ᠰᠤ᠋ ᡁᠢ ᠰᠢᠶᠦ᠋ᠡᠭ ᠪᠥᠬᠦ ᠬᠤᠰᠢᠭᠤᠨ ᠤ ᠤᠰᠤᠨ ᠳᠤ ᠬᠤᠯᠪᠣᠭᠳᠠᠬᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠲᠤᠰᠬᠠᠢ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/7/16
      7 ᠳ᠋ᠤᠭᠠᠷ ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ ᠪᠥᠬᠦ ᠬᠤᠰᠢᠭᠤᠨ ᠤ ᠤᠰᠤᠨ ᠳᠤ ᠬᠤᠯᠪᠣᠭᠳᠠᠬᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠲᠤᠰᠬᠠᠢ ᠲᠣᠬᠢᠷᠠᠭᠤᠯᠤᠯᠲᠠ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠨ᠂ ᠲᠠᠷᠠᠭᠠᠴᠢ ᠶᠢᠨ ᠠᠵᠢᠯ ᠢᠶᠠᠨ ᠪᠠᠶᠢᠷᠢᠯᠠᠭᠤᠯᠪᠠ᠃      ᠰᠤ᠋ ᡁᠢ ᠰᠢᠶᠦ᠋ᠡᠭ ᠬᠡᠯᠡᠬᠦ ᠳᠡᠭᠡᠨ᠂ ᠪᠥᠬᠦ ᠬᠤᠰᠢᠭᠤᠨ ᠤ ᠤᠰᠤᠨ ᠳᠤ ᠬᠤᠯᠪᠣᠭᠳᠠᠬᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ ᠣᠳᠣᠬᠠᠨ ᠤ ᠪᠠ ᠢᠷᠡᠭᠡᠳᠦᠢ ᠶᠢᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠤᠰᠤᠨ ᠳᠤ ᠬᠤᠯᠪᠣᠭᠳᠠᠬᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠤᠴᠢᠷ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠴᠢᠩᠭ᠎ᠠ  ᠨᠠᠶᠢᠳᠠᠪᠤᠷᠢᠵᠢᠭᠤᠯᠤᠨ᠂ ᠡᠯ᠎ᠡ ᠱᠠᠲᠤᠨ ᠤ ᠤᠰᠤᠨ ᠳᠤ ᠬᠤᠯᠪᠣᠭᠳᠠᠬᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠨᠢᠭᠡᠳ ᠨᠢᠭᠡ ᠪᠠᠷ ᠡᠮᠬᠢᠯᠡᠨ ᠪᠠᠶᠢᠴᠠᠭᠠᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠪᠥᠬᠦ ᠬᠤᠰᠢᠭᠤᠨ ᠤ ᠤᠰᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ︽ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠣᠨ︾ ᠤ ᠬᠠᠷᠠᠯᠲᠠ ᠡᠭᠦᠷᠭᠡ ᠶᠢ ᠲᠣᠭᠲᠠᠭᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠰᠢᠭᠯᠠᠭᠰᠠᠨ ᠣᠷᠣᠨ ᠢ ᠵᠠᠰᠠᠬᠤ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ᠂ ᠤᠰᠤᠨ ᠤ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ᠂ ᠤᠰᠤᠨ ᠤ ᠡᠬᠢ ᠪᠠᠶᠠᠯᠢᠭ ᠤᠨ ᠴᠢᠩᠭ᠎ᠠ ᠬᠢᠵᠠᠭᠠᠷᠯᠠᠯ ᠤᠨ ᠳᠦᠷᠢᠮ ᠢ ᠲᠡᠭᠦᠯᠳᠡᠷᠵᠢᠭᠦᠯᠵᠦ᠂ ᠠᠵᠤ ᠦᠢᠯᠡᠳᠪᠦᠷᠢ ᠳᠤ ᠬᠡᠷᠡᠭᠯᠡᠬᠦ ᠤᠰᠤ ᠶᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠬᠤᠲᠠ ᠪᠠᠯᠭᠠᠰᠤ ᠶᠢᠨ ᠬᠡᠷᠡᠭᠯᠡᠬᠦ ᠤᠰᠤ ᠶᠢ ᠠᠷᠪᠢᠯᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠤᠨ᠂ ᠬᠥᠮᠥᠨ ᠤᠰᠤ ᠵᠣᠬᠢᠴᠠᠯᠲᠠᠢ᠂ ᠬᠤᠲᠠ ᠤᠰᠤ ᠲᠣᠬᠢᠷᠠᠮᠵᠢᠲᠠᠢ᠂  ᠦᠢᠯᠡᠰ ᠤᠰᠤ ᠲᠣᠬᠢᠷᠠᠯᠴᠠᠩᠭᠤᠢ ᠪᠠᠶᠢᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠰᠤ ᠬᠠᠳᠠᠭᠠᠯᠠᠵᠤ ᠠᠷᠪᠢᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ᠂ ᠬᠠᠤᠯᠢ ᠵᠥᠷᠢᠴᠡᠵᠦ ᠤᠰᠤ ᠬᠡᠷᠡᠭᠯᠡᠬᠦ ᠡᠯ᠎ᠡ ᠵᠦᠢᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠮᠢᠶᠠᠷᠤᠯᠲᠠ ᠶᠢᠨ ᠲᠦᠪᠰᠢᠨ ᠢᠶᠠᠨ  ᠳᠡᠭᠡᠭᠰᠢᠯᠡᠭᠦᠯᠦᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠤᠰᠤ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠦᠨ᠂ ᠬᠤᠯᠪᠣᠭᠠᠯᠠᠨ ᠤᠰᠤ ᠬᠡᠷᠡᠭᠯᠡᠬᠦ᠂ ᠴᠢᠨᠠᠷ ᠬᠤᠪᠢᠶᠠᠨ ᠤᠰᠤ ᠬᠡᠷᠡᠭᠯᠡᠬᠦ᠂ ᠨᠢᠭᠡ ᠤᠰᠤ ᠶᠢ ᠤᠯᠠᠨ ᠲᠠᠯ᠎ᠠ ᠪᠠᠷ ᠬᠡᠷᠡᠭᠯᠡᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠲᠦᠷᠭᠡᠨ ᠪᠠᠶᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃   
ᠢᠷᠡᠯᠲᠡ᠄ ᠣᠲᠤᠭ ᠨᠡᠶᠢᠲᠡᠯᠡᠯ