ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ | ᠬᠠᠩᠭᠠᠯᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ | ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠣᠲᠤᠭ ᠵᠠᠰᠠᠭ ᠠᠯᠪᠠᠨ ᠲᠠᠷᠬᠠᠭᠠᠭᠰᠠᠨ ﹇2024﹈ 45 ᠳ᠋ᠤᠭᠠᠷ ᠲᠣᠭᠠᠲᠤ | | | ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ | ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠳᠤ᠄ | ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠡᠬᠢᠯᠡᠯᠲᠡ ᠶᠢᠨ ᠦᠨ᠎ᠡ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠭᠠᠵᠠᠷ ᠰᠢᠷᠣᠢ ᠶᠢᠨ ᠠᠷᠠᠯᠵᠢᠶᠠᠨ ᠤ ᠠᠵᠢᠯᠯᠠᠭ᠎ᠠ ᠶᠢ ᠤᠯᠠᠮ ᠵᠢᠷᠤᠮᠵᠢᠭᠤᠯᠬᠤ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠰᠤᠳᠤᠯᠤᠨ ᠶᠠᠷᠢᠯᠴᠠᠭᠠᠳ᠂ ᠣᠲᠤᠭ ᠬᠤᠰᠢᠭᠤᠨ ᠤ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ | ᠡᠷᠬᠡ ᠶᠢᠨ ᠬᠠᠩᠭᠠᠯᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ | ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠳᠤᠭᠤᠶᠢᠯᠠᠩ ᠤᠨ ᠳᠠᠷᠤᠭ᠎ᠠ᠄ ᠰᠤ᠋ ᡁᠢ ᠰᠢᠶᠦ᠋ᠩ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ | ᠳᠠᠷᠤᠭ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ ᠰᠢᠦᠢ ᠷᠦᠢ ᠹᠧᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠬᠤᠰᠢᠭᠤ ᠳᠡᠳ᠋ ᠳᠠᠷᠤᠭ᠎ᠠ | ᠨᠠᠰᠤᠨᠳᠡᠯᠭᠡᠷ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠦ᠋ ᠶᠦᠩ ᠨᠢᠩ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ | ᠪᠦᠷᠢᠯᠳᠦᠭᠦᠨ᠄ ᠬᠤᠸ ᠰᠢᠶᠠᠩ ᠯᠦᠩ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠳᠡᠳ᠋ ᠡᠷᠬᠢᠯᠡᠭᠴᠢ ᠪᠠᠷ ᠨᠡᠷ᠎ᠡ ᠳᠤᠷᠠᠳᠤᠭᠳᠠᠭᠴᠢ | ᠸᠠᠩ ᠵᠢᠶᠦ᠋ᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠤᠷᠤᠭᠰᠢᠯᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠰᠦᠩ ᠮᠢᠩ ᠹᠧᠩ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ | ᠵᠠᠩ ᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ | ᠭᠤᠤ ᠭᠤᠸᠠᠩ ᠹᠧᠩ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠶᠢᠨ ᠳᠠᠷᠤᠭ᠎ᠠ | ᠶᠤᠸᠠᠢ ᠽᠤ᠋ ᠫᠧᠩ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠳᠠᠷᠤᠭ᠎ᠠ | ᠸᠠᠨ ᠫᠧᠩ ᠳ᠋ᠦᠡᠭ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ | ᠤᠳᠤᠷᠢᠳᠬᠤ ᠳᠤᠭᠤᠶᠢᠯᠠᠩ ᠨᠢ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠠᠩᠭᠠᠬᠤ ᠲᠥᠯᠥᠪᠯᠡᠭᠡ ᠵᠢᠴᠢ ᠭᠠᠵᠠᠷ ᠰᠢᠷᠣᠢ | ᠬᠠᠩᠭᠠᠬᠤ ᠠᠷᠭ᠎ᠠ ᠮᠠᠶ᠋ᠢᠭ᠂ ᠰᠢᠯᠵᠢᠭᠦᠯᠦᠨ ᠬᠤᠳᠠᠯᠳᠤᠬᠤ ᠲᠥᠰᠥᠯ᠂ ᠡᠬᠢᠯᠡᠯᠲᠡ ᠶᠢᠨ ᠦᠨ᠎ᠡ ᠬᠠᠩᠰᠢ᠂ ᠪᠠᠲᠤᠯᠠᠭ᠎ᠠ ᠶᠢᠨ ᠮᠥᠩᠭᠦ ᠵᠡᠷᠭᠡ ᠴᠢᠬᠤᠯᠠ ᠵᠦᠢᠯᠡᠰ ᠢ | ᠬᠠᠷᠢᠭᠤᠴᠠᠨ ᠲᠣᠭᠲᠠᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠣᠬᠢᠷᠠᠭᠤᠯᠵᠤ᠂ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠰᠥᠩ ᠮᠢᠩ ᠹᠧᠩ ᠨᠥᠬᠦᠷ | ᠬᠠᠪᠰᠤᠷᠭᠠᠨ ᠡᠭᠦᠷᠭᠡᠯᠡᠵᠦ᠂ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠭᠦᠢᠴᠡᠳᠬᠡᠬᠦ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ᠠᠵᠢᠯ ᠤᠨ ᠬᠤᠪᠢᠷᠠᠯᠲᠠ ᠠᠴᠠ ᠪᠣᠯᠵᠤ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠪᠠᠯ᠂ ᠲᠡᠭᠦᠨ ᠤ ᠵᠠᠰᠠᠭ | ᠵᠠᠬᠢᠷᠭᠠᠨ ᠤ ᠲᠤᠰᠢᠶᠠᠯ ᠢ ᠣᠷᠣᠯᠠᠨ ᠡᠭᠦᠷᠭᠡᠯᠡᠬᠦ ᠬᠠᠷᠢᠭᠤᠴᠠᠯᠭᠠᠲᠠᠨ ᠬᠠᠷᠠᠭᠠᠯᠵᠠᠭᠰᠠᠨ ᠠᠵᠢᠯ ᠢ ᠬᠠᠷᠢᠭᠤᠴᠠᠨ ᠬᠢᠨ᠎ᠡ᠂ ᠲᠡᠬᠢᠭᠠᠦᠠ ᠠᠰᠲᠠᠭᠠᠨ ᠪᠢᠴᠢᠭ ᠮᠠᠲ᠋ᠧᠷᠢᠶᠠᠯ | ᠲᠠᠷᠬᠠᠭᠠᠬᠤ ᠦᠭᠡᠢ᠃ | ︽ᠳᠠᠭᠠᠭᠠᠴᠢᠯᠠᠯᠲᠠ ᠵᠠᠷᠯᠠᠵᠤ ᠦᠨ᠎ᠡ ᠬᠠᠶᠠᠯᠴᠠᠨ ᠫᠠᠶᠢᠰᠠ ᠡᠯᠭᠦᠵᠦ ᠰᠢᠯᠵᠢᠭᠦᠯᠦᠨ ᠬᠤᠳᠠᠯᠳᠤᠬᠤ ᠭᠠᠵᠠᠷ ᠰᠢᠷᠣᠢ ᠶᠢᠨ ᠰᠠᠭᠤᠷᠢ ᠦᠨ᠎ᠡ ᠶᠢ ᠲᠣᠭᠲᠠᠭᠠᠬᠤ | ᠳᠤᠭᠤᠶᠢᠯᠠᠩ ᠢ ᠪᠠᠶᠢᠭᠤᠯᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠲᠤᠭ ᠵᠠᠰᠠᠭ ᠠᠯᠪᠠᠨ | ᠲᠠᠷᠬᠠᠭᠠᠭᠰᠠᠨ ﹇2023﹈ 85 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 7 ᠳ᠋ᠤᠭᠠᠷ ᠰᠠᠷ᠎ᠠ ᠶᠢᠨ 1 ᠤ ᠡᠳᠦᠷ | | | | | |