ᠭᠤᠤ ᠬᠤᠸᠠᠢ ᠵᠢᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ  ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠲᠤᠰᠬᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/7/16
      7 ᠳ᠋ᠤᠭᠠᠷ ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠲᠤᠰᠬᠠᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠶᠢᠨ ᠱᠦᠵᠢ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ︽ᠨᠠᠷᠢᠯᠢᠭ ᠣᠨᠣᠪᠴᠢᠲᠠᠢ ᠪᠠᠷ ᠵᠢᠷᠤᠭᠯᠠᠬᠤ︾ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠭᠤᠸ ᠬᠤᠸᠠᠢ ᠵᠢᠩ ᠴᠢᠬᠤᠯᠠᠴᠢᠯᠠᠬᠤ ᠳᠠᠭᠠᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠤᠯᠤᠰ ᠲᠥᠷᠥ ᠶᠢᠨ ᠡᠭᠦᠷᠭᠡ ᠮᠥᠨ ᠪᠥᠭᠡᠳ ᠪᠠᠰᠠ ᠴᠤ ᠬᠥᠭᠵᠢᠯᠲᠡ ᠶᠢᠨ ᠢᠨᠵᠧᠨᠧᠷᠢᠩ ᠮᠥᠨ᠂ ᠨᠠᠩ ᠴᠤ ᠠᠷᠠᠳ ᠤᠨ ᠠᠮᠢᠳᠤᠷᠠᠯ ᠤᠨ ᠦᠢᠯᠡᠰ ᠮᠥᠨ᠃ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠣᠬᠢᠷᠲᠤᠯ ᠦᠭᠡᠢ ᠬᠥᠭᠵᠢᠯᠲᠡ ᠪᠠ ᠳᠣᠣᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠴᠢᠨᠠᠷᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ  ᠲᠤᠯᠭᠠᠭᠤᠷᠢᠯᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠪᠠ ︽ᠶᠡᠭᠡ ᠠᠮᠢ ᠠᠬᠤᠢ︾ ᠲᠡᠰᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠪᠦᠬᠦ ᠬᠦᠴᠦᠨ ᠵᠦᠢᠯ᠂ ᠪᠦᠬᠦ ᠬᠡᠯᠬᠢᠶ᠎ᠡ᠂ ᠪᠦᠬᠦᠨ ᠢ ᠬᠠᠮᠤᠷᠤᠭᠰᠠᠨ ᠪᠠᠶᠢᠳᠠᠯ ᠢ ᠣᠶᠢᠯᠠᠭᠠᠵᠤ ᠨᠠᠷᠢᠨ ᠪᠠᠶᠢᠴᠠᠭᠠᠬᠤ ᠠᠵᠢᠯ ᠢ ᠨᠢᠮᠪᠠᠢ ᠥᠷᠨᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠲᠦᠭᠰᠢᠭᠦᠷᠢ ᠶᠢᠨ ᠴᠡᠭ ᠪᠣᠯᠣᠨ ᠲᠣᠪᠣᠶᠢᠮ᠎ᠠ ᠠᠰᠠᠭᠤᠳᠠᠯ ᠤᠨ ᠰᠠᠭᠤᠷᠢ ᠲᠤᠭ᠎ᠠ ᠲᠣᠳᠣᠷᠬᠠᠢ᠂ ᠪᠠᠶᠢᠳᠠᠯ ᠲᠣᠳᠣᠷᠬᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ᠂ ᠠᠵᠢᠯ ᠤᠨ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠳᠠᠭᠠᠭᠠᠮᠠᠭᠠᠢ ᠲᠣᠭᠲᠠᠴᠠ ᠶᠢ ᠲᠡᠭᠦᠯᠳᠡᠷᠵᠢᠭᠦᠯᠦᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠶᠢᠨ ᠵᠠᠰᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠡᠯ᠎ᠡ ᠲᠦᠷᠦᠯ ᠤᠨ ᠬᠠᠤᠯᠢ ᠵᠥᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠂ ᠬᠦᠴᠦᠲᠡᠢ ᠠᠷᠭ᠎ᠠ ᠬᠡᠮᠵᠢᠶ᠎ᠡ ᠪᠠᠷ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠦᠷᠦ ᠴᠢᠩᠭ᠎ᠠ᠂ ᠴᠢᠳᠠᠪᠤᠷᠢ ᠥᠨᠳᠥᠷ᠂ ᠣᠪᠣᠷ ᠰᠤᠷᠲᠠᠯ ᠰᠠᠶᠢᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ︽ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠵᠡᠷᠭᠡ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠨ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠢ ᠴᠠᠭ ᠢᠮᠠᠭᠲᠠ ᠠᠩᠬᠠᠷᠴᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠰᠢᠰᠲ᠋ᠧᠮ ᠲᠠᠢ ᠲᠥᠯᠥᠪᠵᠢᠭᠦᠯᠬᠦ᠂ ᠪᠦᠬᠦᠯᠢ ᠴᠣᠭᠴᠠ ᠪᠠᠷ ᠲᠥᠯᠥᠪᠵᠢᠭᠦᠯᠬᠦ᠂ ᠤᠷᠢᠳᠴᠢᠯᠠᠨ ᠲᠥᠯᠥᠪᠵᠢᠭᠦᠯᠬᠦ ᠶᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ ᠶᠢ ᠬᠦᠴᠦᠲᠡᠢ ᠠᠬᠢᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠪᠣᠯᠣᠨ ᠠᠮᠤᠷ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠤᠴᠢᠷ ᠶᠠᠪᠤᠳᠠᠯ ᠢ ᠰᠢᠢᠳᠪᠦᠷᠢᠯᠡᠬᠦ︾ ᠵᠠᠩᠭᠢᠯᠠᠭ᠎ᠠ ᠶᠢ ᠠᠳᠬᠤᠵᠤ᠂ ᠠᠰᠠᠭᠤᠳᠠᠯ ᠢ ᠣᠨᠣᠪᠴᠢᠲᠠᠢ ᠡᠷᠢᠨ᠂ ᠠᠵᠢᠯ ᠢᠶᠠᠨ ᠪᠣᠳᠠᠲᠠᠢ ᠬᠢᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠡᠭᠦᠷᠭᠡ ᠶᠢ ᠲᠤᠶᠢᠯᠪᠤᠷᠢᠲᠠᠢ ᠠᠳᠬᠤᠨ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠰᠠᠨ ᠡᠯᠢᠭᠡᠨ ᠬᠠᠶᠢᠷᠠᠲᠤ ᠤᠳᠤᠭ ᠢᠶᠠᠨ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠰᠢᠭᠤᠨ ᠤ ᠤᠳᠤᠷᠢᠳᠤᠯᠭ᠎ᠠ ᠯᠢ ᡁᠢ ᠪᠢᠶᠣᠣ᠂ ᠰᠢᠦᠢ ᠷᠦᠢ ᠹᠧᠩ᠂ ᠯᠢᠦ ᠷᠦᠢ᠂ ᠭᠦᠸᠧ ᠵᠣᠣ ᠬᠤᠶ᠂ ᠨᠠᠰᠤᠨᠳᠡᠯᠭᠡᠷ᠂ ᠦ᠋ ᠶᠦᠩ ᠨᠢᠩ ᠪᠠ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ