ᠭᠤᠸ ᠬᠤᠸᠠᠢ ᠵᠢᠩ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/19
      7 ᠳ᠋ᠤᠭᠠᠷ ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠬᠢᠷᠤᠯ ᠭᠤᠸ ᠬᠤᠸᠠᠢ ᠵᠢᠩ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠡ᠃      ᠭᠤᠸ ᠬᠤᠸᠠᠢ ᠵᠢᠩ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠣᠭᠤᠷᠢᠮ ᠰᠤᠷᠭᠠᠭᠤᠯᠢ ᠶᠢᠨ ᠲᠣᠭᠤᠷᠢᠭ ᠤᠨ ᠶᠡᠷᠦᠩᠬᠡᠶᠢᠯᠡᠭᠰᠡᠨ ᠠᠰᠠᠷ᠂ ᠰᠡᠳᠬᠢᠴᠡ ᠶᠢᠨ ᠵᠥᠪᠯᠡᠯᠭᠡ ᠶᠢᠨ ᠲᠠᠰᠤᠭ᠂ ᠤᠩᠰᠢᠯᠭ᠎ᠠ ᠶᠢᠨ ᠲᠠᠰᠤᠭ ᠵᠡᠷᠭᠡ ᠳᠤ ᠬᠦᠷᠴᠦ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠣᠯᠣᠨ ᠲᠣᠭᠤᠷᠢᠮ ᠤᠨ ᠬᠤᠪᠢᠰᠬᠠᠯᠲᠤ ᠰᠣᠶᠣᠯ ᠤᠨ ᠬᠥᠭᠵᠢᠭᠦᠯᠦᠯᠲᠡ ᠶᠢᠨ ᠲᠥᠪ ᠢ ᠠᠭᠤᠰᠤᠯᠴᠠᠭᠤᠯᠤᠨ ᠬᠥᠭᠵᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠨᠠᠮ ᠤᠨ ᠰᠤᠷᠭᠠᠭᠤᠯᠢ ᠶᠢᠨ ᠴᠢᠳᠠᠪᠬᠢ ᠶᠢ ᠨᠠᠩ ᠰᠠᠶᠢᠲᠤᠷ ᠪᠠᠳᠠᠷᠠᠭᠤᠯᠬᠤ᠂ ᠨᠠᠮ ᠤᠨ ᠰᠤᠷᠭᠠᠭᠤᠯᠢ ᠶᠢᠨ ᠬᠥᠮᠦᠵᠢᠯ ᠪᠣᠯᠪᠠᠰᠤᠷᠠᠯ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠤᠰᠢᠭᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠭᠤᠸ ᠬᠤᠸᠠᠢ ᠵᠢᠩ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠵᠡᠷᠭᠡ ᠡᠯ᠎ᠡ ᠲᠠᠯ᠎ᠠ  ᠶᠢᠨ ᠠᠵᠢᠯ ᠢ ᠭᠦᠢᠴᠡᠳ ᠨᠤᠲᠠᠯᠠᠵᠤ᠂ ᠲᠡᠳᠡᠨ ᠢ ᠰᠢᠨ᠎ᠡ ᠴᠠᠭ ᠦᠶ᠎ᠡ ᠶᠢᠨ ᠨᠥᠬᠦᠴᠡᠯ ᠲᠠᠢ ᠤᠶᠠᠯᠳᠤᠭᠤᠯᠤᠨ᠂ ᠰᠤᠷᠭᠠᠭᠤᠯᠢ ᠡᠷᠭᠢᠯᠡᠬᠦ ᠰᠢᠨ᠎ᠡ ᠪᠣᠳᠠᠲᠤ ᠪᠠᠶᠢᠳᠠᠯ ᠳᠤ ᠰᠠᠭᠤᠷᠢᠯᠠᠵᠤ᠂ ᠲᠡᠷᠢᠭᠦᠨ ᠤ ᠪᠠᠷᠢᠮᠵᠢᠶ᠎ᠠ ᠪᠠᠷ ︽ᠬᠤᠪᠢᠰᠬᠠᠯᠲᠤ ᠰᠣᠶᠣᠯ ᠤᠨ ᠰᠤᠷᠭᠠᠭᠤᠯᠢ᠂ ᠨᠠᠮᠴᠢ ᠴᠢᠨᠠᠷ ᠤᠨ ᠬᠥᠮᠥᠵᠢᠯ ᠤᠨ ᠰᠠᠭᠤᠷᠢᠨ︾ ᠢ ᠪᠠᠶᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃      ᠭᠤᠸ ᠬᠤᠸᠠᠢ ᠵᠢᠩ ᠬᠡᠯᠡᠬᠦ ᠳᠡᠭᠡᠨ᠂ ᠨᠠᠮ ᠤᠨ ᠰᠤᠷᠭᠠᠭᠤᠯᠢ ᠪᠣᠯ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠭᠤᠣᠯ ᠪᠠᠬᠢᠯᠡᠯᠲᠡ ᠶᠢᠨ ᠭᠠᠵᠠᠷ ᠮᠥᠨ᠃ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ︽ᠨᠠᠮ ᠤᠨ ᠰᠤᠷᠭᠠᠭᠤᠯᠢ ᠶᠢᠨ ᠣᠪᠣᠭ ᠨᠠᠮ︾ ᠭᠡᠬᠦ ᠦᠨᠳᠦᠰᠦᠨ ᠵᠠᠷᠴᠢᠮ ᠢ ᠢᠮᠠᠭᠲᠠ ᠪᠠᠷᠢᠮᠲᠠᠯᠠᠨ᠂ ︽ᠨᠠᠮ ᠤᠨ ᠲᠥᠯᠥᠭᠡ ᠴᠢᠳᠠᠪᠤᠷᠢᠲᠠᠨ ᠬᠥᠮᠥᠵᠢᠭᠦᠯᠵᠦ᠂ ᠨᠠᠮ ᠤᠨ ᠲᠥᠯᠥᠭᠡ ᠠᠷᠭ᠎ᠠ ᠪᠣᠳᠣᠯᠭ᠎ᠠ ᠳᠤᠷᠠᠳᠬᠤ︾ ᠤᠭ ᠰᠠᠨᠠᠭ᠎ᠠ ᠪᠠᠨ ᠪᠠᠲᠤ ᠰᠠᠬᠢᠵᠤ᠂ ᠨᠠᠮ ᠤᠨ ᠰᠤᠷᠭᠠᠭᠤᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠨᠠᠮ ᠤᠨ ᠰᠤᠷᠭᠠᠭᠤᠯᠢ ᠶᠢᠨ ᠣᠷᠣᠰᠢᠨ ᠲᠣᠭᠲᠠᠨᠢᠬᠤ ᠶᠢᠨ ᠦᠨᠳᠦᠰᠦ ᠪᠣᠯᠭᠠᠵᠤ᠂ ᠤᠳᠤᠭ ᠤᠨ ᠥᠪᠡᠷᠮᠢᠴᠡ ᠣᠨᠴᠠᠯᠢᠭ ᠲᠠᠢ ᠬᠤᠪᠢᠰᠬᠠᠯᠲᠤ ᠰᠣᠶᠣᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠣᠭᠤᠷᠢᠮ ᠤᠨ ︽1 + N︾ ᠣᠨᠴᠠᠯᠢᠭᠲᠤ ᠪᠡᠶᠡᠴᠢᠯᠡᠨ ᠣᠶᠢᠯᠠᠭᠠᠬᠤ ᠬᠢᠴᠢᠶᠡᠯ ᠤᠳ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠰᠢᠨᠡᠴᠢᠯᠡᠵᠦ᠂ ︽ᠭᠤᠷᠪᠠᠨ ᠬᠠᠮᠲᠤ︾ ᠦᠢᠯᠡᠳᠦᠯᠭᠡ ᠶᠢᠨ ᠵᠢᠭᠠᠨ ᠰᠤᠷᠭᠠᠯᠲᠠ ᠶᠢ ᠪᠣᠳᠠᠲᠠᠢ ᠴᠢᠩᠭᠠᠳᠬᠠᠨ᠂ ᠺᠠᠳ᠋ᠷᠴᠤᠳ ᠤᠨ ᠬᠡᠪ ᠴᠢᠳᠠᠪᠤᠷᠢ ᠶᠢᠨ ᠳᠡᠭᠡᠭᠰᠢᠯᠡᠯᠲᠡ ᠶᠢ ᠡᠷᠴᠢᠮᠲᠡᠢ ᠠᠳᠬᠤᠵᠤ᠂ ᠵᠢᠭᠠᠨ ᠰᠤᠷᠭᠠᠯᠲᠠ ᠶᠢᠨ ᠲᠠᠯ᠎ᠠ ᠪᠠᠷ ᠥᠪᠡᠷᠮᠢᠴᠡ ᠣᠨᠴᠠᠯᠢᠭ ᠲᠠᠢ ᠰᠣᠳᠣᠨ ᠪᠦᠲᠦᠭᠡᠯ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠠᠯ᠎ᠠ ᠪᠠᠷ ᠵᠠᠰᠠᠭ ᠲᠤ ᠲᠤᠰᠠᠯᠠᠬᠤ ᠪᠠᠷ ᠢᠳᠡᠪᠬᠢᠲᠡᠢ ᠠᠵᠢᠯᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ  ᠲᠣᠭᠤᠷᠢᠭᠤᠯᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠤᠷᠢᠳᠠᠴᠢ ᠴᠢᠨᠠᠷᠲᠠᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠢ᠂ ᠠᠷᠭᠠᠴᠠᠭᠠᠬᠤ ᠪᠣᠳᠣᠯᠭ᠎ᠠ ᠶᠢᠨ ᠴᠢᠨᠠᠷᠲᠠᠢ ᠰᠤᠳᠤᠯᠭᠠᠨ ᠢ ᠦᠷᠭᠦᠯᠵᠢᠯᠡᠨ ᠴᠢᠩᠭᠠᠳᠬᠠᠨ᠂ ᠦᠨ᠎ᠡ ᠥᠷᠲᠡᠭ ᠲᠠᠢ ᠦᠷ᠎ᠡ ᠪᠦᠲᠦᠭᠡᠯ ᠢ ᠲᠠᠰᠤᠷᠠᠯᠲᠠ ᠦᠭᠡᠢ ᠡᠭᠦᠳᠴᠦ᠂ ᠬᠤᠰᠢᠭᠤ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠠᠭ ᠲᠤᠬᠠᠢ ᠳᠤᠨᠢ ᠬᠦᠴᠦᠲᠡᠢ ᠣᠶᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠪᠠᠭᠰᠢ ᠶᠢᠨ ᠡᠩᠨᠡᠭᠡᠨ ᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠲᠤᠰᠬᠠᠢ ᠮᠡᠷᠭᠡᠵᠢᠯᠲᠡᠨ᠂ ᠨᠠᠮ ᠵᠠᠰᠠᠭ ᠤᠨ ᠪᠠᠶᠢᠭᠤᠯᠭ᠎ᠠ ᠶᠢᠨ ᠤᠳᠤᠷᠢᠳᠬᠤ ᠺᠠᠳ᠋ᠷ᠂ ᠰᠢᠯᠢᠳᠡᠭ ᠠᠵᠤ ᠠᠬᠤᠶᠢᠯᠠᠯᠲᠠᠨ ᠵᠡᠷᠭᠡ ᠡᠯ᠎ᠡ ᠲᠦᠷᠦᠯ ᠤᠨ ᠴᠢᠳᠠᠪᠤᠷᠢᠲᠠᠨ ᠢ ᠨᠠᠮ ᠤᠨ ᠰᠤᠷᠭᠠᠭᠤᠯᠢ ᠶᠢᠨ ᠺᠠᠳ᠋ᠷᠴᠤᠳ ᠢ ᠬᠥᠮᠥᠵᠢᠭᠦᠯᠦᠨ ᠪᠣᠯᠪᠠᠰᠤᠷᠠᠭᠤᠯᠬᠤ ᠪᠠᠭᠰᠢ ᠶᠢᠨ ᠡᠩᠨᠡᠭᠡ ᠳᠤ ᠣᠷᠣᠭᠤᠯᠤᠨ᠂ ᠲᠤᠰᠬᠠᠢ ᠮᠡᠷᠭᠡᠵᠢᠯ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ ᠪᠠᠭᠰᠢ ᠶᠢᠨ ᠡᠩᠨᠡᠭᠡ ᠶᠢ ᠪᠦᠷᠢᠯᠳᠦᠭᠦᠯᠬᠦ ᠬᠡᠷᠡᠭᠲᠡᠢ᠃ ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠷ᠎ᠡ ᠪᠦᠲᠦᠭᠡᠯ ᠭᠠᠷᠭᠠᠬᠤ᠂ ᠰᠣᠳᠣᠨ ᠪᠦᠲᠦᠭᠡᠯ ᠭᠠᠷᠭᠠᠬᠤ ᠣᠷᠴᠢᠨ ᠠᠬᠤᠢ ᠶᠢ ᠪᠣᠢ ᠪᠣᠯᠭᠠᠨ᠂ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠨᠢᠭᠡ ᠪᠦᠯᠦᠭ ᠨᠡᠷᠡᠳᠤ ᠪᠠᠭᠰᠢ ᠶᠢ ᠴᠢᠷᠮᠠᠶᠢᠨ ᠬᠥᠮᠥᠵᠢᠭᠦᠯᠬᠦ ᠬᠡᠷᠡᠭᠲᠡᠢ᠃ ᠰᠤᠷᠭᠠᠭᠤᠯᠢ ᠶᠢ ᠴᠢᠩᠭ᠎ᠠ ᠵᠠᠰᠠᠬᠤ᠂ ᠶᠠᠰᠤ ᠴᠢᠨᠠᠷ ᠢ ᠴᠢᠬᠤᠯᠠᠴᠢᠯᠠᠨ ᠰᠤᠷᠭᠠᠭᠤᠯᠢ ᠪᠠᠶᠢᠭᠤᠯᠬᠤ ᠵᠠᠷᠴᠢᠮ ᠢ ᠪᠠᠷᠢᠮᠲᠠᠯᠠᠵᠤ᠂ ᠬᠠᠮᠤᠭ ᠤᠨ ᠴᠢᠩᠭ᠎ᠠ ᠤᠯᠤᠰ ᠲᠦᠷᠦ ᠶᠢᠨ ᠪᠠᠷᠢᠮᠵᠢᠶ᠎ᠠ᠂ ᠡᠷᠳᠡᠮ ᠰᠢᠨᠵᠢᠯᠡᠭᠡᠨ ᠤ ᠪᠠᠷᠢᠮᠵᠢᠶ᠎ᠠ᠂ ᠵᠢᠭᠠᠨ ᠰᠤᠷᠭᠠᠯᠲᠠ ᠶᠢᠨ ᠪᠠᠷᠢᠮᠵᠢᠶ᠎ᠠ᠂ ᠬᠠᠮᠢᠶᠠᠷᠤᠯᠲᠠ ᠶᠢᠨ ᠪᠠᠷᠢᠮᠵᠢᠶ᠎ᠠ ᠶᠢ ᠵᠢᠷᠤᠮᠯᠠᠨ᠂ ᠨᠠᠮ ᠤᠨ ᠰᠤᠷᠲᠠᠯ ᠰᠤᠷᠭᠠᠭᠤᠯᠢ ᠶᠢᠨ ᠰᠤᠷᠲᠠᠯ ᠢ ᠴᠢᠩᠳᠠᠯᠠᠬᠤ ᠶᠢ ᠪᠣᠳᠠᠲᠠᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠰᠤᠷᠤᠯᠭᠠᠲᠠᠳ ᠲᠤ ᠰᠤᠷᠤᠯᠴᠠᠵᠤ ᠠᠮᠢᠳᠤᠷᠠᠬᠤ ᠴᠡᠪᠡᠷ ᠴᠡᠮᠴᠡᠭᠡᠷ ᠣᠷᠴᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠬᠤᠰᠢᠭᠤ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠨᠠᠮ ᠤᠨ ᠰᠤᠷᠭᠠᠭᠤᠯᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠨᠠᠮ ᠤᠨ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠢ ᠥᠷᠨᠢᠭᠦᠯᠬᠦ ᠳᠤ ᠰᠠᠶᠢᠨ ᠨᠥᠬᠦᠴᠡᠯ ᠪᠦᠷᠢᠯᠳᠦᠭᠦᠯᠦᠨ᠂ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠽᠢ ᠳ᠋ᠦᠩ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ