ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠮᠡᠳᠡᠭᠡ ︵2024 ᠣᠨ ᠤ ᠬᠤᠶᠠᠳᠤᠭᠠᠷ ᠬᠤᠭᠤᠴᠠᠭ᠎ᠠ︶᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠮᠦ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/7/15
      4 ᠳ᠋ᠦ᠋ᠭᠡᠷ ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠮᠠ ᠽᠢ ᠳ᠋ᠦᠩ ᠬᠤᠰᠢᠭᠤᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠤᠳᠤ ᠬᠤᠷᠠᠯ ᠳᠤ ᠣᠷᠣᠯᠴᠠᠪᠠ᠃       4 ᠳ᠋ᠦ᠋ᠭᠡᠷ ᠰᠠᠷ᠎ᠠ ᠶᠢᠨ 3 ᠤ ᠡᠳᠦᠷ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠠᠵᠢᠯ ᠤᠨ ᠲᠤᠰᠬᠠᠢ ᠰᠡᠳᠦᠪᠲᠦ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       4 ᠳ᠋ᠦ᠋ᠭᠡᠷ ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠪᠦᠯᠬᠦᠮ ᠳᠠᠭᠠᠭᠤᠯᠤᠨ ᠤᠯᠠᠭᠠᠨᠪᠠᠯᠭᠠᠰᠣᠨ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠲᠠᠯᠠᠪᠠᠢ  ᠳᠤᠨᠢ ᠬᠢᠨᠠᠨ ᠵᠢᠯᠤᠭᠤᠳᠴᠤ ᠪᠠᠶᠢᠴᠠᠭᠠᠪᠠ᠃       4 ᠳ᠋ᠦ᠋ᠭᠡᠷ ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠤᠯᠠᠭᠠᠨᠪᠠᠯᠭᠠᠰᠣ᠂ ᠰᠦᠮᠡᠲᠦ ᠰᠤᠮᠤᠨ ᠳᠤ ᠬᠦᠷᠴᠦ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠣ ᠬᠤᠶ ᠣᠷᠣᠯᠴᠠᠪᠠ᠃       4 ᠳ᠋ᠦ᠋ᠭᠡᠷ ᠰᠠᠷ᠎ᠠ ᠶᠢᠨ 11 ᠤ ᠡᠳᠦᠷ᠂ ᠴᠢ ᠫᠠᠨ ᠵᠢᠩ ᠪᠠᠯᠭᠠᠰᠤ᠂ ᠮᠧᠩ ᠰᠢ ᠪᠠᠯᠭᠠᠰᠤᠨ ᠤ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠪᠠ᠃ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠢᠶᠠ ᠷᠦᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠨᠠᠰᠤᠨᠳᠡᠯᠭᠡᠷ ᠬᠤᠷᠠᠯ ᠳᠤ ᠣᠷᠣᠯᠴᠠᠪᠠ᠃       4 ᠳ᠋ᠦ᠋ᠭᠡᠷ ᠰᠠᠷ᠎ᠠ ᠶᠢᠨ 11 ᠤ ᠡᠳᠦᠷ ᠠᠴᠠ 13 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ  ᠰᠢᠶᠦ᠋ᠩ ᠵᠧᠵᠢᠶᠠᠩ ᠮᠤᠵᠢ ᠶᠢᠨ ᠬᠠᠩᠵᠧᠦ ᠬᠤᠲᠠ᠂ ᠵᠢᠶᠠᠰᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠬᠠᠮᠲᠤ ᠤᠷᠢᠶᠠᠮᠠᠭ ᠵᠠᠮᠠᠭ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠭᠠᠨ ᠤ ᠲᠥᠷᠥᠯ ᠵᠦᠢᠯ ᠤᠨ ᠲᠤᠬᠠᠢ ᠵᠥᠪᠳᠡᠯᠴᠡᠵᠦ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠪᠠ᠃ ᠯᠢ ᡁᠢ ᠪᠢᠶᠣᠣ᠂ ᠦ᠋ ᠶᠦᠩ ᠨᠢᠩ ᠪᠣᠯᠣᠨ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠣᠷᠣᠯᠴᠠᠪᠠ᠃       4 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠬᠤᠷᠠᠯ ᠢ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠥᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠪᠠ ᠳᠡᠭᠡᠳᠦ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠡᠷᠭᠡ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠬᠤᠰᠢᠭᠤᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠭᠤᠸ ᠬᠤᠸᠠᠢ ᠵᠢᠩ ᠤᠨ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠰᠤ᠋ ᡁᠢ ᠰᠢᠶᠦ᠋ᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃       4 ᠳ᠋ᠦ᠋ᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠣᠲᠤᠭ ᠬᠤᠰᠢᠭᠤᠨ ᠳᠤ ᠢᠷᠠᠵᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠣᠲᠤᠭ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠴᠢᠶᠣᠤ ᠵᠢᠶᠠᠨ ᠵᠢᠶᠠᠩ᠂ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠤ ᠬᠤᠶ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃       4 ᠳ᠋ᠦ᠋ᠭᠡᠷ ᠰᠠᠷ᠎ᠠ ᠶᠢᠨ 17 ᠤ ᠡᠳᠦᠷ᠂ 2024 ᠣᠨ ᠤ ᠪᠥᠬᠦ ᠬᠤᠰᠢᠭᠤᠨ ᠤ ᠬᠤᠯᠪᠣᠭᠠᠯᠠᠨ ᠳᠠᠭᠠᠭᠠᠴᠢᠯᠠᠵᠤ ᠭᠠᠴᠠᠭ᠎ᠠ ᠲᠣᠰᠬᠤᠨ ᠳᠤ ᠰᠠᠭᠤᠨ ᠠᠵᠢᠯᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠤᠰᠢᠭᠤᠨ ᠤ ᠬᠤᠯᠪᠣᠭᠠᠯᠠᠨ ᠳᠠᠭᠠᠭᠠᠴᠢᠯᠠᠵᠤ ᠭᠠᠴᠠᠭ᠎ᠠ ᠲᠣᠰᠬᠤᠨ ᠳᠤ ᠰᠠᠭᠤᠨ ᠠᠵᠢᠯᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠢᠶᠧ ᠢᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠬᠤᠯᠪᠣᠭᠠᠯᠠᠨ ᠳᠠᠭᠠᠭᠠᠴᠢᠯᠠᠵᠤ ᠭᠠᠴᠠᠭ᠎ᠠ ᠲᠣᠰᠬᠤᠨ ᠳᠤ ᠰᠠᠭᠤᠨ ᠠᠵᠢᠯᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠮᠠ ᠽᠢ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠬᠤᠯᠪᠣᠭᠠᠯᠠᠨ ᠳᠠᠭᠠᠭᠠᠴᠢᠯᠠᠵᠤ ᠭᠠᠴᠠᠭ᠎ᠠ ᠲᠣᠰᠬᠤᠨ ᠳᠤ ᠰᠠᠭᠤᠨ ᠠᠵᠢᠯᠯᠠᠬᠤ ᠠᠵᠢᠯ  ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠭᠦᠸᠧ ᠵᠣᠤ ᠬᠤᠶ ᠬᠤᠷᠠᠯ ᠳᠤ ᠣᠷᠣᠯᠴᠠᠪᠠ᠃       4 ᠳ᠋ᠦ᠋ᠭᠡᠷ ᠰᠠᠷ᠎ᠠ ᠶᠢᠨ 17 ᠤ ᠡᠳᠦᠷ᠂ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠭᠦᠳᠡ ︵ᠥᠷᠭᠡᠳᠬᠡᠭᠰᠡᠨ︶ ᠬᠤᠷᠠᠯ ᠵᠢᠴᠢ ᠴᠢᠬᠡᠴᠢ ᠵᠠᠰᠠᠭ ᠤᠨ ᠠᠵᠢᠯ ᠪᠠ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠤ᠋ ᡁᠢ ᠰᠢᠶᠦ᠋ᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠯᠢᠦ ᡁᠢ ᠵᠢᠶᠦ᠋ᠨ ᠤᠷᠢᠯᠭ᠎ᠠ ᠪᠠᠷ ᠬᠤᠷᠠᠯ ᠳᠤ ᠣᠷᠣᠯᠴᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠬᠤᠷᠠᠯ ᠢ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃       4 ᠳ᠋ᠦ᠋ᠭᠡᠷ ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠬᠤᠷᠠᠯ ᠡᠷᠭᠢᠯᠠᠨ ᠶᠠᠷᠢᠶ᠎ᠠ ᠲᠠᠯᠪᠢᠪᠠ᠃       4 ᠳ᠋ᠦ᠋ᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠬᠤᠸᠠ ᠰᠢᠶᠠᠩ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ 120 ᠲᠦᠮᠡᠨ ᠣᠲᠣ ᠦᠶ᠎ᠡ ᠶᠢᠨ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ ᠣᠲᠤᠭ ᠬᠤᠰᠢᠭᠤᠨ ᠤ ᠮᠧᠩ ᠰᠢ ᠪᠠᠯᠭᠠᠰᠤᠨ ᠳᠤ ᠶᠠᠪᠤᠭᠳᠠᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠶᠧ ᠢᠦᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠽᠢ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠴᠣᠭᠵᠢᠯᠲᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠣ ᠬᠤᠶ ᠠᠵᠢᠯ ᠡᠬᠢᠯᠡᠭᠦᠯᠬᠦ ᠶᠣᠰᠣᠯᠠᠯ ᠳᠤ ᠣᠷᠣᠯᠴᠠᠪᠠ᠃       4 ᠳ᠋ᠦ᠋ᠭᠡᠷ ᠰᠠᠷ᠎ᠠ ᠶᠢᠨ 22 ᠠᠴᠠ 23 ᠤ ᠡᠳᠦᠷ ᠪᠣᠯᠲᠠᠯ᠎ᠠ᠂ ᠣᠲᠤᠭ ᠬᠤᠰᠢᠭᠤᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠶᠠᠨ ᠭᠠᠵᠠᠷ ᠤᠨ ᠲᠠᠰ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠤᠷᠢᠳᠠᠪᠠᠷ ᠰᠤᠷᠤᠯᠴᠠᠵᠤ ᠤᠷᠢᠳᠠᠪᠠᠷ ᠬᠡᠷᠡᠭᠵᠢᠭᠦᠯᠬᠦ ᠪᠠᠷ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠤᠨ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠬᠤᠷᠠᠯ ᠡᠷᠭᠢᠯᠡᠪᠡ᠃       4 ᠳ᠋ᠦ᠋ᠭᠡᠷ ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠤᠯᠠᠭᠠᠨᠪᠠᠯᠭᠠᠰᠤᠨ ᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠰᠤᠳᠤᠯᠵᠤ᠂ ᠲᠥᠷᠥᠯ ᠵᠦᠢᠯ ᠤᠨ ᠪᠠᠶᠢᠭᠤᠯᠤᠯᠲᠠ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠢ ᠲᠤᠬᠠᠢ ᠶᠢᠨ ᠲᠠᠯᠠᠪᠡᠢ ᠳᠤ ᠰᠢᠢᠳᠪᠦᠷᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠯᠢ ᡁᠢ ᠪᠢᠶᠣᠣ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠨᠠᠰᠤᠨᠳᠡᠯᠭᠡᠷ ᠣᠷᠣᠯᠴᠠᠪᠠ᠃       4 ᠳ᠋ᠦ᠋ᠭᠡᠷ ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠪᠥᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠵᠦᠢᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠠᠬᠢᠭᠤᠯᠤᠭᠰᠠᠨ ᠪᠠᠶᠢᠳᠠᠯ ᠢ ᠰᠣᠨᠣᠰᠤᠨ᠂ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠰᠢᠰᠲ᠋ᠧᠮ ᠲᠠᠢ ᠵᠠᠳᠠᠯᠤᠨ᠂ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       4 ᠳ᠋ᠦ᠋ᠭᠡᠷ ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠴᠢ ᠫᠠᠨ ᠵᠢᠩ᠂ ᠮᠧᠩ ᠰᠢ ᠵᠡᠷᠭᠡ ᠭᠠᠵᠠᠷ ᠣᠷᠣᠨ ᠢᠶᠠᠷ ᠭᠦᠨᠵᠡᠭᠡᠶᠢᠷᠡᠨ᠂ ︽ᠳᠥᠷᠪᠡ ᠶᠢ ᠬᠢᠬᠦ ᠦᠭᠡᠢ ᠬᠤᠶᠠᠷ ᠢ ᠰᠢᠭᠤᠳ ᠬᠢᠬᠦ︾ ᠬᠡᠯᠪᠡᠷᠢ ᠪᠠᠷ 2024 ᠣᠨ ᠤ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠤ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠰᠤᠷᠭᠠᠭᠤᠯᠢ᠂ ᠵᠣᠴᠢᠳ ᠤᠨ ᠪᠠᠭᠤᠳᠠᠯ ᠵᠡᠷᠭᠡ ᠬᠥᠮᠥᠨ ᠴᠤᠭᠯᠠᠷᠠᠭᠰᠠᠨ ᠲᠠᠯᠠᠪᠤᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠬᠢᠨᠠᠨ ᠵᠢᠯᠤᠭᠤᠳᠴᠤ᠂ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠠᠵᠢᠯ ᠢ ᠲᠤᠬᠠᠢ ᠶᠢᠨ ᠲᠠᠯᠠᠪᠠᠢ ᠳᠤᠨᠢ ᠪᠠᠶᠢᠴᠠᠭᠠᠵᠤ ᠦᠵᠡᠨ᠂ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠲᠤᠰᠢᠶᠠᠨ ᠥᠭᠴᠦ ᠰᠢᠢᠳᠪᠦᠷᠢᠯᠡᠭᠦᠯᠪᠡ᠃       4 ᠳ᠋ᠦ᠋ᠭᠡᠷ ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ 2024 ᠣᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠲᠤᠰᠢᠶᠠᠨ  ᠭᠦᠢᠴᠡᠳᠬᠡᠭᠦᠯᠬᠦ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠢ ᠶᠤᠸᠠᠢ ᠱᠧᠩ᠂ ᠸᠠᠩ ᠬᠠᠢ ᠲᠤᠸ ᠬᠤᠷᠠᠯ ᠳᠤ ᠣᠷᠣᠯᠴᠠᠪᠠ᠃       4 ᠳ᠋ᠦ᠋ᠭᠡᠷ ᠰᠠᠷ᠎ᠠ ᠶᠢᠨ 30 ᠤ ᠡᠳᠦᠷ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠬᠤᠷᠠᠯ ᠡᠷᠭᠢᠯᠡᠵᠦ ᠶᠠᠷᠢᠶ᠎ᠠ ᠲᠠᠯᠪᠢᠵᠠᠢ᠃ ᠬᠤᠰᠢᠭᠤᠨ ᠤ ᠤᠳᠤᠷᠢᠳᠤᠯᠭ᠎ᠠ ᠯᠢ ᡁᠢ ᠪᠢᠶᠣᠣ᠂ ᠤᠳᠤ᠂ ᠣᠶᠤᠨᠪᠠᠭᠠᠨ᠎ᠠ᠂ ᠭᠦᠸᠧ ᠵᠣᠤ ᠬᠤᠶ᠂ ᠨᠠᠰᠤᠨᠳᠡᠯᠭᠡᠷ᠂ ᠯᠢᠦ ᠰᠢᠨ ᠬᠤᠷᠠᠯ ᠳᠤ ᠣᠷᠣᠯᠴᠠᠪᠠ᠃       4 ᠳ᠋ᠦ᠋ᠭᠡᠷ ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠪᠥᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠢ ᠵᠠᠳᠠᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠵᠡᠷᠭᠡ ᠪᠠᠶᠢᠭᠤᠯᠭ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ᠂ ᠡᠯ᠎ᠡ ᠬᠦᠷᠢᠶᠡᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠢ ᠰᠤᠳᠤᠯᠵᠤ ᠵᠠᠳᠠᠯᠤᠨ᠂ ᠲᠠᠷᠠᠭᠠᠴᠢ ᠶᠢᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       5 ᠳ᠋ᠤᠭᠠᠷ ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠠᠷᠪᠠᠰ ᠰᠤᠮᠤ᠂ ᠴᠢ ᠫᠠᠨ ᠵᠢᠩ ᠪᠠᠯᠭᠠᠰᠤᠨ ᠳᠤ ᠬᠦᠷᠴᠦ ᠪᠦᠭᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠯᠢ ᡁᠢ ᠪᠢᠶᠣᠣ᠂ ᠭᠦᠸᠧ ᠵᠣᠣ ᠬᠤᠶ᠂ ᠨᠠᠰᠤᠨᠳᠡᠯᠭᠡᠷ᠂ ᠦ᠋ ᠶᠦᠩ ᠨᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       5 ᠳ᠋ᠤᠭᠠᠷ ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠭᠤᠸ ᠬᠤᠸᠠᠢ ᠵᠢᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃       5 ᠳ᠋ᠤᠭᠠᠷ ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠤᠯᠠᠭᠠᠨᠪᠠᠯᠭᠠᠰᠣ᠂ ᠰᠦᠮᠡᠲᠦ ᠰᠤᠮᠤ᠂ ᠠᠷᠪᠠᠰ ᠰᠤᠮᠤ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠦᠦ ᠮᠥᠩᠭᠦ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠷᠡᠭᠦᠯᠬᠦ᠂ ᠡᠯᠡᠰᠦ ᠶᠢ ᠰᠡᠷᠭᠡᠶᠢᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃        5 ᠳ᠋ᠤᠭᠠᠷ ᠰᠠᠷ᠎ᠠ ᠶᠢᠨ 9 ᠤ ᠡᠳᠦᠷ᠂ ᠪᠦᠭᠦ ᠬᠤᠰᠢᠭᠤᠨ ᠤ 2024 ᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠣᠶᠤᠨᠪᠠᠭᠠᠨ᠎ᠠ᠂ ᠭᠦᠸᠧ ᠵᠣᠤ ᠬᠤᠶ᠂ ᠨᠠᠰᠤᠨᠳᠡᠯᠭᠡᠷ ᠬᠤᠷᠠᠯ ᠳᠤ ᠣᠷᠣᠯᠴᠠᠪᠠ᠃       5 ᠳ᠋ᠤᠭᠠᠷ ᠰᠠᠷ᠎ᠠ ᠶᠢᠨ 9 ᠠᠴᠠ 10 ᠤ ᠡᠳᠦᠷ ᠪᠣᠯᠲᠠᠯ᠎ᠠ᠂ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾ ᠢ ᠬᠢᠨᠠᠮᠠᠭᠠᠢ   ᠰᠤᠷᠤᠯᠴᠠᠵᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠬᠤᠷᠠᠯ ᠡᠷᠭᠢᠯᠠᠪᠠ᠃       5 ᠳ᠋ᠤᠭᠠᠷ ᠰᠠᠷ᠎ᠠ ᠶᠢᠨ 10 ᠤ ᠡᠳᠦᠷ᠂ ᠵᠧᠵᠢᠶᠠᠩ ᠶᠡᠭᠡ ᠰᠤᠷᠭᠠᠭᠤᠯᠢ ᠶᠢᠨ ᠣᠷᠳᠣᠰ ᠬᠤᠲᠠ ᠶᠢᠨ ᠣᠲᠤᠭ ᠬᠤᠰᠢᠭᠤᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠰᠠᠨᠠᠯ ᠰᠣᠯᠢᠯᠴᠠᠬᠤ ᠰᠠᠭᠤᠳᠠᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠬᠤᠷᠠᠯ ᠳᠤ ᠣᠷᠣᠯᠴᠠᠵᠤ ᠶᠠᠷᠢᠶ᠎ᠠ  ᠲᠠᠯᠪᠢᠪᠠ᠃ ᠵᠧᠵᠢᠶᠠᠩ ᠶᠡᠭᠡ ᠰᠤᠷᠭᠠᠭᠤᠯᠢ ᠶᠢᠨ ᠡᠸ᠋ᠳᠢᠨᠪᠦ᠋ᠷᠡᠭ ᠶᠡᠭᠡ ᠰᠤᠷᠭᠠᠭᠤᠯᠢ ᠶᠢᠨ ᠬᠠᠮᠲᠤᠷᠠᠭᠰᠠᠨ ᠳᠡᠭᠡᠳᠦ ᠰᠤᠷᠭᠠᠭᠤᠯᠢ ᠶᠢᠨ ᠫᠷᠤᠹᠧᠰᠰᠤᠷ᠂ ︽ᠵᠧᠵᠢᠶᠠᠩ ᠶᠡᠭᠡ ᠰᠤᠷᠭᠠᠭᠤᠯᠢ — ᠣᠷᠳᠣᠰ ᠬᠤᠳᠠ ᠶᠢᠨ ᠤᠲᠤᠭ ᠬᠤᠰᠢᠭᠤᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ︾ ᠤᠨ ᠡᠷᠬᠢᠯᠡᠭᠴᠢ ᠵᠧᠦ ᠮᠢᠨ ᠰᠢᠶᠧ ᠳ᠋ᠣᠺᠲ᠋ᠣᠷ ᠤᠨ ᠪᠦᠯᠬᠦᠮ᠂ ᠬᠤᠰᠢᠭᠤᠨ ᠤ ᠤᠳᠤᠷᠢᠳᠤᠯᠭ᠎ᠠ ᠮᠥᠩᠭᠦᠨᠬᠤᠸᠠᠷ᠂ ᠰᠢᠦᠢ ᠷᠦᠢ ᠹᠸᠡᠭ᠂ ᠯᠢᠦ ᠷᠦᠢ᠂ ᠭᠦᠸᠧ ᠵᠤᠤ ᠬᠤᠢ ᠬᠤᠷᠠᠯ ᠳᠤ ᠣᠷᠣᠯᠴᠠᠪᠠ᠃ ᠮᠠ ᠽᠢ ᠳ᠋ᠦᠩ ᠬᠤᠷᠠᠯ ᠢ ᠡᠷᠬᠢᠯᠡᠪᠡ᠃       5 ᠳ᠋ᠤᠭᠠᠷ ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠪᠦᠭᠦ ᠬᠤᠰᠢᠭᠤᠨ ᠤ ᠰᠣᠶᠣᠯ ᠤᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠤᠳᠤ᠂ ᠨᠠᠰᠤᠨᠳᠡᠯᠭᠡᠷ ᠵᠢᠴᠢ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠳ ᠣᠷᠣᠯᠴᠠᠪᠠ᠃        5 ᠳ᠋ᠤᠭᠠᠷ ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠢᠶᠠ ᠷᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ ᠣᠷᠣᠯᠴᠠᠪᠠ᠃       5 ᠳ᠋ᠤᠭᠠᠷ ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ  ᠰᠣᠨᠣᠰᠤᠨ᠂ ᠲᠠᠷᠠᠭᠠᠴᠢ ᠶᠢᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠲᠥᠪᠯᠡᠷᠡᠭᠦᠯᠦᠨ ᠴᠡᠭᠴᠡᠯᠡᠨ ᠵᠠᠰᠠᠬᠤ ᠭᠤᠷᠪᠠᠳᠤᠭᠠᠷ ᠬᠤᠯᠪᠣᠭ᠎ᠠ ᠠᠪᠬᠤ ᠳᠤᠭᠤᠶᠢᠯᠠᠩ ᠤᠨ ᠳᠠᠷᠤᠭ᠎ᠠ ᠸᠠᠩ ᠵᠢᠶᠠᠨ ᠫᠢᠩ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠡᠯ᠎ᠡ ᠬᠤᠰᠢᠭᠤ ᠳᠡᠳ᠋ ᠳᠠᠷᠤᠭ᠎ᠠ ᠬᠤᠷᠠᠯ ᠳᠤ ᠣᠷᠣᠯᠴᠠᠪᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       5 ᠳ᠋ᠤᠭᠠᠷ ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       5 ᠳ᠋ᠤᠭᠠᠷ ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠵᠢᠷᠭᠤᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       5 ᠳ᠋ᠤᠭᠠᠷ ᠰᠠᠷ᠎ᠠ ᠶᠢᠨ 15 ᠤ ᠡᠳᠦᠷ᠂ ᠣᠲᠤᠭ ᠬᠤᠰᠢᠭᠤ ᠪᠣᠯᠣᠨ ᠫᠢᠩ ᠯᠥᠸᠧ ᠰᠢᠶᠠᠨ ᠤ ᠰᠠᠭᠤᠳᠠᠯ ᠤᠨ ᠬᠤᠷᠠᠯ ᠢ ᠣᠲᠤᠭ ᠬᠤᠰᠢᠭᠤᠨ ᠳᠤ ᠬᠤᠷᠠᠯᠳᠤᠪᠠ᠃ ᠣᠲᠤᠭ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠨᠢᠩᠰᠢᠶᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠯᠢ ᡁᠢ ᠭᠦᠸᠧ᠂ ᠫᠢᠩ ᠯᠥᠸᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠭᠦᠸᠧ ᠶᠣᠣ ᠹᠧᠩ᠂ ᠣᠲᠤᠭ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠣ ᠬᠤᠢ ᠬᠤᠷᠠᠯ ᠳᠤ ᠣᠷᠣᠯᠴᠠᠪᠠ᠃       5 ᠳ᠋ᠤᠭᠠᠷ ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠤᠯᠠᠭᠠᠨᠪᠠᠯᠭᠠᠰᠣᠨ ᠤ ᠬᠠᠮᠠᠷᠠᠭᠳᠠᠢ ᠭᠠᠴᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠬᠢᠨᠠᠯᠲᠠ ᠲᠠᠯᠪᠢᠵᠤ ᠵᠣᠬᠢᠴᠠᠭᠤᠯᠬᠤ ᠠᠯᠪᠠᠨ ᠭᠡᠷ ᠤᠨ ᠲᠥᠪᠯᠡᠷᠡᠭᠦᠯᠦᠨ ᠠᠵᠢᠯᠯᠠᠬᠤ ᠴᠡᠭ ᠲᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠤᠨ ᠴᠡᠭᠴᠡᠯᠡᠯᠲᠡ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᡁᠢ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ ᠣᠷᠣᠯᠴᠠᠪᠠ᠃        5 ᠳ᠋ᠤᠭᠠᠷ ᠰᠠᠷ᠎ᠠ ᠶᠢᠨ 20 ᠤ ᠡᠳᠦᠷ ᠠᠴᠠ 24 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠪᠦᠯᠬᠦᠮ ᠳᠠᠭᠠᠭᠤᠯᠤᠨ ᠭᠤᠸᠠᠩᠳᠦ᠋ᠩ ᠮᠤᠵᠢ ᠶᠢᠨ ᠵᠦᠬᠠᠢ ᠬᠤᠲᠠ᠂ ᠭᠤᠸᠠᠩᠵᠧᠦ ᠬᠤᠲᠠ᠂ ᠱᠧᠨ᠋ᠵᠧᠨ ᠬᠤᠲᠠ᠂ ᠬᠤᠨᠠᠨ ᠮᠤᠵᠢ ᠶᠢᠨ ᠴᠠᠩᠱᠠ ᠬᠤᠲᠠ᠂ ᠬᠤᠪᠧᠢ ᠮᠤᠵᠢ ᠶᠢᠨ ᠦᠬᠠᠨ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ᠂ ᠭᠤᠣᠯᠳᠠᠯᠭ᠎ᠠ ᠲᠠᠢ ᠠᠵᠤ ᠠᠬᠤᠶᠢᠯᠠᠯ ᠢᠶᠠᠷ ᠲᠣᠭᠤᠷᠢᠨ ᠪᠠᠶᠢᠴᠠᠭᠠᠵᠤ᠂ ᠣᠲᠤᠭ ᠢ ᠪᠥᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠡᠨᠧᠷᠭᠢ ᠨᠡᠮᠡᠷᠢᠯᠡᠪᠡ᠃ ᠬᠤᠰᠢᠭᠤᠨ ᠤ ᠤᠳᠤᠷᠢᠳᠤᠯᠭ᠎ᠠ ᠯᠢᠦ ᠷᠦᠢ᠂ ᠪᠠᠢ ᠴᠣᠭᠵᠢᠯᠲᠤ᠂ ᠼᠦᠢ ᠵᠢᠩ ᠣᠷᠣᠯᠴᠠᠪᠠ᠃       5 ᠳ᠋ᠤᠭᠠᠷ ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠳᠣᠯᠣᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       5 ᠳ᠋ᠤᠭᠠᠷ ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠴᠢ ᠫᠠᠨ ᠵᠢᠩ ᠪᠠᠯᠭᠠᠰᠤᠨ ᠳᠤ ᠭᠦᠨᠵᠡᠭᠡᠶᠢᠷᠡᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠣ ᠬᠤᠶ ᠣᠷᠣᠯᠴᠠᠪᠠ᠃       5 ᠳ᠋ᠤᠭᠠᠷ ᠰᠠᠷ᠎ᠠ ᠶᠢᠨ 28 ᠤ ᠡᠳᠦᠷ᠂ ᠣᠲᠤᠭ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ  ᠪᠣᠯᠣᠨ ᠪᠠᠷ᠎ᠠ ᠪᠣᠯᠣᠭᠰᠠᠳ ᠤᠨ ᠬᠢᠨ ᠣᠲᠤᠭ ᠬᠤᠰᠢᠭᠤᠨ ᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠤᠭᠤᠳᠴᠤ᠂ ᠣᠲᠤᠭ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       5 ᠳ᠋ᠤᠭᠠᠷ ᠰᠠᠷ᠎ᠠ ᠶᠢᠨ 29 ᠤ ᠡᠳᠦᠷ᠂ ᠪᠥᠬᠦ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠳᠡᠯᠳᠡ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ᠂ ᠲᠤᠰᠬᠠᠢ ᠠᠩᠭᠢ ᠶᠢᠨ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠵᠢᠴᠢ 2024 ᠣᠨ ᠤ ᠭᠠᠯ ᠰᠡᠷᠭᠡᠶᠢᠯᠡᠬᠦ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠪᠣᠯᠣᠨ ᠭᠠᠯ ᠤᠨᠲᠠᠷᠠᠭᠠᠬᠤ ᠠᠮᠤᠷ ᠲᠦᠪᠰᠢᠨ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃       5 ᠳ᠋ᠤᠭᠠᠷ ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠵᠠᠬᠢᠳᠠᠯ ᠰᠣᠷᠪᠦᠯᠵᠢᠯᠠᠯ ᠤᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠤᠭᠰᠠᠨ ᠪᠥᠭᠡᠳ ᠲᠤᠬᠠᠢ ᠶᠢᠨ ᠲᠠᠯᠠᠪᠠᠶ ᠳᠤ ᠪᠥᠬᠦ ᠬᠤᠰᠢᠭᠤᠨ ᠤ ᠵᠠᠬᠢᠳᠠᠯ ᠰᠣᠷᠪᠦᠯᠵᠢᠯᠠᠯ ᠤᠨ ᠠᠵᠢᠯ ᠢ ᠲᠣᠬᠢᠷᠠᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠢᠶᠧ ᠢᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ ᠣᠷᠣᠯᠴᠠᠪᠠ᠃       5 ᠳ᠋ᠤᠭᠠᠷ ᠰᠠᠷ᠎ᠠ ᠶᠢᠨ 29 ᠤ ᠡᠳᠦᠷ᠂ ᠣᠲᠤᠭ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠪᠠ ᠴᠣᠬᠢᠯᠲᠠ ᠥᠭᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠢᠶᠧ ᠢᠦᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠣᠶᠤᠨᠪᠠᠭᠠᠨ᠎ᠠ ᠬᠤᠷᠠᠯ ᠢ ᠡᠷᠭᠢᠯᠡᠪᠡ᠃       5 ᠳ᠋ᠤᠭᠠᠷ ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠰᠢᠭᠤᠨ ᠤ ᠴᠠᠭ ᠠᠭᠤᠷ ᠤᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠵᠦ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠴᠢᠨᠠᠷᠲᠠᠢ ᠠᠬᠢᠭᠤᠯᠬᠤ ᠲᠣᠭᠤᠷᠢᠨ ᠳᠤ ᠴᠠᠭ ᠠᠭᠤᠷ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠭᠤᠣᠯ ᠠᠵᠢᠯᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠣ ᠬᠤᠶ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃       5 ᠳ᠋ᠤᠭᠠᠷ ᠰᠠᠷ᠎ᠠ ᠶᠢᠨ 29 ᠤ ᠡᠳᠦᠷ ᠠᠴᠠ 31 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ  ᠰᠢᠶᠦ᠋ᠩ ᠵᠢᠶᠠᠩᠰᠤ᠂ ᠵᠧᠵᠢᠶᠠᠩ ᠵᠡᠷᠭᠡ ᠭᠠᠵᠠᠷ ᠲᠤ ᠬᠦᠷᠴᠦ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ ᠲᠣᠨᠣᠭᠯᠠᠯ ᠦᠢᠯᠡᠳᠬᠦ᠂ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠬᠠᠷᠢᠯᠴᠠᠨ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠭᠦᠨᠵᠡᠭᠡᠢ ᠶᠠᠷᠢᠯᠴᠠᠵᠤ᠂ ᠯᠢ ᡁᠢ ᠪᠢᠶᠣᠣ᠂ ᠼᠦᠢ ᠵᠢᠩ᠂ ᠦ᠋ ᠶᠦᠩ ᠨᠢᠩ ᠣᠷᠣᠯᠴᠠᠪᠠ᠃       6 ᠳ᠋ᠤᠭᠠᠷ ᠰᠠᠷ᠎ᠠ ᠶᠢᠨ 3 ᠤ ᠡᠳᠦᠷ᠂ ᠣᠲᠤᠭ ᠬᠤᠰᠢᠭᠤ ᠪᠣᠯᠣᠨ ᠱᠧᠨ᠋ᠵᠧᠨ ᠤ ᠠᠭᠠᠷ ᠤᠨ ᠠᠶᠠᠯᠠᠯ ᠤᠨ ᠡᠨᠧᠷᠭᠢ ᠤᠰᠤᠲᠥ᠋ᠷᠥᠭᠴᠢ ᠠᠯᠺᠣᠣᠯ ᠤᠨ ᠡᠨᠧᠷᠭᠢ ᠶᠢᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠬᠢᠮᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ᠂ ᠰᠠᠨᠰᠠᠷ ᠤᠨ ᠠᠶᠠᠯᠠᠯ ᠤᠨ ᠠᠨ ᠬᠤᠸᠠ ︵ᠱᠧᠨ᠋ᠵᠧᠨ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡᠳᠦᠭᠡᠷ ᠨᠡᠭᠦᠷᠡᠰᠦᠲᠥ᠋ᠷᠥᠭᠴᠢ ᠶᠢᠨ ᠬᠢᠵᠠᠭᠠᠷᠲᠤ ᠺᠣᠮᠫᠠᠨᠢ ᠶᠢᠨ ᠰᠠᠭᠤᠳᠠᠯ ᠤᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠱᠧᠨ᠋ᠵᠧᠨ ᠤ ᠠᠭᠠᠷ ᠤᠨ ᠠᠶᠠᠯᠠᠯ ᠤᠨ ᠡᠨᠧᠷᠭᠢ ᠤᠰᠤᠲᠥ᠋ᠷᠥᠭᠴᠢ ᠠᠯᠺᠣᠣᠯ ᠤᠨ ᠡᠨᠧᠷᠭᠢ ᠶᠢᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢᠶᠠᠨ ᠪᠥᠸᠧ᠂ ᠳᠤᠮᠳᠠᠳᠤ ᠤᠯᠤᠰ ᠤᠨ ᠬᠢᠮᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠽᠧᠩ ᠯᠢᠤᠸᠠᠢ᠂ ᠰᠠᠨᠰᠠᠷ ᠤᠨ ᠠᠶᠠᠯᠠᠯ ᠤᠨ ᠠᠨ ᠬᠤᠸᠠ ︵ᠱᠧᠨ᠋ᠵᠧᠨ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠶᠦᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡᠳᠦᠭᠡᠷ ᠨᠡᠭᠦᠷᠡᠰᠦᠲᠥ᠋ᠷᠥᠭᠴᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠧᠩ ᠸᠧᠢ ᠨᠠᠷ ᠵᠢᠴᠢ ᠬᠤᠰᠢᠭᠤᠨ ᠤ ᠤᠳᠤᠷᠢᠳᠤᠯᠭ᠎ᠠ ᠮᠥᠩᠭᠦᠨᠬᠤᠸᠠᠷ᠂ ᠰᠢᠦᠢ ᠷᠦᠢ ᠹᠧᠩ᠂ ᠯᠢᠦ ᠷᠦᠢ᠂ ᠪᠠᠢ ᠴᠣᠭᠵᠢᠯᠲᠤ ᠬᠤᠷᠠᠯ ᠳᠤ ᠣᠷᠣᠯᠴᠠᠪᠠ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       6 ᠳ᠋ᠤᠭᠠᠷ ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠬᠤᠰᠢᠭᠤᠨ ᠤ ᠬᠠᠮᠢᠶ᠎ᠠ ᠪᠦᠬᠦᠢ ᠭᠤᠣᠯᠳᠠᠯᠭ᠎ᠠ ᠲᠠᠢ ᠠᠵᠤ ᠠᠬᠤᠶᠢᠯᠠᠯ ᠢ ᠳᠠᠭᠠᠭᠤᠯᠤᠨ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠳᠤ ᠬᠦᠷᠴᠦ᠂ ᠣᠷᠳᠣᠰ ᠤᠨ ᠲᠤᠷᠰᠢᠯᠲᠠ ᠶᠢᠨ ᠲᠠᠰᠤᠭ᠂ ᠣᠷᠳᠣᠰ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠰᠤᠳᠤᠯᠭᠠᠨ ᠤ ᠬᠦᠷᠢᠶᠡᠯᠡᠩ᠂ ᠺᠤᠸᠠᠩ ᠬᠤᠨᠭ᠌ ᠠᠵᠤ ᠦᠢᠯᠡᠳᠪᠦᠷᠢ ᠶᠢᠨ ᠬᠠᠷᠢᠯᠴᠠᠨ ᠬᠤᠯᠪᠣᠭᠠᠯᠠᠵᠤ ᠰᠢᠨ᠎ᠡ ᠶᠢ ᠡᠭᠦᠳᠬᠦ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠵᠡᠷᠭᠡ ᠬᠤᠲᠠ ᠶᠢᠨ ᠳᠣᠲᠣᠷᠠᠬᠢ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠬᠦᠷᠴᠦ ᠰᠢᠨᠵᠢᠯᠡᠬᠦ ᠤᠬᠠᠭᠠᠨᠲᠠᠨ ᠬᠢᠭᠡᠳ ᠠᠵᠤ ᠠᠬᠤᠶᠢᠯᠠᠯᠲᠠᠨ ᠤ ︽ᠬᠠᠷᠢᠯᠴᠠᠬᠤ︾ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠬᠦᠷᠴᠦ ᠰᠠᠨᠠᠯ ᠢᠶᠠᠨ ᠰᠣᠯᠢᠯᠴᠠᠵᠤ ᠬᠠᠷᠢᠯᠴᠠᠪᠠ᠃       6 ᠳ᠋ᠤᠭᠠᠷ ᠰᠠᠷ᠎ᠠ ᠶᠢᠨ 3 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠹᠧᠢ ᠯᠦ ᠪᠠᠶᠢᠴᠠᠭᠠᠨ  ᠰᠤᠳᠤᠯᠤᠯᠲᠠ ᠶᠢᠨ ᠳᠤᠭᠤᠶᠢᠯᠠᠩ ᠳᠠᠭᠠᠭᠤᠯᠤᠨ᠂ ᠣᠲᠤᠭ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠷᠦᠢ ᠮᠢᠨ᠂ ᠳᠡᠳ᠋ ᠡᠷᠬᠢᠯᠡᠭᠴᠢ ᠯᠢ ᠶᠤᠸᠠᠢ ᠱᠧᠩ᠂ ᠭᠤᠸ ᠯᠢᠶᠠᠨ ᠹᠠᠩ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠤᠳᠤ᠂ ᠨᠠᠰᠤᠨᠳᠡᠯᠭᠡᠷ ᠰᠠᠭᠤᠳᠠᠯ ᠤᠨ ᠬᠤᠷᠠᠯ ᠳᠤ ᠣᠷᠣᠯᠴᠠᠪᠠ᠃       6 ᠳ᠋ᠤᠭᠠᠷ ᠰᠠᠷ᠎ᠠ ᠶᠢᠨ 5 ᠤ ᠡᠳᠦᠷ᠂ ᠣᠲᠤᠭ ᠬᠤᠰᠢᠭᠤᠨ ᠤ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠩᠬᠢᠨᠢ ᠪᠠᠷ ᠫᠠᠶᠢᠰᠠ ᠰᠡᠬᠦᠪᠡ᠃ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠨᠢᠭᠡᠳᠦᠭᠡᠷ ᠭᠠᠵᠠᠷ ᠤᠨ ᠳᠠᠷᠤᠭ᠎ᠠ ᠴᠤ ᠶᠦᠩ ᠯᠢᠶᠠᠩ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠨᠢᠭᠡᠳᠦᠭᠡᠷ ᠭᠠᠵᠠᠷ ᠤᠨ ᠳᠡᠳ᠋ ᠳᠠᠷᠤᠭ᠎ᠠ ᠵᠠᠩ ᠶᠢᠩ ᠵᠥᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃       6 ᠳ᠋ᠤᠭᠠᠷ ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠢ ᠲᠤᠬᠠᠢ ᠶᠢᠨ ᠲᠠᠯᠠᠪᠡᠢ ᠳᠤ ᠬᠢᠨᠠᠨ ᠵᠢᠯᠤᠭᠤᠳᠴᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ  ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠣᠷᠣᠯᠴᠠᠪᠠ᠃       6 ᠳ᠋ᠤᠭᠠᠷ ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠵᠠᠬᠢᠳᠠᠯ ᠰᠣᠷᠪᠦᠯᠵᠢᠯᠠᠯ ᠤᠨ ᠲᠣᠪᠴᠢᠶ᠎ᠠ ᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠤᠨ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠤᠨ ᠬᠠᠮᠢᠶ᠎ᠠ ᠪᠦᠬᠦᠢ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠪᠠᠶᠢᠭᠤᠯᠭ᠎ᠠ ᠪᠣᠯᠣᠨ ᠲᠤᠬᠠᠢ ᠶᠢᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠬᠠᠮᠲᠤ ᠪᠠᠷ ᠠᠰᠠᠭᠤᠳᠠᠯ ᠢ ᠡᠮᠬᠢᠯᠡᠨ᠂ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠰᠤᠳᠤᠯᠤᠨ ᠶᠠᠷᠢᠯᠴᠠᠪᠠ᠃       6 ᠳ᠋ᠤᠭᠠᠷ ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠤᠯᠠᠭᠠᠨᠪᠠᠯᠭᠠᠰᠣᠨ ᠳᠤ ᠭᠦᠨᠵᠡᠭᠡᠶᠢᠷᠡᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠶᠢᠨ ᠬᠠᠮᠲᠤ᠂ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠣᠨ ᠪᠠᠶᠢᠭᠤᠯᠭ᠎ᠠ ᠲᠠᠢ ᠰᠠᠭᠤᠨ ᠶᠠᠷᠢᠯᠴᠠᠪᠠ᠃ ᠬᠤᠰᠢᠭᠤᠨ ᠤ ᠤᠳᠤᠷᠢᠳᠤᠯᠭ᠎ᠠ ᠰᠤ᠋ ᡁᠢ ᠰᠢᠶᠦ᠋ᠩ᠂ ᠰᠢᠶᠧ ᠢᠦᠢ᠂ ᠵᠠᠩ ᠵᠢᠶᠦ᠋ᠨ᠂ ᠯᠢᠦ ᡁᠢ ᠵᠢᠶᠦ᠋ᠨ᠂ ᠯᠢᠦ ᠷᠦᠢ᠂ ᠮᠠ ᠽᠢ ᠳ᠋ᠦᠩ᠂ ᠨᠠᠰᠤᠨᠳᠡᠯᠭᠡᠷ ᠣᠷᠣᠯᠴᠠᠪᠠ᠃       6 ᠳ᠋ᠤᠭᠠᠷ ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠥᠮᠡᠬᠡᠶᠢᠨᠠᠭᠤᠷ ᠪᠠᠯᠭᠠᠰᠤᠨ ᠳᠤ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ᠂ ᠴᠡᠪᠡᠷ ᠡᠨᠧᠷᠭᠢ ᠶᠢᠨ ᠥᠭᠡᠷᠡᠴᠢᠯᠡᠯᠲᠡ᠂ ᠲᠣᠭᠤᠷᠢᠮ ᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠭᠤᠳᠠᠮ ᠲᠠᠯᠠᠪᠠᠶ ᠶᠢᠨ ᠭᠠᠵᠠᠷ ᠰᠣᠩᠭᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠤᠲᠤ᠂ ᠣᠶᠤᠨᠪᠠᠭᠠᠨ᠎ᠠ ᠣᠷᠣᠯᠴᠠᠪᠠ᠃       6 ᠳ᠋ᠤᠭᠠᠷ ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠯᠪᠣᠭᠠᠯᠠᠨ ᠳᠠᠭᠠᠭᠠᠴᠢᠯᠠᠬᠤ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠲᠠᠯᠠᠪᠠᠶ ᠳᠤ ᠠᠵᠢᠯᠯᠠᠬᠤ ᠶᠢᠨ ᠬᠠᠮᠲᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠵᠢᠶᠠ ᠷᠦᠢ᠂ ᠯᠢ ᡁᠢ ᠪᠢᠶᠣᠣ᠂ ᠯᠢᠦ ᠷᠦᠢ᠂ ᠦ᠋ ᠶᠦᠩ ᠨᠢᠩ ᠣᠷᠣᠯᠴᠠᠪᠠ᠃       6 ᠳ᠋ᠤᠭᠠᠷ ᠰᠠᠷ᠎ᠠ ᠶᠢᠨ 12 ᠤᠨ ᠡᠳᠦᠷ᠂ ᠣᠲᠤᠭ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠣᠷᠳᠣᠰ ᠬᠤᠲᠠ ᠶᠢᠨ ︽ᠳᠤᠯᠠᠭᠠᠨ ᠬᠤᠲᠠ ᠶᠢᠨ ᠬᠠᠯᠠᠮᠰᠢᠯ︾ ᠪᠣᠯᠦᠩ ᠤᠨ ᠠᠰᠠᠭᠤᠳᠠᠯ ᠢ ᠬᠠᠷᠢᠭᠤ ᠲᠤᠰᠬᠠᠬᠤ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠳᠤᠯᠠᠭᠠᠨ ᠬᠤᠲᠠ ᠶᠢᠨ ᠬᠠᠯᠠᠮᠰᠢᠯ︾ ᠪᠣᠯᠦᠩ ᠢ ᠲᠤᠬᠠᠢ ᠶᠢᠨ ᠲᠠᠯᠠᠪᠡᠢ ᠳᠤ ᠦᠵᠡᠨ᠂ ᠪᠥᠬᠦ ᠬᠤᠰᠢᠭᠤᠨ ᠤ ︽ᠵᠢᠵᠢᠭ ᠬᠤᠭᠤᠯᠠᠨ ᠰᠢᠷᠡᠭᠡ︾ ᠶᠢᠨ ᠥᠪᠡᠷ ᠤᠨ ᠪᠠᠶᠢᠴᠠᠭᠠᠯᠲᠠ ᠶᠢᠨ ᠪᠠᠶᠢᠳᠠᠯ ᠢ ᠰᠣᠨᠣᠰᠴᠤ᠂  ᠳᠠᠷᠠᠭ᠎ᠠ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠰᠢᠦᠢ ᠷᠦᠢ ᠹᠧᠩ᠂ ᠤᠳᠤ᠂ ᠣᠶᠤᠨᠪᠠᠭᠠᠨ᠎ᠠ᠂ ᠱᠢ ᠢ ᠯᠧᠢ ᠵᠢᠴᠢ ᠬᠠᠮᠢᠶ᠎ᠠ ᠪᠦᠬᠦᠢ ᠰᠤᠮᠤ ᠪᠠᠯᠭᠠᠰᠤ᠂ ᠪᠠᠶᠢᠭᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       6 ᠳ᠋ᠤᠭᠠᠷ ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠨᠠᠢᠮᠠᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       6 ᠳ᠋ᠤᠭᠠᠷ ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠤᠷᠢᠳ ᠬᠤᠵᠢᠳ ᠬᠤᠰᠢᠭᠤᠨ ᠤ ᠶᠡᠷᠦᠩᠬᠡᠶᠢᠯᠡᠭᠰᠡᠨ ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡᠨ ᠤ ᠲᠥᠪ᠂ ᠨᠠᠰᠤᠲᠠᠶᠢᠴᠤᠳ ᠤᠨ ᠰᠣᠶᠣᠯ ᠲᠠᠮᠢᠷ ᠤᠨ ᠬᠥᠳᠡᠯᠭᠡᠭᠡᠨ ᠤ ᠲᠥᠪ ᠵᠢᠴᠢ ᠬᠡᠰᠡᠭ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠵᠦ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠰᠬᠠᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ ᠣᠷᠣᠯᠴᠠᠪᠠ᠃       6 ᠳ᠋ᠤᠭᠠᠷ ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠳᠣᠯᠣᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠤᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃       6 ᠳ᠋ᠤᠭᠠᠷ ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠴᠢ ᠫᠠᠨ ᠵᠢᠩ ᠪᠠᠯᠭᠠᠰᠤᠨ ᠳᠤ ᠬᠤᠭ ᠨᠣᠪᠰᠢ ᠪᠤᠯᠠᠬᠤ ᠲᠠᠯᠠᠪᠠᠶ ᠶᠢ ᠪᠠᠶᠢᠭᠤᠯᠬᠤ᠂ ᠤᠰᠤᠨ ᠤ ᠰᠣᠷᠪᠣᠯᠵᠢ ᠶᠢ ᠬᠠᠮᠠᠭᠠᠯᠠᠨ ᠨᠡᠭᠦᠷᠡᠰᠦ ᠮᠠᠯᠲᠠᠬᠤ᠂ ᠠᠭᠤᠷᠬᠠᠢ ᠶᠢᠨ ᠣᠷᠣᠨ ᠤ ᠠᠮᠢ ᠠᠬᠤᠢ ᠶᠢ ᠵᠠᠰᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠯᠢ ᡁᠢ ᠪᠢᠶᠣᠣ ᠵᠢᠴᠢ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠣᠷᠣᠯᠴᠠᠪᠠ᠃       6 ᠳ᠋ᠤᠭᠠᠷ ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠰᠤ᠋ ᡁᠢ ᠰᠢᠶᠦ᠋ᠩ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠪᠠ᠃       6 ᠳ᠋ᠤᠭᠠᠷ ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠮᠧᠩ ᠰᠢ ᠠᠵᠤ ᠦᠢᠯᠡᠰ ᠤᠨ ᠬᠦᠷᠢᠶᠡᠯᠡᠩ ᠳᠠᠬᠢ ᠬᠤᠯᠪᠣᠭᠠᠯᠠᠨ ᠳᠠᠭᠠᠭᠠᠴᠢᠯᠠᠬᠤ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠲᠠᠯᠠᠪᠠᠢ ᠳᠤ ᠠᠵᠢᠯᠯᠠᠬᠤ ᠶᠢᠨ ᠬᠠᠮᠲᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠯᠢ ᡁᠢ ᠪᠢᠶᠣᠣ᠂ ᠦ᠋ ᠶᠦᠩ ᠨᠢᠩ ᠵᠢᠴᠢ ᠬᠤᠯᠪᠣᠭᠳᠠᠯ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠣᠷᠣᠯᠴᠠᠪᠠ᠃       6 ᠳ᠋ᠤᠭᠠᠷ ᠰᠠᠷ᠎ᠠ ᠶᠢᠨ 19 ᠤ ᠡᠳᠦᠷ᠂ ᠪᠦᠭᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠷᠠᠯ ᠡᠷᠬᠢᠯᠡᠭᠰᠡᠨ ᠪᠦᠭᠡᠳ ᠨᠠᠮ ᠤᠨ ᠰᠠᠬᠢᠯᠭ᠎ᠠ ᠪᠠᠲᠤ ᠶᠢᠨ ᠬᠢᠴᠢᠶᠡᠯ ᠶᠠᠷᠢᠪᠠ᠃ ᠰᠤ᠋ ᡁᠢ ᠰᠢᠶᠦ᠋ᠩ᠂ ᠯᠢ ᠷᠦᠢ ᠮᠢᠨ᠂ ᠰᠠᠷᠠᠨᠲᠤᠶᠠᠭ᠎ᠠ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃       6 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠤᠯᠠᠭᠠᠨᠪᠠᠯᠭᠠᠰᠣᠨ ᠳᠤ ᠬᠤᠭ ᠨᠣᠪᠰᠢ ᠶᠢ ᠰᠢᠢᠳᠪᠦᠷᠢᠯᠡᠵᠦ ᠠᠰᠢᠭᠯᠠᠬᠤ ᠪᠠ ᠭᠤᠣᠯᠳᠠᠯᠭ᠎ᠠ ᠲᠠᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠱᠢ ᠢ ᠯᠧᠢ ᠣᠷᠣᠯᠴᠠᠪᠠ᠃       6 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠰᠤ᠋ ᡁᠢ ᠰᠢᠶᠦ᠋ᠩ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ 2024 ᠣᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠳ ᠤᠨ ᠬᠤᠷᠠᠯ ᠢ  ᠡᠷᠭᠢᠯᠡᠨ ᠬᠤᠷᠠᠯᠳᠤᠭᠤᠯᠪᠠ᠃       6 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠴᠢ ᠫᠠᠨ ᠵᠢᠩ ᠮᠧᠩ ᠰᠢ ᠶᠢᠨ ᠵᠠᠰᠠᠭ ᠤᠨ ᠶᠠᠪᠤᠳᠠᠯ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠲᠤ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠬᠢᠯᠭᠡᠬᠦ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠂ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠣᠷᠣᠯᠴᠠᠪᠠ᠃       6 ᠳ᠋ᠤᠭᠠᠷ ᠰᠠᠷ᠎ᠠ ᠶᠢᠨ 21 ᠤ ᠡᠳᠦᠷ᠂ ᠣᠲᠤᠭ ᠬᠤᠰᠢᠭᠤᠨ ᠤ 2024 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠢᠶᠧ ᠢᠦᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠣᠶᠤᠨᠪᠠᠭᠠᠨ᠎ᠠ ᠬᠤᠷᠠᠯ ᠢ ᠡᠷᠭᠢᠯᠡᠪᠡ᠃       6 ᠳ᠋ᠤᠭᠠᠷ ᠰᠠᠷ᠎ᠠ ᠶᠢᠨ 21 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠣᠶᠤᠨᠪᠠᠭᠠᠨ᠎ᠠ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠬᠠᠮᠢᠶ᠎ᠠ ᠪᠦᠬᠦᠢ ᠪᠠᠶᠢᠭᠤᠯᠭ᠎ᠠ ᠶᠢᠨ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠠᠰᠠᠭᠤᠳᠠᠯ ᠢ ᠵᠠᠳᠠᠯᠵᠤ᠂ ᠰᠢᠢᠳᠪᠦᠷᠢᠯᠡᠬᠦ ᠠᠷᠭ᠎ᠠ ᠶᠢ ᠵᠥᠪᠳᠡᠯᠴᠡᠨ ᠶᠠᠷᠢᠯᠴᠠᠪᠠ᠂ ᠬᠠᠮᠢᠶ᠎ᠠ ᠪᠦᠬᠦᠢ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠣᠷᠣᠯᠴᠠᠪᠠ᠃       6 ᠳ᠋ᠤᠭᠠᠷ ᠰᠠᠷ᠎ᠠ ᠶᠢᠨ 25 ᠤ ᠡᠳᠦᠷ᠂ 2024 ᠣᠨ ᠤ ᠬᠤᠶᠠᠳᠤᠭᠠᠷ ᠤᠯᠠᠷᠢᠯ ᠤᠨ ᠪᠥᠬᠦ ᠬᠤᠰᠢᠭᠤᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠥᠷᠢ ᠶᠢ ᠢᠯᠭᠠᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠤᠳᠤ ᠬᠤᠷᠠᠯ ᠳᠤ ᠣᠷᠣᠯᠴᠠᠵᠤ ᠶᠠᠷᠢᠶ᠎ᠠ  ᠲᠠᠯᠪᠢᠪᠠ᠃ 6 ᠳ᠋ᠤᠭᠠᠷ ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠳᠤ ᠭᠦᠨᠵᠡᠭᠡᠶᠢᠷᠡᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠰᠢᠶᠧ ᠢᠦᠢ᠂ ᠯᠢᠦ ᠷᠦᠢ᠂ ᠯᠢ ᠶᠤᠸᠠᠢ ᠱᠧᠩ ᠣᠷᠣᠯᠴᠠᠪᠠ᠃       6 ᠳ᠋ᠤᠭᠠᠷ ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ︽ᠵᠢᠷᠭᠤᠭᠠᠨ ᠢᠨᠵᠧᠨᠧᠷᠢᠩ︾ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠤᠳᠤᠭ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶᠠ ᠷᠦᠢ ᠬᠠᠮᠲᠤ ᠪᠠᠶᠢᠴᠠᠭᠠᠨ ᠰᠤᠳᠤᠯᠤᠯᠲᠠ ᠬᠢᠪᠡ᠃       6 ᠳ᠋ᠤᠭᠠᠷ ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠤ᠋ ᡁᠢ ᠰᠢᠶᠦ᠋ᠩ ᠪᠥᠬᠦ ᠬᠤᠰᠢᠭᠤᠨ ᠤ ᠣᠷᠣᠨ ᠰᠠᠭᠤᠴᠠ ᠪᠠ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠪᠥᠬᠦ ᠣᠷᠣᠨ ᠤ ᠣᠷᠣᠨ ᠰᠠᠭᠤᠴᠠ ᠪᠠ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠳᠤ ᠲᠠᠶᠢᠯᠤᠮᠵᠢ ᠬᠢᠵᠦ᠂ ᠪᠥᠬᠦ ᠬᠤᠰᠢᠭᠤᠨ ᠤ ᠪᠠᠷᠢᠯᠭ᠎ᠠ ᠶᠢᠨ ᠬᠤᠭ ᠨᠣᠪᠰᠢ ᠵᠢᠴᠢ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠭᠰᠡᠨ ᠪᠠᠶᠢᠳᠠᠯ ᠢ ᠰᠣᠨᠣᠰᠤᠨ᠂ ᠲᠠᠷᠠᠭᠠᠴᠢ ᠶᠢᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃       6 ᠳ᠋ᠤᠭᠠᠷ ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠪᠥᠬᠦ ᠬᠤᠰᠢᠭᠤᠨ ᠤ   ᠭᠡᠷ ᠪᠠᠶᠢᠰᠢᠩ ᠲᠤᠰᠢᠶᠠᠬᠤ ᠪᠠᠲᠤᠯᠠᠭ᠎ᠠ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠳᠡᠭᠡᠳᠦ ᠱᠠᠲᠤᠨ ᠤ ︽ᠭᠡᠷ ᠪᠠᠶᠢᠰᠢᠩ ᠲᠤᠰᠢᠶᠠᠬᠤ ᠪᠠᠲᠤᠯᠠᠭ᠎ᠠ ᠶᠢᠨ ᠠᠵᠢᠯ ᠢ  ᠦᠨᠡᠨᠬᠦ ᠰᠠᠶᠢᠲᠤᠷ ᠬᠢᠬᠦ ᠶᠡᠷᠦᠩᠬᠡᠢ ᠲᠥᠰᠥᠯ︾ ︽ᠨᠢᠭᠡᠨᠲᠡ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠳᠤ ᠲᠠᠶᠢᠯᠤᠮᠵᠢ ᠬᠢᠵᠦ᠂ ᠭᠡᠷ ᠪᠠᠶᠢᠰᠢᠩ ᠲᠤᠰᠢᠶᠠᠬᠤ ᠪᠠᠲᠤᠯᠠᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠰᠢᠦᠢ ᠷᠦᠢ ᠹᠧᠩ᠂ ᠨᠠᠰᠤᠨᠳᠡᠯᠭᠡᠷ ᠵᠢᠴᠢ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       6 ᠳ᠋ᠤᠭᠠᠷ ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       6 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠩ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠶᠢᠰᠦᠳᠦᠭᠡᠷ ᠤᠳᠠᠭᠠᠨ ᠤ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃       6 ᠳ᠋ᠤᠭᠠᠷ ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠪᠦᠯᠬᠦᠮ ᠳᠠᠭᠠᠭᠤᠯᠤᠨ ᠪᠡᠭᠡᠵᠢᠩ᠂ ᠬᠠᠩᠵᠧᠦ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ᠂ ᠴᠢᠨᠠᠷ ᠰᠠᠶᠢᠲᠠᠢ ᠠᠵᠤ ᠠᠬᠤᠶᠢᠯᠠᠯ ᠲᠠᠢ ᠬᠠᠷᠢᠯᠴᠠᠨ᠂ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠠᠩ ᠣᠯᠠᠨ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠣᠲᠤᠭ ᠬᠤᠰᠢᠭᠤᠨ ᠳᠤ ᠨᠤᠲᠤᠭᠰᠢᠭᠤᠯᠬᠤ ᠪᠠᠷ ᠴᠢᠷᠮᠠᠶᠢᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ