᠂ ᠨᠥᠬᠦᠬᠦ ᠶᠣᠰᠣᠲᠠᠢ ᠶᠢ ᠨᠢ ᠪᠦᠬᠦᠨ ᠢ ᠨᠢ | ᠨᠥᠬᠦᠨ᠎ᠡ︔ ᠡᠯ᠎ᠡ ᠲᠥᠷᠥᠯ ᠤᠨ ᠡᠳ᠋ ᠬᠥᠷᠥᠩᠭᠡ ᠶᠢ ᠪᠥᠬᠦ ᠲᠠᠯ᠎ᠠ ᠪᠠᠷ ᠲᠣᠭᠠᠯᠠᠨ ᠪᠦᠷᠢᠳᠬᠡᠬᠦ ᠶᠢᠨ ᠬᠠᠮᠲᠤ᠂ ᠡᠯ᠎ᠡ ᠨᠢᠭᠡᠴᠢ ᠶᠢ ᠵᠢᠯᠣᠭᠤᠳᠤᠨ ᠲᠣᠭᠲᠠᠮᠠᠯ | ᠬᠥᠷᠥᠩᠭᠡ ᠶᠢᠨ ᠵᠢᠷᠤᠭᠠᠰᠤᠨ ᠺᠣᠳ᠋ ︵ᠪᠤᠶᠤ ᠬᠤᠶᠠᠷ ᠬᠡᠮᠵᠢᠯᠲᠦ ᠺᠣᠳ᠋︶ ᠢ ᠨᠠᠭᠠᠵᠤ᠂ ᠲᠣᠭᠲᠠᠮᠠᠯ ᠬᠥᠷᠥᠩᠭᠡ ᠶᠢᠨ ᠣᠯᠵᠠᠪᠤᠷᠢ ᠠᠯᠳᠠᠭᠳᠠᠯ ᠤᠨ ᠪᠠᠶᠢᠳᠠᠯ ᠢ | ᠢᠯᠭᠠᠷᠠᠭᠤᠯᠤᠨ᠂ ᠲᠠᠩᠰᠠ ᠪᠠ ᠪᠣᠳᠠᠲᠤ ᠪᠣᠳᠠᠰ ᠨᠢ ᠨᠡᠶᠢᠴᠡᠬᠦ ᠶᠢ ᠪᠠᠲᠤᠯᠠᠨ᠎ᠠ︔ ᠣᠨᠴᠠᠭᠠᠶ ᠪᠤᠶᠤ ᠢᠯᠭᠠᠷᠠᠭᠤᠯᠤᠨ ᠪᠠᠶᠢᠴᠠᠭᠠᠬᠤ ᠳᠤ ᠨᠡᠯᠢᠶᠡᠳ ᠬᠦᠴᠢᠷᠲᠡᠢ | ᠲᠣᠭᠲᠠᠮᠠᠯ ᠬᠥᠷᠥᠩᠭᠡ ᠶᠢ ᠡᠯ᠎ᠡ ᠨᠢᠭᠡᠴᠢ ᠲᠠᠢ ᠴᠠᠭ ᠲᠤᠬᠠᠢ ᠳᠤᠨᠢ ᠬᠠᠷᠢᠯᠴᠠᠵᠤ ᠪᠠᠶᠢᠭᠠᠳ ᠢᠯᠭᠠᠷᠠᠭᠤᠯᠤᠨ ᠪᠠᠶᠢᠴᠠᠭᠠᠬᠤ ᠠᠷᠭ᠎ᠠ ᠪᠠᠷᠢᠯ ᠳᠤ ᠲᠣᠬᠢᠷᠠᠭᠤᠯᠤᠯᠲᠠ | ᠬᠢᠵᠤ᠂ ᠲᠣᠭᠲᠠᠮᠠᠯ ᠬᠥᠷᠥᠩᠭᠡ ᠵᠢᠴᠢ ᠡᠳ᠋ ᠬᠥᠷᠥᠩᠭᠡ ᠶᠢᠨ ᠣᠯᠵᠠᠪᠤᠷᠢ ᠠᠯᠳᠠᠭᠳᠠᠯ ᠢᠶᠠᠨ ᠮᠡᠳᠡᠭᠦᠯᠬᠦ ᠦᠭᠡᠢ ᠨᠢᠭᠤᠭᠰᠠᠨ᠂ ᠣᠷᠬᠢᠭᠳᠠᠭᠤᠯᠤᠭᠰᠠᠨ ᠪᠠᠶᠢᠳᠠᠯ ᠢ | ᠬᠢᠨᠠᠵᠤ ᠬᠠᠷᠭᠤᠭᠤᠯᠤᠨ᠂ ᠲᠣᠭᠲᠠᠮᠠᠯ ᠬᠥᠷᠥᠩᠭᠡ ᠨᠢᠭᠡᠪᠦᠷᠢ ᠶᠢ ᠨᠢᠭᠡ ᠨᠢᠭᠡ ᠪᠠᠷ ᠬᠢᠨᠠᠬᠤ ᠶᠢ ᠪᠡᠶᠡᠯᠡᠭᠦᠯᠦᠨ᠎ᠡ᠃ | ⒊ᠡᠳ᠋ ᠬᠥᠷᠥᠩᠭᠡ ᠶᠢᠨ ᠣᠯᠵᠠᠪᠤᠷᠢ ᠬᠤᠷᠣᠭᠳᠠᠯ ᠢ ᠰᠢᠯᠭᠠᠨ ᠭᠡᠷᠡᠴᠢᠯᠡᠨ᠎ᠡ᠃ ᠭᠤᠣᠯᠳᠠᠭᠤ ᠡᠯ᠎ᠡ ᠨᠢᠭᠡᠴᠢ ᠶᠢᠨ ᠢᠯᠭᠠᠷᠠᠭᠤᠯᠤᠨ ᠪᠠᠶᠢᠴᠠᠭᠠᠵᠤ ᠭᠠᠷᠭᠠᠭᠰᠠᠨ | ᠲᠣᠭᠲᠠᠮᠠᠯ ᠬᠥᠷᠥᠩᠭᠡ ᠶᠢᠨ ᠪᠦᠷᠢᠳᠬᠡᠭᠰᠡᠨ ᠣᠯᠵᠠᠪᠤᠷᠢ ᠪᠠ ᠠᠯᠳᠠᠭᠳᠠᠯ ᠪᠤᠶᠤ ᠪᠣᠳᠠᠲᠤ ᠬᠥᠷᠥᠩᠭᠡ ᠶᠢ ᠬᠡᠷᠡᠭᠯᠡᠭᠡᠨ ᠠᠴᠠ ᠭᠠᠷᠭᠠᠭᠰᠠᠨ᠂ ᠡᠪᠳᠡᠵᠦ ᠰᠦᠢᠳᠬᠡᠭᠰᠡᠨ | ᠪᠠᠶᠢᠳᠠᠯ ᠢ ᠤᠯᠤᠰ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠲᠥᠷᠥ ᠶᠢᠨ ᠪᠣᠳᠣᠯᠭ᠎ᠠ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠡᠳ᠋ ᠤᠨ | ᠶᠠᠪᠤᠳᠠᠯ ᠤᠨ ᠨᠢᠭᠲᠠᠯᠠᠨ ᠪᠤᠳᠦᠬᠤ ᠳᠦᠷᠢᠮ ᠳᠠᠬᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠣᠰᠣᠭᠠᠷ ᠬᠢᠨᠠᠨ ᠪᠠᠶᠢᠴᠠᠭᠠᠵᠤ᠂ ᠭᠦᠢᠴᠡᠳ ᠪᠠᠶᠢᠴᠠᠭᠠᠵᠤ ᠭᠡᠷᠡᠴᠢ | ᠠᠪᠤᠭᠰᠠᠨ ᠰᠠᠭᠤᠷᠢᠨ ᠳᠡᠭᠡᠷ᠎ᠡ ᠪᠤᠰᠤᠳᠴᠢ ᠵᠠᠳᠠᠯᠤᠯᠲᠠ ᠪᠠ ᠠᠵᠢᠯ ᠮᠡᠷᠭᠡᠵᠢᠯ ᠤᠨ ᠮᠠᠭᠠᠳᠯᠠᠯᠲᠠ ᠬᠢᠵᠦ᠂ ᠰᠢᠯᠭᠠᠨ ᠭᠡᠷᠡᠴᠢᠯᠡᠭᠰᠡᠨ ᠰᠠᠨᠠᠯ ᠭᠠᠷᠭᠠᠨ᠎ᠠ᠃ | ⒋ᠲᠤᠰᠬᠠᠢ ᠬᠢᠨᠠᠨ ᠪᠣᠳᠣᠯᠲᠠ ᠶᠢᠨ ᠮᠡᠳᠡᠭᠦᠯᠦᠯᠲᠡ ᠲᠤᠰᠢᠶᠠᠨ᠎ᠠ᠃ ᠤᠷᠢᠭᠰᠠᠨ ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠨᠢ ᠬᠢᠨᠠᠨ ᠪᠣᠳᠣᠬᠤ ᠠᠵᠢᠯ ᠢᠶᠠᠨ | ᠳᠠᠭᠤᠰᠬᠠᠭᠰᠠᠨ ᠤ ᠳᠠᠷᠠᠭ᠎ᠠ᠂ ᠬᠢᠨᠠᠨ ᠪᠣᠳᠣᠯᠲᠠ ᠬᠢᠯᠭᠡᠭᠰᠡᠨ ᠨᠢᠭᠡᠴᠢ ᠶᠢᠨ ᠦᠨᠳᠦᠰᠦᠨ ᠪᠠᠶᠢᠳᠠᠯ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠬᠢᠨᠠᠨ | ᠪᠣᠳᠣᠯᠲᠠ ᠶᠢᠨ ᠶᠡᠷᠦᠩᠬᠡᠢ ᠪᠠᠶᠢᠳᠠᠯ᠂ ᠲᠣᠭᠲᠠᠮᠠᠯ ᠬᠥᠷᠥᠩᠭᠡ ᠶᠢ ᠪᠦᠷᠢᠳᠬᠡᠭᠰᠡᠨ ᠣᠯᠵᠠᠪᠤᠷᠢ᠂ ᠲᠣᠭᠲᠠᠮᠠᠯ ᠬᠥᠷᠥᠩᠭᠡ ᠶᠢᠨ ᠬᠤᠷᠣᠭᠳᠠᠯ ᠢ ᠢᠯᠭᠠᠷᠠᠭᠤᠯᠤᠨ | ᠪᠠᠶᠢᠴᠠᠭᠠᠭᠰᠠᠨ ᠪᠠᠶᠢᠳᠠᠯ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠬᠢᠨᠠᠨ ᠪᠤᠳᠤᠭᠰᠠᠨ ᠰᠠᠨᠠᠯ᠂ ᠣᠷᠣᠰᠢᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠪᠣᠯᠣᠨ ᠬᠠᠮᠢᠶᠠᠷᠤᠯᠲᠠ ᠪᠠᠨ ᠴᠢᠩᠭᠠᠳᠬᠠᠬᠤ ᠰᠠᠨᠠᠭᠤᠯᠭ᠎ᠠ᠂ ᠬᠢᠨᠠᠨ ᠪᠤᠳᠤᠭᠰᠠᠨ ᠪᠠᠶᠢᠳᠠᠯ ᠤᠨ ᠪᠣᠳᠠᠲᠠᠢ | ᠲᠣᠳᠣᠷᠬᠠᠶᠢᠯᠠᠯᠲᠠ᠂ ᠴᠢᠬᠤᠯᠠ ᠶᠡᠭᠡ ᠵᠦᠢᠯᠡᠰ ᠢ ᠢᠯᠡᠷᠡᠭᠦᠯᠬᠦ ᠪᠤᠶᠤ ᠲᠤᠰᠬᠠᠢ ᠲᠣᠳᠣᠷᠬᠠᠶᠢᠯᠠᠯᠲᠠ ᠵᠡᠷᠭᠡ ᠭᠤᠤᠯ ᠠᠭᠤᠯᠭ᠎ᠠ ᠶᠢ ᠪᠠᠭᠲᠠᠭᠠᠭᠰᠠᠨ ᠲᠤᠰᠬᠠᠢ ᠬᠢᠨᠠᠨ | ᠪᠣᠳᠣᠯᠲᠠ ᠶᠢᠨ ᠮᠡᠳᠡᠭᠦᠯᠦᠯᠲᠡ ᠶᠢ ᠴᠠᠭ ᠳᠠᠷᠤᠢ ᠳᠤᠨᠢ ᠲᠤᠰᠢᠶᠠᠨ᠎ᠠ᠃ | ︵ᠳᠥᠷᠪᠡ︶ ᠳᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠨᠢᠭᠡᠴᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ | ᠡᠳ᠋ ᠬᠥᠷᠥᠩᠭᠡ ᠵᠢᠴᠢ ᠡᠳ᠋ ᠤᠨ ᠶᠠᠪᠤᠳᠠᠯ ᠤᠨ ᠡᠳᠦᠷ ᠲᠤᠲᠤᠮ ᠤᠨ ᠬᠠᠮᠢᠶᠠᠷᠤᠯᠲᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠢᠨᠠᠮᠠᠭᠠᠢ ᠵᠠᠳᠠᠯᠤᠨ᠂ | ᠬᠠᠷᠠᠭᠠᠯᠵᠠᠭᠰᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠳᠣᠲᠣᠭᠠᠳᠤ ᠳᠠᠭᠠᠨ ᠡᠵᠡᠮᠳᠡᠬᠦ ᠳᠦᠷᠢᠮ ᠢ ᠲᠡᠭᠦᠯᠳᠡᠷᠵᠢᠭᠦᠯᠦᠨ᠂ ᠨᠢᠭᠡᠴᠢ ᠶᠢᠨ | ᠳᠣᠲᠣᠭᠠᠳᠤ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ | ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠵᠢᠷᠦᠮᠵᠢᠯᠲᠡ᠂ ᠳᠦᠷᠢᠮᠵᠢᠯᠲᠡ ᠪᠠ ᠮᠡᠳᠡᠭᠡ ᠵᠠᠩᠭᠢᠵᠢᠯᠲᠠ ᠶᠢ ᠪᠡᠶᠡᠯᠡᠭᠦᠯᠦᠨ᠎ᠡ᠃ | ᠭᠤᠷᠪᠠ᠂ ᠰᠠᠭᠤᠷᠢ ᠪᠠᠷᠢᠮᠵᠢᠶᠠᠲᠤ ᠡᠳᠦᠷ᠂ ᠠᠵᠢᠯ ᠤᠨ ᠬᠡᠪᠴᠢᠶ᠎ᠡ ᠪᠠ ᠠᠷᠭ᠎ᠠ ᠮᠠᠶ᠋ᠢᠭ | ︵ᠨᠢᠭᠡ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠰᠠᠭᠤᠷᠢ ᠪᠠᠷᠢᠮᠵᠢᠶᠠᠲᠤ ᠡᠳᠦᠷ᠃ ᠲᠣᠰ ᠤᠳᠠᠭᠠᠨ ᠤ ᠢᠯᠭᠠᠷᠠᠭᠤᠯᠤᠨ | ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠰᠠᠭᠤᠷᠢ ᠪᠠᠷᠢᠮᠵᠢᠶᠠᠲᠤ ᠡᠳᠦᠷ ᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠢᠶᠠᠷ ᠲᠣᠭᠲᠠᠭᠠᠨ᠎ᠠ᠃ | ︵ᠬᠤᠶᠠᠷ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠬᠦᠷᠢᠶ᠎ᠡ ᠬᠡᠪᠴᠢᠶ᠎ᠡ᠃ 2023 ᠣᠨ ᠤ 12 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ ᠬᠤᠰᠢᠭᠤᠨ ᠤ ᠪᠠᠶᠢᠭᠤᠯᠤᠮᠵᠢ ᠣᠷᠣᠨ ᠲᠤᠭ᠎ᠠ ᠶᠢᠨ ᠬᠠᠮᠢᠶᠠᠷᠤᠯᠲᠠ ᠶᠢᠨ ᠪᠠᠶᠢᠭᠤᠯᠭ᠎ᠠ ᠪᠠᠷ ᠵᠥᠪᠰᠢᠶᠡᠷᠡᠭᠦᠯᠦᠨ ᠪᠠᠶᠢᠭᠤᠯᠤᠭᠳᠠᠭᠰᠠᠨ | ᠮᠥᠷᠲᠡᠭᠡᠨ ᠵᠠᠰᠠᠭ ᠤᠨ ᠣᠷᠳᠣᠨ ᠤ ᠨᠢᠭᠲᠠᠯᠠᠨ ᠪᠤᠳᠤᠬᠤ ᠳᠦᠷᠢᠮ ᠢ ᠬᠡᠷᠡᠭᠵᠢᠭᠦᠯᠵᠦ ᠪᠠᠶᠢᠭ᠎ᠠ ᠪᠥᠬᠦ ᠬᠤᠰᠢᠭᠤᠨ ᠤ ᠡᠯ᠎ᠡ ᠨᠢᠭᠡᠴᠢ ︵ᠲᠤᠰᠠᠭᠠᠷ ᠡᠳ᠋ ᠤᠨ | ᠶᠠᠪᠤᠳᠠᠯ ᠤᠨ ᠲᠣᠭᠠᠴᠠᠭ᠎ᠠ ᠬᠢᠬᠦ ᠬᠤᠶᠠᠳᠤᠭᠠᠷ ᠳᠡᠰ ᠤᠨ ᠨᠢᠭᠡᠴᠢ ᠪᠠᠭᠲᠠᠨ᠎ᠠ︶᠃ | ︵ᠭᠤᠷᠪᠠ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ᠃ ᠲᠣᠭᠲᠠᠮᠠᠯ ᠬᠥᠷᠥᠩᠭᠡ ᠶᠢ | ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ ᠡᠯ᠎ᠡ ᠨᠢᠭᠡᠴᠢ ᠶᠢᠨ ᠬᠢᠨ ᠲᠣᠰ ᠨᠢᠭᠡᠴᠢ ᠶᠢᠨ ᠢᠶᠠᠨ ᠪᠣᠶ ᠪᠦᠬᠦᠢ ᠲᠣᠭᠲᠠᠮᠠᠯ ᠬᠥᠷᠥᠩᠭᠡ ᠳᠤ | ᠵᠢᠷᠤᠭᠠᠰᠤᠨ ᠺᠣᠳ᠋ ᠨᠠᠭᠠᠬᠤ ᠵᠢᠴᠢ ᠲᠣᠭᠲᠠᠮᠠᠯ ᠬᠥᠷᠥᠩᠭᠡ ᠶᠢ ᠥᠪᠡᠰᠦᠪᠡᠨ ᠪᠠᠶᠢᠴᠠᠭᠠᠵᠤ ᠲᠣᠭᠠᠯᠠᠨ ᠪᠦᠷᠢᠳᠬᠡᠬᠦ ᠪᠠ ᠡᠳ᠋ ᠤᠨ ᠵᠠᠰᠠᠭ ᠤᠨ ᠲᠣᠪᠴᠢᠶ᠎ᠠ ᠠᠴᠠ | ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠶᠢ ᠤᠷᠢᠵᠤ ᠬᠢᠨᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠤᠨ᠎ᠠ᠃ | ᠳᠥᠷᠪᠡ᠂ ᠠᠵᠢᠯ ᠤᠨ ᠠᠯᠬᠤᠮ ᠳᠠᠷᠠᠭ᠎ᠠ ᠵᠢᠴᠢ ᠴᠠᠭ ᠤᠨ ᠲᠣᠬᠢᠷᠠᠭᠤᠯᠤᠯᠲᠠ | ︵ᠨᠢᠭᠡ︶ ᠲᠠᠶᠢᠴᠢᠯᠠᠨ ᠪᠠᠶᠢᠷᠢᠯᠠᠭᠤᠯᠬᠤ ᠱᠠᠲᠤ ︵2024 ᠣᠨ ᠤ 7 ᠳ᠋ᠤᠭᠠᠷ ᠰᠠᠷ᠎ᠠ ᠶᠢᠨ 5 ᠤ ᠡᠳᠦᠷ ᠠᠴᠠ 2024 ᠣᠨ ᠤ 7 ᠳ᠋ᠤᠭᠠᠷ ᠰᠠᠷ᠎ᠠ ᠶᠢᠨ | 10 ᠤ ᠡᠳᠦᠷ ᠪᠣᠯᠲᠠᠯ᠎ᠠ︶ | ⒈ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ | ᠵᠢᠴᠢ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠣᠣᠷ᠎ᠠ ᠨᠢ ᠲᠣᠭᠲᠠᠮᠠᠯ ᠬᠥᠷᠥᠩᠭᠡ ᠶᠢ | ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠠᠯᠪᠠᠨ ᠭᠡᠷ ︵ᠳᠣᠷᠣᠭᠰᠢ ᠢᠯᠭᠠᠷᠠᠭᠤᠯᠤᠨ ᠪᠠᠶᠢᠴᠠᠭᠠᠬᠤ ᠵᠢᠴᠢ | ᠲᠡᠮᠳᠡᠭᠴᠢᠯᠡᠬᠦ ᠬᠠᠮᠢᠶᠠᠷᠤᠯᠲᠠ ᠶᠢᠨ ᠠᠵᠢᠯ ᠤᠨ ᠠᠯᠪᠠᠨ ᠭᠡᠷ ᠭᠡᠵᠦ ᠲᠣᠪᠴᠢᠯᠠᠨ᠎ᠠ︶ ᠭᠠᠷᠭᠠᠨ᠎ᠠ᠃ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠦᠷᠦᠭᠦᠯᠡᠨ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠡᠯ᠎ᠡ ᠨᠢᠭᠡᠴᠢ ᠠᠵᠢᠯ ᠤᠨ ᠲᠤᠰᠬᠠᠢ ᠠᠩᠭᠢ | ᠪᠠᠶᠢᠭᠤᠯᠤᠨ᠂ ᠪᠣᠳᠠᠲᠠᠢ ᠠᠵᠢᠯ ᠢ ᠠᠬᠢᠭᠤᠯᠵᠤ᠂ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ᠠᠴᠠ ᠪᠥᠬᠦ ᠶᠠᠪᠤᠴᠠ ᠶᠢ ᠵᠢᠭᠠᠨ | ᠵᠢᠯᠦᠭᠤᠳᠴᠤ ᠬᠢᠨᠠᠯᠲᠠ ᠲᠠᠯᠪᠢᠨ᠎ᠠ᠃ | ⒉ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠪᠣᠯᠪᠠᠰᠤᠷᠠᠯ ᠬᠢᠨ᠎ᠡ᠃ ᠲᠠᠶᠢᠴᠢᠯᠠᠨ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠵᠤ᠂ ᠢᠯᠭᠠᠷᠠᠭᠤᠯᠤᠨ | ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ᠠᠴᠠ ᠲᠣᠭᠲᠠᠮᠠᠯ ᠬᠥᠷᠥᠩᠭᠡ ᠶᠢᠨ ᠲᠡᠮᠳᠡᠭᠴᠢᠯᠡᠬᠦ ᠬᠠᠮᠢᠶᠠᠷᠤᠯᠲᠠ ᠶᠢᠨ ᠠᠵᠢᠯ ᠤᠨ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠦᠨ᠂ ᠵᠢᠷᠤᠭᠠᠰᠤᠨ ᠺᠣᠳ᠋ ᠳᠠᠷᠤᠮᠠᠯᠯᠠᠬᠤ ᠮᠠᠰᠢᠨ ᠪᠠ ᠺᠣᠳ᠋ ᠰᠢᠷᠪᠢᠬᠦ ᠲᠥᠬᠦᠭᠡᠷᠦᠮᠵᠢ ᠶᠢ ᠡᠯ᠎ᠡ ᠵᠠᠰᠠᠭ | ᠵᠠᠬᠢᠷᠭ᠎ᠠ ᠠᠵᠢᠯ ᠦᠢᠯᠡᠰ ᠤᠨ ᠨᠢᠭᠡᠴᠢ ᠠᠴᠠ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠥᠪᠡᠰᠦᠪᠡᠨ ᠲᠣᠬᠢᠷᠠᠭᠤᠯᠤᠨ᠎ᠠ᠃ | ︵ᠬᠤᠶᠠᠷ︶ ᠪᠡᠯᠡᠳᠬᠡᠬᠦ ᠱᠠᠲᠤ ︵2024 ᠣᠨ ᠤ 7 ᠳ᠋ᠤᠭᠠᠷ ᠰᠠᠷ᠎ᠠ ᠶᠢᠨ 11 ᠤ ᠡᠳᠦᠷ ᠠᠴᠠ 7 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ︶ | ᠲᠣᠰ ᠲᠥᠰᠥᠯ ᠢ ᠦᠨᠳᠦᠰᠦᠯᠡᠨ᠂ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ | ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠨᠢᠭᠡᠴᠢ ᠶᠢ ᠳᠤᠭᠤᠶᠢᠯᠠᠩ ᠬᠤᠪᠢᠶᠠᠬᠤ ᠵᠢᠴᠢ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ | ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠶᠢ ᠲᠣᠭᠲᠠᠭᠠᠨ᠎ᠠ᠃ | ︵ᠭᠤᠷᠪᠠ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ ᠥᠪᠡᠰᠦᠪᠡᠨ ᠪᠠᠶᠢᠴᠠᠭᠠᠬᠤ ᠱᠠᠲᠤ ︵2024 ᠣᠨ ᠤ 7 ᠳ᠋ᠤᠭᠠᠷ ᠰᠠᠷ᠎ᠠ ᠶᠢᠨ | 16 ᠤ ᠡᠳᠦᠷ ᠠᠴᠠ 8 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ︶ | ᠡᠯ᠎ᠡ ᠨᠢᠭᠡᠴᠢ ᠠᠵᠢᠯ ᠤᠨ ᠲᠤᠰᠬᠠᠢ ᠠᠩᠭᠢ ᠪᠠᠶᠢᠭᠤᠯᠵᠤ᠂ ᠲᠣᠰ ᠨᠢᠭᠡᠴᠢ ᠶᠢᠨ ᠢᠶᠠᠨ ᠪᠣᠳᠠᠲᠠᠢ ᠲᠠᠢ ᠤᠶᠠᠯᠳᠤᠭᠤᠯᠤᠨ᠂ ᠬᠡᠷᠡᠭᠵᠢᠭᠦᠯᠬᠦ ᠲᠥᠰᠥᠯ | ᠲᠣᠭᠲᠠᠭᠠᠵᠤ᠂ ᠲᠣᠭᠲᠠᠮᠠᠯ ᠬᠥᠷᠥᠩᠭᠡ ᠳᠤ ᠬᠤᠶᠠᠷ ᠬᠡᠮᠵᠢᠯᠲᠦ ᠺᠣᠳ᠋ ᠨᠠᠭᠠᠬᠤ᠂ ᠲᠣᠭᠠᠯᠠᠨ ᠪᠦᠷᠢᠳᠬᠡᠬᠦ᠂ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠲᠣᠭᠲᠠᠮᠠᠯ ᠬᠥᠷᠥᠩᠭᠡ ᠶᠢᠨ ᠡᠳ᠋ ᠤᠨ ᠶᠠᠪᠤᠳᠠᠯ ᠤᠨ ᠳᠠᠩᠰᠠ ᠪᠣᠯᠣᠨ ᠲᠣᠭᠲᠠᠮᠠᠯ ᠬᠥᠷᠥᠩᠭᠡ ᠶᠢᠨ ᠡᠬᠡ ᠳᠠᠩᠰᠠᠨ ᠳᠤ ᠲᠦᠰᠢᠭᠯᠡᠨ᠂ ᠲᠤᠰ ᠨᠢᠭᠡᠴᠢ ᠶᠢᠨ ᠢᠶᠠᠨ ᠡᠳ᠋ | ᠬᠥᠷᠥᠩᠭᠡ ᠶᠢᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠷᠬᠠᠶᠢᠯᠠᠵᠤ᠂ ᠬᠡᠷᠡᠭᠯᠡᠵᠦ ᠪᠠᠶᠢᠭ᠎ᠠ᠂ ᠲᠦᠷᠢᠶᠡᠰᠦᠯᠡᠭᠦᠯᠵᠦ ᠪᠠᠶᠢᠭ᠎ᠠ᠂ ᠵᠢᠭᠡᠯᠡᠭᠦᠯᠵᠦ ᠪᠠᠶᠢᠭ᠎ᠠ᠂ | ᠪᠦᠷᠢᠳᠬᠡᠭᠰᠡᠨ ᠣᠯᠵᠠᠪᠤᠷᠢ᠂ ᠪᠦᠷᠢᠳᠬᠡᠭᠰᠡᠨ ᠠᠯᠳᠠᠭᠳᠠᠯ᠂ ᠬᠡᠷᠡᠭᠯᠡᠭᠡᠨ ᠠᠴᠠ ᠭᠠᠷᠭᠠᠬᠤ᠂ ᠰᠤᠯᠠ ᠲᠠᠯᠪᠢᠵᠤ ᠪᠠᠶᠢᠭ᠎ᠠ ᠪᠠᠶᠢᠳᠠᠯ ᠢ ᠲᠥᠷᠥᠯ ᠬᠤᠪᠢᠶᠠᠨ ᠡᠳ᠋ | ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠡᠬᠡ ᠲᠠᠩᠰᠠ ᠶᠢ ᠨᠠᠷᠢᠨ ᠲᠡᠮᠳᠡᠭᠯᠡᠵᠦ᠂ ᠪᠦᠷᠢᠳᠬᠡᠭᠰᠡᠨ ᠣᠯᠵᠠᠪᠤᠷᠢ ᠶᠢᠨ ᠡᠳ᠋ ᠬᠥᠷᠥᠩᠭᠡ ᠶᠢ ᠨᠢᠭᠲᠠᠯᠠᠨ ᠪᠤᠳᠤᠬᠤ | ᠳᠦᠷᠢᠮ ᠳᠤ ᠲᠣᠭᠲᠠᠭᠠᠭᠰᠠᠨ ᠠᠷᠭ᠎ᠠ ᠪᠠᠷ ᠴᠠᠭ ᠲᠤᠬᠠᠢ ᠳᠤᠨᠢ ᠳᠡᠩᠰᠡᠯᠡᠨ ᠲᠡᠮᠳᠡᠭᠯᠡᠵᠦ᠂ ᠪᠦᠷᠢᠳᠬᠡᠭᠰᠡᠨ ᠠᠯᠳᠠᠭᠳᠠᠯ ᠪᠠ ᠬᠡᠷᠡᠭᠯᠡᠭᠡᠨ ᠠᠴᠠ ᠭᠠᠷᠭᠠᠭᠰᠠᠨ ᠡᠳ᠋ | ᠬᠥᠷᠥᠩᠭᠡ ᠶᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠬᠢᠨᠠᠨ | ᠪᠠᠶᠢᠴᠠᠭᠠᠯᠭᠠᠭᠰᠠᠨ ᠤ ᠳᠠᠷᠠᠭ᠎ᠠ ᠡᠳ᠋ ᠬᠥᠷᠥᠩᠭᠡ ᠶᠢ ᠰᠢᠢᠳᠪᠦᠷᠢᠯᠡᠬᠦ ᠲᠣᠭᠲᠠᠭᠰᠠᠨ ᠲᠠᠰ ᠳᠠᠷᠠᠭᠠᠯᠠᠯ ᠢᠶᠠᠷ ᠲᠥᠷᠥᠯ ᠬᠤᠪᠢᠶᠠᠨ ᠰᠢᠢᠳᠪᠦᠷᠢᠯᠡᠨ᠎ᠡ︔ | ᠥᠩᠭᠡᠷᠡᠭᠰᠡᠨ ᠳᠤ ᠲᠣᠭᠲᠠᠮᠠᠯ ᠬᠥᠷᠥᠩᠭᠡ ᠶᠢ ᠪᠥᠭᠡᠮ ᠢᠶᠠᠷ ᠬᠤᠳᠠᠯᠳᠤᠨ ᠠᠪᠴᠤ ᠳᠠᠩᠰᠠᠯᠠᠭᠰᠠᠨ ᠲᠣᠭᠲᠠᠮᠠᠯ ᠬᠥᠷᠥᠩᠭᠡ ᠶᠢᠨ ᠺᠠᠷᠲ ᠤᠨ ᠲᠡᠩᠰᠠ ᠶᠢ ᠰᠠᠯᠭᠠᠨ | ᠳᠠᠩᠰᠠᠯᠠᠵᠤ᠂ ᠨᠢᠭᠡ ᠪᠣᠳᠠᠰ ᠲᠤ ᠨᠢᠭᠡ ᠺᠠᠷᠲ᠂ ᠨᠢᠭᠡ ᠪᠣᠳᠠᠰ ᠲᠤ ᠨᠢᠭᠡ ᠺᠣᠳ᠋ ᠨᠠᠭᠠᠵᠤ ᠬᠠᠮᠢᠶᠠᠷᠤᠨ᠎ᠠ︔ ᠬᠤᠶᠠᠷ ᠬᠡᠮᠵᠢᠯᠲᠦ ᠺᠣᠳ᠋ ᠢ ᠨᠠᠭᠠᠭᠰᠠᠨ ᠤ ᠳᠠᠷᠠᠭ᠎ᠠ᠂ | ᠬᠤᠶᠠᠷ ᠬᠡᠮᠵᠢᠯᠲᠦ ᠺᠣᠳ᠋ ᠨᠠᠭᠠᠭᠰᠠᠨ ᠡᠳ᠋ ᠬᠥᠷᠥᠩᠭᠡ ᠶᠢᠨ ᠺᠣᠳ᠋ ᠢ ᠴᠠᠭ ᠲᠤᠬᠠᠢ ᠳᠤᠨᠢ ᠰᠢᠷᠪᠢᠵᠦ ᠲᠣᠭᠠᠯᠠᠨ ᠪᠦᠷᠢᠳᠬᠡᠵᠦ᠂ ᠲᠣᠰ ᠨᠢᠭᠡᠴᠢ ᠶᠢᠨ ᠲᠣᠭᠲᠠᠮᠠᠯ | ᠬᠥᠷᠥᠩᠭᠡ ᠶᠢ ᠪᠦᠭᠦᠳᠡ ᠶᠢ ᠲᠡᠮᠳᠡᠭᠴᠢᠯᠡᠨᠡ᠃ | ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠭᠰᠠᠨ ᠮᠡᠳᠡᠭᠦᠯᠦᠯᠲᠡ ᠶᠢᠨ ᠬᠦᠰᠦᠨᠦᠭᠲᠦ ᠶᠢ ᠦᠨᠡᠨ ᠮᠥᠨ ᠢᠶᠠᠷ ᠲᠠᠭᠯᠠᠨ | ᠮᠡᠳᠡᠭᠦᠯᠵᠦ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠭᠰᠠᠨ ᠠᠵᠢᠯ ᠤᠨ ᠮᠡᠳᠡᠭᠦᠯᠦᠯᠲᠡ ᠪᠢᠴᠢᠨ᠎ᠡ᠃ ᠮᠡᠳᠡᠭᠦᠯᠦᠯᠲᠡ ᠳᠤ | ᠭᠤᠣᠯᠳᠠᠭᠤ ᠲᠣᠰ ᠨᠢᠭᠡᠴᠢ ᠶᠢᠨ ᠦᠨᠳᠦᠰᠦᠨ ᠪᠠᠶᠢᠳᠠᠯ ᠪᠠ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠬᠤ ᠠᠵᠢᠯ ᠤᠨ | ᠶᠡᠷᠦᠩᠬᠡᠢ ᠪᠠᠶᠢᠳᠠᠯ᠂ ᠠᠵᠢᠯ ᠤᠨ ᠦᠷ᠎ᠡ ᠳ᠋ᠦᠩ ᠢ ᠲᠤᠰᠬᠠᠨ᠎ᠠ᠂ ᠡᠭᠦᠨ ᠳᠤ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠰᠠᠭᠤᠷᠢ | ᠪᠠᠷᠢᠮᠵᠢᠶᠠᠲᠤ ᠡᠳᠦᠷ᠂ ᠬᠡᠪᠴᠢᠶ᠎ᠡ᠂ ᠠᠭᠤᠯᠭ᠎ᠠ᠂ ᠦᠷ᠎ᠡ ᠳ᠋ᠦᠩ᠂ ᠰᠠᠭᠤᠷᠢ ᠪᠠᠷᠢᠮᠵᠢᠶᠠᠲᠤ ᠡᠳᠦᠷ ᠤᠨ ᠲᠣᠭᠲᠠᠮᠠᠯ ᠬᠥᠷᠥᠩᠭᠡ ᠶᠢᠨ ᠡᠳ᠋ ᠤᠨ ᠶᠠᠪᠤᠳᠠᠯ ᠤᠨ ᠪᠠᠶᠢᠳᠠᠯ | ᠵᠢᠴᠢ ᠲᠡᠮᠳᠡᠭᠴᠢᠯᠡᠬᠦ ᠠᠵᠢᠯ ᠢ ᠪᠡᠶᠡᠯᠡᠭᠦᠯᠦᠭᠰᠡᠨ ᠪᠠᠶᠢᠳᠠᠯ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠬᠤ ᠠᠵᠢᠯ ᠤᠨ | ᠳᠤᠮᠳᠠ ᠢᠯᠡᠷᠡᠭᠦᠯᠦᠭᠰᠡᠨ ᠠᠰᠠᠭᠤᠳᠠᠯ ᠵᠢᠴᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠭᠲᠠᠨ᠎ᠠ᠃ ᠡᠯ᠎ᠡ ᠪᠠᠶᠢᠭᠤᠯᠭ᠎ᠠ ᠨᠢᠭᠡᠴᠢ 2024 ᠣᠨ ᠤ 8 ᠳ᠋ᠤᠭᠠᠷ | ᠰᠠᠷ᠎ᠠ ᠶᠢᠨ 15 ᠤ ᠡᠳᠦᠷ ᠠᠴᠠ ᠡᠮᠦᠨ᠎ᠡ ᠭᠤᠣᠯᠯᠠᠨ ᠬᠠᠮᠢᠶᠠᠷᠬᠤ ᠪᠠᠶᠢᠭᠤᠯᠭ᠎ᠠ ᠪᠠᠷ ᠬᠢᠨᠠᠨ ᠬᠠᠷᠭᠤᠭᠤᠯᠤᠯᠲᠠ ᠬᠢᠯᠭᠡᠭᠰᠡᠨ ᠤ ᠳᠠᠷᠠᠭ᠎ᠠ ᠲᠣᠰ ᠪᠠᠶᠢᠭᠤᠯᠭ᠎ᠠ ᠨᠢᠭᠡᠴᠢ | ᠵᠢᠴᠢ ᠬᠤᠶᠠᠳᠤᠭᠠᠷ ᠳᠡᠰ ᠤᠨ ᠪᠠᠶᠢᠭᠤᠯᠭ᠎ᠠ ᠨᠢᠭᠡᠴᠢ ᠶᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ᠂ | ᠮᠡᠳᠡᠭᠦᠯᠬᠦ ᠬᠦᠰᠦᠨᠦᠭᠲᠦ ︵ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ︶ ᠶᠢ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ︵ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 512 ᠠᠯᠪᠠᠨ ᠭᠡᠷ︶ ᠲᠤ ᠨᠢᠭᠡᠳᠦᠯᠲᠡᠢ ᠮᠡᠳᠡᠭᠦᠯᠦᠨ ᠬᠦᠷᠭᠡᠨ᠎ᠡ᠃ | ︵ᠳᠥᠷᠪᠡ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ ᠬᠠᠷᠭᠤᠭᠤᠯᠤᠨ ᠪᠠᠶᠢᠴᠠᠭᠠᠬᠤ ᠱᠠᠲᠤ ︵2024 ᠣᠨ ᠤ 8 ᠳ᠋ᠤᠭᠠᠷ | ᠰᠠᠷ᠎ᠠ ᠶᠢᠨ 16 ᠤ ᠡᠳᠦᠷ ᠠᠴᠠ 11 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ︶ | ⒈ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠥᠷᠦᠭᠦᠯᠡᠨ ᠬᠢᠵᠤ᠂ ᠭᠤᠷᠪᠠᠳᠡᠬᠢ ᠲᠠᠯ᠎ᠠ ᠶᠢᠨ ᠪᠠᠶᠢᠭᠤᠯᠤᠮᠵᠢ ᠶᠢ ᠤᠷᠢᠵᠤ ᠳᠤᠭᠤᠶᠢᠯᠠᠩ ᠬᠤᠪᠢᠶᠠᠨ | ᠡᠯ᠎ᠡ ᠨᠢᠭᠡᠴᠢ ᠶᠢᠨ ᠲᠣᠭᠲᠠᠮᠠᠯ ᠬᠥᠷᠥᠩᠭᠡ ᠶᠢ ᠲᠡᠮᠳᠡᠭᠴᠢᠯᠡᠬᠦ ᠠᠵᠢᠯ ᠵᠢᠴᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠭᠰᠠᠨ ᠪᠠᠶᠢᠳᠠᠯ ᠢ ᠬᠠᠷᠭᠤᠭᠤᠯᠤᠨ | ᠪᠠᠶᠢᠴᠠᠭᠠᠯᠭᠠᠨ᠎ᠠ᠃ | ⒉ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠨᠢ ᠡᠯ᠎ᠡ ᠨᠢᠭᠡᠴᠢ ᠶᠢᠨ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠥᠪᠡᠷᠲᠡᠭᠡᠨ ᠪᠠᠶᠢᠴᠠᠭᠠᠭᠰᠠᠨ | ᠪᠠᠶᠢᠳᠠᠯ ᠢ ᠦᠨᠳᠦᠰᠦᠯᠡᠨ᠂ ᠲᠣᠭᠲᠠᠮᠠᠯ ᠬᠥᠷᠥᠩᠭᠡ ᠶᠢ ᠲᠥᠷᠥᠯ ᠬᠤᠪᠢᠶᠠᠨ ᠢᠯᠭᠠᠷᠠᠭᠤᠯᠤᠨ ᠪᠠᠶᠢᠴᠠᠭᠠᠵᠤ ᠬᠢᠨᠠᠨ ᠬᠠᠷᠭᠤᠭᠤᠯᠵᠤ ᠬᠤᠷᠢᠶᠠᠩᠭᠤᠶᠢᠯᠠᠨ᠎ᠠ᠃ | ⒊ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠨᠢ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠲᠤᠰᠬᠠᠢ ᠬᠢᠨᠠᠨ ᠪᠣᠳᠣᠯᠲᠠ ᠶᠢᠨ ᠮᠡᠳᠡᠭᠦᠯᠦᠯᠲᠡ᠂ | ᠰᠢᠯᠭᠠᠨ ᠭᠡᠷᠡᠴᠢᠯᠡᠭᠰᠡᠨ ᠮᠡᠳᠡᠭᠦᠯᠦᠯᠲᠡ ᠶᠢ ᠲᠤᠰᠢᠶᠠᠨ᠎ᠠ᠃ | ︵ᠲᠠᠪᠤ︶ ᠳ᠋ᠦᠩᠨᠡᠨ ᠬᠤᠷᠢᠶᠠᠩᠭᠤᠶᠢᠯᠠᠵᠤ ᠴᠡᠭᠴᠡᠯᠡᠨ ᠰᠠᠶᠢᠵᠢᠷᠠᠭᠤᠯᠬᠤ ᠱᠠᠲᠤ ︵2024 ᠣᠨ ᠤ 12 ᠳ᠋ᠤᠭᠠᠷ ᠰᠠᠷ᠎ᠠ ᠪᠣᠯᠲᠠᠯ᠎ᠠ︶ | ⒈ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ᠠᠴᠠ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ | ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠤᠨ᠎ᠠ᠃ ᠪᠥᠬᠦ ᠬᠤᠰᠢᠭᠤᠨ ᠤ | ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠳ᠋ᠦᠩᠨᠡᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠬᠠᠮᠢᠶ᠎ᠠ ᠪᠦᠬᠦᠢ ᠪᠠᠶᠢᠳᠠᠯ ᠢ | ᠮᠡᠳᠡᠭᠦᠯᠦᠨ᠂ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠠᠮ ᠵᠢᠷᠤᠮᠵᠢᠭᠤᠯᠬᠤ ᠳᠤ | ᠰᠠᠶᠢᠵᠢᠷᠠᠭᠤᠯᠬᠤ ᠠᠷᠭ᠎ᠠ ᠪᠠᠷᠢᠯ ᠳᠤᠷᠠᠳᠤᠨ᠎ᠠ᠃ | ⒉ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ᠬᠠᠮᠢᠶ᠎ᠠ ᠪᠦᠬᠦᠢ ᠲᠣᠭᠲᠠᠭᠠᠯ ᠪᠠ ᠲᠣᠭᠲᠠᠮᠠᠯ ᠬᠥᠷᠥᠩᠭᠡ ᠶᠢ | ᠢᠯᠭᠠᠷᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ᠂ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠡᠯ᠎ᠡ ᠵᠦᠢᠯ ᠤᠨ ᠳᠦᠷᠢᠮ ᠵᠢᠴᠢ ᠠᠷᠭ᠎ᠠ ᠶᠢ ᠰᠤᠳᠤᠯᠤᠨ ᠲᠡᠭᠦᠯᠳᠡᠷᠵᠢᠭᠦᠯᠦᠨ᠎ᠡ᠃ | ⒊ᠡᠯ᠎ᠡ ᠨᠢᠭᠡᠴᠢ ᠥᠪᠡᠷ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠳᠣᠲᠣᠭᠠᠳᠤ ᠳᠠᠭᠠᠨ ᠡᠵᠡᠮᠳᠡᠬᠦ ᠳᠦᠷᠢᠮ ᠢᠶᠠᠨ ᠲᠡᠭᠦᠯᠳᠡᠷᠵᠢᠭᠦᠯᠵᠦ᠂ | ᠨᠢᠭᠡᠴᠢ ᠶᠢᠨ ᠳᠣᠲᠣᠭᠠᠳᠤ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠪᠠᠶᠢᠴᠠᠭᠠᠨ | ᠲᠣᠳᠣᠷᠬᠠᠶᠢᠯᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠵᠦ | ᠳᠠᠩᠰᠠᠯᠠᠭᠤᠯᠤᠭᠰᠠᠨ ᠤ ᠳᠠᠷᠠᠭ᠎ᠠ᠂ ᠭᠠᠷ ᠭᠦᠢᠴᠡᠳᠬᠡᠯ ᠢ ᠲᠡᠭᠦᠯᠳᠡᠷᠵᠢᠭᠦᠯᠬᠦ᠂ ᠰᠢᠯᠵᠢᠭᠦᠯᠦᠨ ᠬᠡᠷᠡᠭᠯᠡᠬᠦ᠂ ᠡᠳ᠋ ᠬᠥᠷᠥᠩᠭᠡ ᠶᠢᠨ ᠳᠠᠩᠰᠠᠨ ᠳᠤ ᠲᠣᠬᠢᠷᠠᠭᠤᠯᠤᠯᠲᠠ | ᠬᠢᠬᠦ᠂ ᠡᠳ᠋ ᠬᠥᠷᠥᠩᠭᠡ ᠶᠢ ᠬᠠᠷᠭᠤᠭᠤᠯᠤᠨ ᠲᠠᠩᠰᠠᠨ ᠠᠴᠠ ᠭᠠᠷᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠬᠢᠭᠡᠳ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠤᠭᠤᠷᠣᠨᠳᠣᠬᠢ ᠲᠠᠩᠰᠠ ᠪᠠ ᠲᠠᠩᠰᠠ ᠶᠢ ᠨᠡᠶᠢᠴᠡᠭᠦᠯᠬᠦ᠂ ᠡᠳ᠋ ᠬᠥᠷᠥᠩᠭᠡ ᠶᠢᠨ ᠲᠠᠩᠰᠠ ᠬᠢᠭᠡᠳ ᠪᠣᠳᠠᠲᠤ | ᠪᠣᠳᠠᠰ ᠤᠨ ᠬᠤᠭᠤᠷᠣᠨᠳᠣᠬᠢ ᠲᠠᠩᠰᠠ ᠪᠠ ᠪᠣᠳᠠᠲᠤ ᠪᠠᠶᠢᠳᠠᠯ ᠢ ᠨᠡᠶᠢᠴᠡᠭᠦᠯᠦᠨ᠎ᠡ᠃ | ᠲᠠᠪᠤ᠂ ᠭᠤᠷᠪᠠᠳᠠᠭᠢ ᠲᠠᠯ᠎ᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ | ︵ᠨᠢᠭᠡ︶ ᠪᠠᠶᠢᠴᠠᠭᠠᠭᠳᠠᠬᠤ ᠨᠢᠭᠡᠴᠢ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ ᠶᠢᠨ ᠬᠠᠮᠲᠤ ᠪᠠᠶᠢᠴᠠᠭᠠᠭᠳᠠᠬᠤ ᠨᠢᠭᠡᠴᠢ ᠶᠢᠨ ᠲᠤᠬᠠᠶᠢᠯᠠᠭᠰᠠᠨ | ᠠᠵᠢᠯ ᠤᠨ ᠯᠠᠪᠯᠠᠯᠭ᠎ᠠ ᠶᠢ ᠬᠦᠯᠢᠶᠡᠨ ᠠᠪᠤᠨ᠎ᠠ᠃ | ︵ᠬᠤᠶᠠᠷ︶ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠥᠯ ᠶᠣᠰᠣᠭᠠᠷ ᠲᠣᠭᠲᠠᠮᠠᠯ ᠬᠥᠷᠥᠩᠭᠡ ᠶᠢ ᠢᠯᠭᠠᠷᠠᠭᠤᠯᠤᠨ | ᠪᠠᠶᠢᠴᠠᠭᠠᠵᠤ ᠬᠢᠨᠠᠨ ᠪᠤᠳᠤᠬᠤ ᠠᠵᠢᠯ ᠢ ᠪᠡᠶᠡᠯᠡᠭᠦᠯᠦᠨ᠎ᠡ᠃ | ︵ᠭᠤᠷᠪᠠ︶ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠠᠪᠤᠴᠠ ᠳᠤ ᠪᠠᠶᠢᠴᠠᠭᠠᠭᠳᠠᠬᠤ ᠨᠢᠭᠡᠴᠢ ᠶᠢᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠢ ᠣᠯᠵᠤ ᠮᠡᠳᠡᠪᠡᠯ᠂ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ | ᠭᠡᠷ ᠲᠤ ᠬᠠᠷᠢᠭᠤ ᠮᠡᠳᠡᠭᠦᠯᠬᠦ ᠶᠢᠨ ᠬᠠᠮᠲᠤ᠂ ᠠᠰᠠᠭᠤᠳᠠᠯ ᠢ ᠰᠢᠢᠳᠪᠦᠷᠢᠯᠡᠬᠦ ᠪᠠ ᠬᠠᠮᠢᠶᠠᠷᠤᠯᠲᠠ ᠶᠢ ᠴᠢᠩᠭᠠᠳᠬᠠᠬᠤ ᠰᠠᠨᠠᠭᠤᠯᠭ᠎ᠠ ᠳᠤᠷᠠᠳᠤᠨ᠎ᠠ᠃ | ︵ᠳᠥᠷᠪᠡ︶ ᠢᠯᠭᠠᠷᠠᠭᠤᠯᠤᠨ ᠪᠠᠶᠢᠴᠠᠭᠠᠭᠰᠠᠨ ᠨᠢᠭᠡᠴᠢ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ᠎ᠠ᠃ | ︵ᠲᠠᠪᠤ︶ ᠬᠢᠨᠠᠨ ᠪᠣᠳᠣᠯᠲᠠ ᠬᠢᠯᠭᠡᠭᠰᠡᠨ ᠨᠢᠭᠡᠴᠢ ᠳᠤ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠭᠰᠠᠨ ᠲᠤᠰᠬᠠᠢ ᠬᠢᠨᠠᠨ ᠪᠣᠳᠣᠯᠲᠠ ᠶᠢᠨ ᠮᠡᠳᠡᠭᠦᠯᠦᠯᠲᠡ᠂ | ᠲᠤᠰᠬᠠᠢ ᠠᠵᠤ ᠠᠬᠤᠢ ᠶᠢᠨ ᠰᠢᠯᠭᠠᠨ ᠭᠡᠷᠡᠴᠢᠯᠡᠭᠰᠡᠨ ᠭᠡᠷᠡᠴᠢ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠴᠠᠭ ᠲᠤᠬᠠᠢ ᠳᠤᠨᠢ ᠲᠤᠰᠢᠶᠠᠨ᠎ᠠ᠃ | ︵ᠵᠢᠷᠭᠤᠭ᠎ᠠ︶ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠠᠯᠪᠠᠨ ᠭᠡᠷ ᠠᠴᠠ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ | ᠪᠡᠶᠡᠯᠡᠭᠦᠯᠦᠨ᠎ᠡ᠃ | ᠵᠢᠷᠭᠤᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠪᠥᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠡᠳ᠋ ᠬᠥᠷᠥᠩᠭᠡ ᠶᠢ | ᠢᠯᠭᠠᠷᠠᠭᠤᠯᠤᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ | ᠵᠢᠴᠢ ᠲᠡᠮᠳᠡᠭᠴᠢᠯᠡᠬᠦ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ | ᠠᠵᠢᠯ ᠢ ᠤᠳᠤᠷᠢᠳᠴᠤ ᠬᠡᠷᠡᠭᠵᠢᠭᠦᠯᠬᠦ ᠶᠢ ᠬᠠᠷᠢᠭᠤᠴᠠᠭᠤᠯᠬᠤ ᠪᠠᠷ ᠲᠣᠭᠲᠠᠪᠠ᠂ ᠪᠣᠳᠠᠲᠠᠢ ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠰᠢᠦᠢ ᠷᠦᠢ ᠹᠧᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ | ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠠᠩ ᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ | ᠭᠤᠸ ᠯᠢ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠲᠣᠪᠴᠢᠶᠠᠨ ᠳᠠᠷᠤᠭ᠎ᠠ | ᠪᠦᠷᠢᠯᠳᠦᠭᠦᠨ᠄ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠰᠤᠮᠤ ᠪᠠᠯᠭᠠᠰᠤ ᠶᠢᠨ ᠬᠠᠷᠢᠭᠤᠴᠠᠯᠭᠠᠲᠠᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ ᠵᠠᠩ ᠴᠢᠨ ᠨᠥᠬᠦᠷ ᠬᠠᠪᠰᠤᠷᠭᠠᠵᠤ ᠡᠭᠦᠷᠭᠡᠯᠡᠨ᠂ ᠡᠳᠦᠷ ᠲᠤᠲᠤᠮ ᠤᠨ ᠬᠡᠷᠡᠭ ᠶᠠᠪᠤᠳᠠᠯ ᠢ | ᠬᠠᠷᠢᠭᠤᠴᠠᠵᠤ᠂ ᠬᠠᠮᠢᠶ᠎ᠠ ᠪᠦᠬᠦᠢ ᠲᠥᠰᠥᠯ ᠢ ᠲᠣᠭᠲᠠᠭᠠᠨ᠂ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠪᠣᠯ ᠨᠢᠭᠡ | ᠵᠦᠢᠯ ᠤᠨ ᠰᠢᠰᠲ᠋ᠧᠮᠲᠦ ᠴᠢᠨᠠᠷᠲᠠᠢ ᠴᠢᠬᠤᠯᠠ ᠠᠵᠢᠯ ᠪᠣᠯᠣᠨ᠎ᠠ᠂ ᠬᠤᠯᠪᠣᠭᠳᠠᠬᠤ ᠠᠵᠢᠯ ᠠᠷᠪᠢᠨ᠂ ᠠᠭᠤᠯᠭ᠎ᠠ ᠨᠢ ᠪᠤᠳᠤᠯᠢᠶᠠᠨᠲᠠᠢ ᠪᠣᠯᠬᠤᠷ ᠡᠯ᠎ᠡ ᠨᠢᠭᠡᠴᠢ ᠡᠷᠬᠡᠪᠰᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠎ᠠ᠃ ᠡᠯ᠎ᠡ ᠨᠢᠭᠡᠴᠢ ᠶᠢᠨ ᠬᠠᠤᠯᠢ ᠶᠢᠨ ᠡᠷᠬᠡᠲᠡᠨ ᠤ ᠲᠥᠯᠥᠭᠡᠯᠡᠭᠴᠢ | ᠪᠣᠯ ᠲᠣᠭᠲᠠᠮᠠᠯ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠨᠢᠭᠡᠳᠦᠭᠡᠷ ᠬᠠᠷᠢᠭᠤᠴᠠᠯᠭᠠᠲᠠᠨ ᠮᠥᠨ᠂ ᠪᠡᠶ᠎ᠡ ᠪᠠᠷ ᠢᠶᠠᠨ ᠠᠰᠠᠭᠤᠨ ᠯᠠᠪᠯᠠᠬᠤ ᠶᠢᠨ ᠬᠠᠮᠲᠤ | ᠢᠯᠭᠠᠷᠠᠭᠤᠯᠤᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠡᠳ᠋ ᠬᠥᠷᠥᠩᠭᠡ᠂ ᠡᠳ᠋ ᠤᠨ ᠶᠠᠪᠤᠳᠠᠯ᠂ ᠰᠠᠬᠢᠯᠭ᠎ᠠ ᠪᠠᠲᠤ | ᠪᠠᠶᠢᠴᠠᠭᠠᠬᠤ᠂ ᠠᠵᠢᠯᠲᠠᠨ ᠤ ᠶᠠᠪᠤᠳᠠᠯ᠂ ᠠᠷᠤ ᠲᠠᠯ᠎ᠠ ᠶᠢᠨ ᠦᠢᠯᠡᠴᠢᠯᠡᠭᠡ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠪᠠᠷ ᠪᠦᠷᠢᠯᠳᠦᠭᠰᠡᠨ ᠲᠣᠭᠲᠠᠮᠠᠯ ᠬᠥᠷᠥᠩᠭᠡ ᠶᠢ | ᠢᠯᠭᠠᠷᠠᠭᠤᠯᠤᠨ ᠪᠠᠶᠢᠴᠠᠭᠠᠬᠤ ᠠᠵᠢᠯ ᠤᠨ ᠪᠠᠶᠢᠭᠤᠯᠤᠮᠵᠢ ᠶᠢ ᠪᠠᠶᠢᠭᠤᠯᠬᠤ ᠶᠢᠨ ᠬᠠᠮᠲᠤ᠂ ᠬᠠᠮᠢᠶ᠎ᠠ ᠪᠦᠬᠦᠢ ᠲᠠᠰᠤᠭ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ | ᠬᠤᠪᠢᠶᠠᠷᠢᠯᠠᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠨᠢᠭᠡᠴᠢ᠂ ᠲᠠᠰᠤᠭ ᠪᠠ ᠠᠵᠢᠯᠲᠠᠨ ᠳᠤ ᠬᠦᠷᠲᠡᠯ᠎ᠡ ᠨᠠᠶᠢᠳᠠᠪᠤᠷᠢᠵᠢᠭᠤᠯᠤᠨ᠎ᠠ᠃ | ︵ᠬᠤᠶᠠᠷ︶ ᠠᠵᠢᠯ ᠤᠨ ᠶᠠᠰᠤ ᠴᠢᠨᠠᠷ ᠢ ᠪᠠᠲᠤᠯᠠᠨ᠎ᠠ᠃ ᠡᠯ᠎ᠡ ᠨᠢᠭᠡᠴᠢ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠴᠢᠬᠤᠯᠠᠴᠢᠯᠠᠵᠤ᠂ ᠲᠣᠰ ᠲᠥᠰᠥᠯ | ᠵᠢᠴᠢ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ | ᠬᠢᠨᠠᠮᠠᠭᠠᠢ ᠰᠤᠷᠤᠯᠴᠠᠭᠰᠠᠨ ᠰᠠᠭᠤᠷᠢᠨ ᠳᠡᠭᠡᠷ᠎ᠡ᠂ ᠲᠣᠰ ᠨᠢᠭᠡᠴᠢ ᠶᠢᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠢᠯᠭᠠᠷᠠᠭᠤᠯᠤᠨ ᠪᠠᠶᠢᠴᠠᠭᠠᠬᠤ ᠵᠢᠴᠢ | ᠲᠡᠮᠳᠡᠭᠴᠢᠯᠡᠬᠦ ᠪᠣᠳᠠᠲᠠᠢ ᠠᠵᠢᠯ ᠤᠨ ᠲᠥᠰᠥᠯ ᠢ ᠲᠣᠭᠲᠠᠭᠠᠵᠤ᠂ ᠤᠬᠠᠭᠤᠯᠤᠨ ᠳᠠᠶᠢᠴᠢᠯᠠᠬᠤ ᠪᠠ ᠪᠣᠯᠪᠠᠰᠤᠷᠠᠯ ᠬᠢᠬᠦ ᠠᠵᠢᠯ ᠢ ᠰᠠᠶᠢᠲᠤᠷ ᠬᠢᠵᠦ᠂ ᠲᠣᠰ | ᠨᠢᠭᠡᠴᠢ ᠶᠢᠨ ᠢᠶᠠᠨ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ︔ ᠱᠠᠲᠤ ᠳᠠᠷᠠᠭᠠᠯᠠᠨ ᠬᠢᠨᠠᠨ ᠬᠠᠷᠭᠤᠭᠤᠯᠵᠤ᠂ | ᠲᠣᠰ ᠤᠳᠠᠭᠠᠨ ᠤ ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠤᠨ ᠦᠷ᠎ᠡ ᠳ᠋ᠦᠩ ᠳᠤ ᠨᠢᠭᠡᠴᠢ ᠶᠢᠨ ᠡᠳ᠋ ᠬᠥᠷᠥᠩᠭᠡ ᠪᠠ ᠡᠳ᠋ ᠤᠨ ᠶᠠᠪᠤᠳᠠᠯ ᠤᠨ | ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠪᠣᠳᠠᠲᠠᠢ᠂ ᠪᠦᠷᠢᠨ ᠪᠦᠲᠦᠨ ᠢᠶᠠᠷ ᠲᠤᠰᠬᠠᠨ᠂ ᠮᠡᠳᠡᠭᠦᠯᠬᠦ ᠦᠭᠡᠢ ᠪᠤᠶᠤ ᠬᠤᠳᠠᠯ ᠢᠶᠠᠷ ᠮᠡᠳᠡᠭᠦᠯᠵᠦ | ᠪᠣᠯᠬᠤ ᠦᠭᠡᠢ᠂ ᠨᠢᠭᠤᠨ ᠳᠠᠷᠤᠵᠤ ᠪᠣᠯᠬᠤ ᠦᠭᠡᠢ᠂ ᠨᠡᠶᠢᠭᠡᠮ ᠤᠨ ᠵᠠᠭᠤᠴᠢ ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠡᠷᠭᠢᠯᠡᠬᠦ ᠳᠤ ᠭᠠᠷ ᠳᠦᠷᠦᠵᠦ ᠪᠣᠯᠬᠤ | ᠦᠭᠡᠢ︔ ᠬᠠᠷᠢᠯᠴᠠᠵᠤ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠱᠠᠲᠤ | ᠱᠠᠲᠤ ᠪᠠᠷ ᠲᠤᠰᠬᠠᠨ᠎ᠠ᠃ | ︵ᠭᠤᠷᠪᠠ︶ ᠢᠯᠭᠠᠷᠠᠭᠤᠯᠤᠭᠰᠠᠨ ᠤ ᠳᠠᠷᠠᠭ᠎ᠠ ᠲᠠᠬᠢᠨ ᠵᠢᠷᠤᠮᠵᠢᠯ ᠦᠭᠡᠢ ᠪᠣᠯᠬᠤ ᠠᠴᠠ ᠴᠢᠩᠭ᠎ᠠ ᠰᠡᠷᠭᠡᠶᠢᠯᠡᠨ᠎ᠡ᠃ ᠡᠯ᠎ᠡ ᠨᠢᠭᠡᠴᠢ ᠲᠣᠰ ᠤᠳᠠᠭᠠᠨ ᠤ | ᠢᠯᠭᠠᠷᠠᠭᠤᠯᠤᠨ ᠪᠠᠶᠢᠴᠠᠭᠠᠬᠤ ᠵᠢᠴᠢ ᠲᠡᠮᠳᠡᠭᠴᠢᠯᠡᠬᠦ ᠠᠵᠢᠯ ᠢᠶᠠᠷ ᠠᠵᠠ ᠲᠣᠬᠢᠶᠠᠯ ᠪᠣᠯᠭᠠᠵᠤ᠂ ᠢᠯᠭᠠᠷᠠᠭᠤᠯᠤᠨ ᠪᠠᠶᠢᠴᠠᠭᠠᠬᠤ ᠠᠵᠢᠯ ᠤᠨ ᠦᠷ᠎ᠡ ᠳ᠋ᠦᠩ ᠢ ᠰᠠᠶᠢᠲᠤᠷ | ᠠᠰᠢᠭᠯᠠᠨ᠂ ᠢᠯᠭᠠᠷᠠᠭᠤᠯᠤᠭᠰᠠᠨ ᠤ ᠳᠠᠷᠠᠭ᠎ᠠ ᠲᠠᠬᠢᠨ ᠵᠢᠷᠤᠮᠵᠢᠯ ᠦᠭᠡᠢ ᠪᠣᠯᠬᠤ ᠠᠴᠠ ᠰᠡᠷᠭᠡᠶᠢᠯᠡᠨ᠎ᠡ᠃ ᠲᠣᠰ ᠤᠳᠠᠭᠠᠨ ᠤ ᠢᠯᠭᠠᠷᠠᠭᠤᠯᠤᠨ ᠪᠠᠶᠢᠴᠠᠭᠠᠬᠤ ᠵᠢᠴᠢ | ᠲᠡᠮᠳᠡᠭᠴᠢᠯᠡᠬᠦ ᠠᠵᠢᠯ ᠤᠨ ᠦᠷ᠎ᠡ ᠳ᠋ᠦᠩ ᠢ ᠲᠠᠷᠠᠭᠠᠴᠢ ᠶᠢᠨ ᠣᠨ ᠤ ᠪᠠᠶᠢᠭᠤᠯᠭ᠎ᠠ ᠶᠢᠨ ᠲᠥᠰᠥᠪ ᠤᠨ ᠭᠦᠢᠴᠡᠳᠬᠡᠯ᠂ ᠡᠳ᠋ ᠬᠥᠷᠥᠩᠭᠡ ᠶᠢᠨ ᠲᠥᠰᠥᠪ ᠤᠨ | ᠭᠦᠢᠴᠡᠳᠬᠡᠯ ᠵᠡᠷᠭᠡ ᠡᠯ᠎ᠡ ᠲᠥᠷᠥᠯ ᠤᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠥᠰᠦᠨᠦᠭ ᠢ ᠨᠠᠶᠢᠷᠠᠭᠤᠯᠤᠨ ᠵᠣᠬᠢᠶᠠᠬᠤ ᠴᠢᠬᠤᠯᠠ ᠦᠨᠳᠦᠰᠦᠯᠡᠯ ᠪᠣᠯᠭᠠᠵᠤ᠂ | ᠮᠡᠳᠡᠭᠦᠯᠦᠯᠲᠡ ᠶᠢᠨ ᠬᠥᠰᠦᠨᠦᠭ ᠤᠨ ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ︔ ᠲᠥᠰᠥᠪ ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ | ᠰᠢᠰᠲ᠋ᠧᠮ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠣᠯᠦᠩ ᠳᠤ ᠲᠣᠭᠲᠠᠮᠠᠯ ᠬᠥᠷᠥᠩᠭᠡ ᠶᠢᠨ ᠪᠦᠷᠢᠨ ᠪᠦᠲᠦᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠶᠢ | ᠪᠠᠶᠢᠭᠤᠯᠵᠤ᠂ ᠡᠳ᠋ ᠬᠥᠷᠥᠩᠭᠡ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠰᠢᠨᠡᠳᠬᠡᠨ᠂ ᠲᠣᠭᠲᠠᠮᠠᠯ ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢ | ᠪᠡᠶᠡᠯᠡᠭᠦᠯᠵᠦ᠂ ᠡᠳ᠋ ᠬᠥᠷᠥᠩᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠳᠤ ᠰᠠᠭᠤᠷᠢ ᠲᠠᠯᠪᠢᠨ᠎ᠠ︔ ᠢᠯᠭᠠᠷᠠᠭᠤᠯᠤᠨ ᠪᠠᠶᠢᠴᠠᠭᠠᠬᠤ ᠶᠠᠪᠤᠴᠠ ᠳᠤ | ᠢᠯᠡᠷᠡᠭᠰᠡᠨ ᠡᠳ᠋ ᠤᠨ ᠶᠠᠪᠤᠳᠠᠯ᠂ ᠡᠳ᠋ ᠬᠥᠷᠥᠩᠭᠡ ᠪᠤᠶᠤ ᠪᠤᠰᠤᠳ ᠲᠠᠯ᠎ᠠ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠠᠰᠠᠭᠤᠳᠠᠯ ᠤᠨ ᠰᠢᠯᠲᠠᠭᠠᠨ ᠢ ᠨᠢ ᠨᠢᠭᠡᠳ | ᠨᠢᠭᠡ ᠪᠠᠷ ᠭᠦᠨᠵᠡᠭᠡᠢ ᠵᠠᠳᠠᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ᠂ ᠪᠠᠶᠢᠴᠠᠭᠠᠬᠤ ᠶᠢᠨ ᠳᠠᠭᠠᠤ ᠬᠠᠯᠠᠨ | ᠰᠠᠶᠢᠵᠢᠷᠠᠭᠤᠯᠵᠤ᠂ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠦᠷᠢᠯᠡᠨ᠂ ᠡᠳᠦᠷ ᠲᠤᠲᠤᠮ ᠤᠨ ᠳᠦᠷᠢᠮ ᠢ ᠲᠡᠭᠦᠯᠳᠡᠷᠵᠢᠭᠦᠯᠵᠦ᠂ ᠡᠶᠢᠮᠦᠷᠬᠦ ᠠᠰᠠᠭᠤᠳᠠᠯ ᠳᠠᠭᠢᠵᠤ | ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃ | | | |