ᠤᠯᠠᠭᠠᠨᠪᠠᠯᠭᠠᠰᠤ ᠶᠢᠨ ᠺᠠᠩ ᠨᠢᠩ ᠨᠡᠶᠢᠭᠡᠮ ᠲᠣᠭᠤᠷᠢᠭ ︽ᠰᠠᠭᠤᠭᠠᠯᠢ ᠲᠣᠭᠤᠷᠢᠭ ᠲᠤ ᠠᠷᠠᠳ ᠲᠤ ᠬᠠᠷᠠᠭᠠᠯᠵᠠᠯ ᠦᠵᠡᠭᠦᠯᠬᠦ ᠲᠣᠭᠯᠠᠯᠲᠠ ᠭᠠᠷᠭᠠᠵᠤ  ᠦᠨᠳᠦᠰᠦᠲᠡᠨ ᠤ ᠪᠦᠯᠬᠦᠮᠳᠡᠯ ᠢ ᠨᠢᠭᠲᠠᠷᠠᠭᠤᠯᠤᠨ  ᠠᠷᠠᠳ ᠤᠨ ᠰᠡᠳᠬᠢᠯ ᠢ ᠳᠤᠯᠠᠭᠠᠴᠠᠭᠤᠯᠬᠤ︾ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/7/19
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠥᠮᠥᠵᠢᠭᠦᠯᠦᠨ ᠦᠢᠯᠡᠳᠦᠯᠭᠡᠵᠢᠭᠦᠯᠵᠦ᠂ ᠥᠷᠭᠡᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠬᠥᠭᠵᠢᠭᠡᠬᠦ ᠶᠢᠨ ᠲᠤᠰᠠᠳᠠ᠂ ᠤᠯᠠᠭᠠᠨᠪᠠᠯᠭᠠᠰᠤ ᠶᠢᠨ ᠺᠠᠩ ᠨᠢᠩ ᠨᠡᠶᠢᠭᠡᠮ ᠲᠣᠭᠤᠷᠢᠭ ᠤᠨ ᠬᠢᠨ ᠵᠧᠩ ᠰᠢᠨ  ᠵᠢᠶ᠋ᠨ ᠶᠤᠸᠠᠨ ᠰᠠᠭᠤᠭᠠᠯᠢ ᠲᠣᠭᠤᠷᠢᠭ ᠤᠨ ᠠᠭᠤᠳᠠᠮ ᠲᠠᠯᠠᠪᠠᠢ ᠳᠤ ︽ᠰᠠᠭᠤᠭᠠᠯᠢ ᠲᠣᠭᠤᠷᠢᠭ ᠲᠤ ᠠᠷᠠᠳ ᠲᠤ ᠬᠠᠷᠠᠭᠠᠯᠵᠠᠯ ᠦᠵᠡᠭᠦᠯᠬᠦ ᠲᠣᠭᠯᠠᠯᠲᠠ ᠭᠠᠷᠭᠠᠵᠤ᠂ ᠦᠨᠳᠦᠰᠦᠲᠡᠨ ᠤ ᠪᠦᠯᠬᠦᠮᠳᠡᠯ ᠢ ᠨᠢᠭᠲᠠᠷᠠᠭᠤᠯᠤᠨ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠪᠠ᠃      ᠲᠣᠭᠯᠠᠭᠴᠢᠳ ᠤᠷᠠᠨ ᠰᠠᠶᠢᠬᠠᠨ ᠬᠥᠳᠡᠯᠦᠯ᠂ ᠤᠶᠠᠩᠭᠠᠲᠤ ᠢᠷᠠᠭᠤ ᠳᠠᠭᠤᠤ᠂ ᠤᠶᠠᠷᠠᠭᠤᠯᠤᠮ᠎ᠠ ᠭᠤᠶᠣ ᠠᠶᠠᠯᠭᠤ ᠪᠠᠷ ᠢᠶᠠᠨ ᠬᠠᠷᠢᠶ᠎ᠠ ᠣᠷᠣᠨ ᠳᠠᠬᠢ ᠣᠷᠣᠨ ᠤ ᠰᠠᠭᠤᠭᠠᠯᠢ ᠠᠷᠠᠳ ᠤᠨ ᠰᠣᠨᠢᠷᠬᠠᠯ ᠢ ᠲᠠᠲᠠᠵᠤ᠂ ᠭᠡᠷᠡᠯ ᠰᠠᠴᠤᠷᠠᠩᠭᠤᠢ ᠰᠣᠶᠣᠯ ᠤᠨ ᠬᠠᠭᠤᠳᠠᠰᠤ ᠶᠢ ᠪᠢᠴᠢᠭᠯᠡᠨ᠂ ︽ᠳᠤᠮᠳᠠᠳᠤ ᠶᠢᠨ ᠦᠨᠳᠦᠰᠦᠲᠡᠨ ᠨᠦᠭᠦᠳ ᠨᠢᠭᠡ ᠭᠡᠷ ᠤᠨ ᠬᠦᠮᠦᠰ ᠮᠡᠲᠦ ᠲᠣᠳᠤᠨᠤᠰᠤᠭ ᠪᠠᠶᠢᠯᠴᠠᠵᠤ᠂ ᠳᠤᠮᠳᠠᠳᠤ ᠶᠢᠨ  ᠬᠦᠰᠡᠯ ᠢ ᠰᠡᠳᠬᠢᠯ ᠨᠢᠭᠡᠳᠦᠨ ᠬᠠᠮᠲᠤᠪᠠᠷ ᠪᠡᠶᠡᠯᠡᠭᠦᠯᠬᠦ︾ ᠴᠠᠭ ᠦᠶ᠎ᠡ ᠶᠢᠨ ᠬᠥᠭ ᠠᠶᠠᠰ ᠢ ᠬᠠᠮᠲᠤᠪᠠᠷ ᠴᠢᠪᠬᠠᠳᠠᠪᠠ᠃      ᠲᠠᠶᠢᠰᠠᠨ ᠳᠣᠣᠷ᠎ᠠ ᠲᠣᠭᠯᠠᠯᠲᠠ ᠰᠣᠨᠢᠷᠬᠠᠭᠰᠠᠨ ᠰᠠᠭᠤᠭᠠᠯᠢ ᠠᠷᠠᠳ ᠸᠠᠩ ᠡᠪᠦᠭᠡ᠄ ︽ᠨᠡᠶᠢᠭᠡᠮ ᠲᠣᠭᠤᠷᠢᠭ ᠨᠢ ᠶᠠᠭ ᠨᠢᠭᠡᠨ ᠲᠣᠮᠣ ᠭᠡᠷ ᠪᠦᠯᠢ ᠰᠢᠭ᠂ ᠠᠶᠢᠯ ᠰᠠᠭᠠᠬᠠᠯᠲᠠ ᠪᠠᠷ ᠢᠶᠠᠨ ᠠᠳᠡ ᠴᠤᠭᠯᠠᠷᠠᠵᠤ ᠲᠣᠭᠯᠠᠯᠲᠠ ᠦᠵᠡᠨ᠂ ᠵᠣᠭᠤᠭ ᠳᠡᠯᠭᠡᠵᠦ ᠰᠠᠭᠤᠬᠤ ᠨᠢ ᠶᠠᠭᠤᠲᠠᠢ ᠲᠠᠭᠠᠲᠠᠢ ᠪᠣᠢ︾ ᠭᠡᠵᠦ ᠪᠠᠶᠠᠷᠲᠠᠢ ᠬᠡᠯᠡᠨ᠎ᠡ᠃ ᠡᠨᠡ ᠤᠳᠠᠭᠠᠨ ᠤ ᠭᠤᠶᠢᠳᠠ ᠰᠠᠶᠢᠬᠠᠨ ᠲᠣᠭᠯᠠᠯᠲᠠ ᠨᠢ ᠤᠯᠠᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠳᠠᠶᠠᠭᠠᠷ ᠲᠤ ᠦᠨᠳᠦᠰᠦᠲᠡᠨ ᠤ ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠨ᠂ ᠰᠣᠶᠣᠯ ᠤᠨ ᠰᠣᠯᠢᠯᠴᠠᠭ᠎ᠠ ᠶᠢ ᠴᠢᠩᠭᠠᠳᠬᠠᠭᠰᠠᠨ ᠪᠣᠳᠠᠲᠠᠢ ᠠᠵᠢᠯᠯᠠᠭ᠎ᠠ ᠪᠣᠯᠵᠠᠢ᠃      ᠰᠠᠭᠤᠭᠠᠯᠢ ᠲᠣᠭᠤᠷᠢᠭ ᠲᠤ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠨ ᠠᠷᠠᠳ ᠤᠨ ᠰᠡᠳᠬᠢᠯ ᠢ ᠳᠤᠯᠠᠭᠠᠴᠠᠭᠤᠯᠪᠠ᠃ ᠡᠨᠡ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠶᠢ ᠤᠯᠠᠨ ᠲᠦᠮᠡᠨ ᠤ ᠡᠭᠦᠳᠡᠨ ᠳᠤᠨᠢ ᠭᠠᠷᠭᠠᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠬᠢᠭᠡᠳ ᠬᠠᠷᠢᠶᠠᠯᠠᠭᠳᠠᠬᠤ ᠲᠥᠷᠥᠭᠳᠡᠯ ᠢ ᠨᠡᠮᠡᠭᠳᠡᠭᠦᠯᠪᠡ᠃ ᠳᠠᠷᠠᠭᠠᠴᠢ ᠪᠠᠷ ᠺᠠᠩ ᠨᠢᠩ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ ᠣᠯᠠᠨ ᠵᠦᠢᠯ ᠤᠨ ᠪᠦᠲᠦᠮᠵᠢᠲᠡᠶ ᠠᠵᠢᠯᠯᠠᠭ᠎ᠠ ᠥᠷᠨᠢᠭᠦᠯᠵᠦ᠂ ᠣᠯᠠᠨ ᠤ ᠰᠡᠳᠬᠢᠯ ᠢ ᠨᠢᠭᠡᠳᠬᠡᠵᠦ ᠬᠦᠴᠦᠨ ᠢ ᠬᠠᠮᠲᠤᠳᠬᠠᠨ᠂ ᠰᠣᠶᠣᠯ ᠤᠨ ᠠᠵᠢᠯᠯᠠᠭᠠᠨ ᠤ ᠠᠭᠤᠯᠭ᠎ᠠ ᠪᠠ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ᠎ᠠ᠃   
ᠢᠷᠡᠯᠲᠡ᠄ ᠤᠯᠠᠭᠠᠨᠪᠠᠯᠭᠠᠰᠤ