ᠴᠢ ᠫᠠᠠ ᠵᠢᠩ ᠪᠠᠯᠭᠠᠰᠤ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ  ᠨᠢᠭᠤᠷᠳᠠᠨ ᠦᠢᠯᠡᠴᠢᠯᠡᠬᠦ ᠡᠳᠦᠷ ᠤᠨ ᠠᠵᠢᠯᠯᠠᠭ᠎ᠠ ᠥᠷᠨᠢᠭᠦᠯᠦᠨ  ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/7/19
      ᠣᠶᠢᠷ᠎ᠠ ᠳᠤ᠂ ᠴᠢ ᠫᠠᠨ ᠵᠢᠩ ᠤᠨ ᠡᠯ᠎ᠡ ᠭᠠᠴᠠᠭ᠎ᠠ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠲᠤ ᠦᠰᠦ ᠵᠠᠰᠠᠬᠤ᠂ ᠴᠢᠰᠤᠨ ᠳᠠᠷᠤᠯᠲᠠ ᠶᠢ ᠬᠡᠮᠵᠢᠬᠦ᠂ ᠭᠡᠷᠡᠴᠢᠯᠡᠯ ᠬᠢᠵᠦ ᠥᠭᠬᠦ ᠵᠡᠷᠭᠡ ᠦᠢᠯᠡᠴᠢᠯᠡᠭᠡ ᠬᠠᠩᠭᠠᠵᠤ᠂ ᠴᠥᠭᠡᠨ ᠪᠤᠰᠤ ᠰᠠᠭᠤᠭᠠᠯᠢ ᠠᠷᠠᠳ ᠤᠨ ᠠᠩᠬᠠᠷᠤᠯ ᠢ ᠲᠠᠳᠠᠨ᠂ ᠲᠡᠳᠡ ᠨᠢᠭᠤᠷᠳᠠᠨ ᠦᠢᠯᠡᠴᠢᠯᠡᠬᠦ ᠡᠳᠦᠷ ᠤᠨ ᠠᠵᠢᠯᠯᠠᠭ᠎ᠠ ᠳᠤ ᠣᠷᠣᠯᠴᠠᠬᠤ ᠪᠠᠷ ᠮᠥᠷᠯᠡᠨ ᠵᠢᠭᠰᠠᠵᠤ ᠪᠠᠶᠢᠯ᠎ᠠ᠃      7 ᠳ᠋ᠤᠭᠠᠷ ᠰᠠᠷ᠎ᠠ ᠶᠢᠨ 17 ᠤ ᠡᠳᠦᠷ᠂ ᠰᠢᠷᠢᠭᠢ ᠲᠣᠰᠬᠤᠨ ᠳᠤ ᠬᠤᠶᠠᠳᠤᠭᠠᠷ ᠡᠭᠡᠯᠵᠢ ᠶᠢᠨ ᠨᠢᠭᠤᠷᠳᠠᠨ ᠦᠢᠯᠡᠴᠢᠯᠡᠬᠦ ᠡᠳᠦᠷ ᠤᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠠᠵᠢᠯᠲᠠᠳ ᠤᠬᠠᠭᠤᠯᠭ᠎ᠠ ᠶᠢᠨ ᠭᠠᠷ ᠳᠡᠪᠲᠡᠷ ᠬᠤᠪᠢᠶᠠᠨ᠂ ᠰᠠᠭᠤᠭᠠᠯᠢ ᠠᠷᠠᠳ ᠲᠠᠢ ᠰᠠᠨᠠᠯ ᠢᠶᠠᠨ ᠰᠣᠯᠢᠯᠴᠠᠵᠤ᠂ ᠰᠠᠭᠤᠭᠠᠯᠢ ᠠᠷᠠᠳ ᠤᠨ ᠠᠰᠠᠭᠤᠳᠠᠯ ᠢ ᠬᠠᠷᠢᠭᠤᠯᠤᠨ᠂ ᠰᠠᠭᠤᠭᠠᠯᠢ ᠠᠷᠠᠳ ᠤᠨ ᠰᠠᠨᠠᠭᠤᠯᠭ᠎ᠠ ᠶᠢ ᠬᠢᠨᠠᠮᠠᠭᠠᠢ ᠰᠣᠨᠣᠰᠴᠤ᠂ ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ ᠲᠤ ᠨᠠᠩ ᠪᠦᠷᠢᠨ ᠪᠦᠲᠦᠨ᠂ ᠨᠠᠩ ᠳᠣᠲᠣᠨᠣ ᠦᠢᠯᠡᠴᠢᠯᠡᠭᠡ ᠬᠠᠩᠭᠠᠨ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠬᠢᠭᠡᠳ ᠨᠥᠯᠥᠭᠡᠯᠡᠬᠦ ᠬᠦᠴᠦᠨ ᠢ ᠤᠯᠠᠮ ᠳᠡᠭᠡᠭᠰᠢᠯᠡᠭᠦᠯᠦᠭᠰᠡᠨ ᠪᠠᠶᠢᠨ᠎ᠠ᠂ ᠲᠣᠰ ᠤᠳᠠᠭᠠᠨ ᠤ ︽ᠨᠢᠭᠤᠷᠳᠠᠨ ᠦᠢᠯᠡᠴᠢᠯᠡᠬᠦ ᠡᠳᠦᠷ︾ ᠤᠨ ᠠᠵᠢᠯᠯᠠᠭ᠎ᠠ ᠳᠤ ᠨᠡᠶᠢᠲᠡ 40 ᠭᠠᠷᠤᠢ ᠬᠦᠮᠥᠨ ᠦᠢᠯᠡᠴᠢᠯᠡᠵᠦ᠂ 70 ᠭᠠᠷᠤᠢ ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠬᠠᠩᠭᠠᠵᠠᠢ᠃      ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠲᠡᠭᠦᠯᠳᠡᠷᠵᠢᠭᠦᠯᠬᠦ ᠶᠠᠪᠤᠴᠠ ᠳᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠰᠠᠭᠤᠷᠢᠰᠢᠯ ᠨᠡᠯᠢᠶᠡᠳ ᠬᠤᠯᠠ᠂ ᠵᠠᠷᠢᠮ ᠨᠠᠰᠤᠲᠠᠶᠢᠴᠤᠳ ᠬᠥᠳᠡᠯᠵᠦ ᠪᠠᠷᠢᠬᠤ ᠳᠤ ᠳᠥᠭᠦᠮ ᠦᠭᠡᠢ ᠪᠠᠶᠢᠳᠠᠯ ᠳᠤ ᠴᠢᠭᠯᠡᠭᠦᠯᠦᠨ᠂ ᠴᠢ ᠫᠠᠨ ᠵᠢᠩ ᠪᠠᠯᠭᠠᠰᠤ ᠬᠠᠷᠢᠶ᠎ᠠ ᠣᠷᠣᠨ ᠤ ᠡᠬᠢ ᠪᠠᠶᠠᠯᠢᠭ ᠢᠶᠠᠨ ᠢᠳᠡᠪᠬᠢᠲᠡᠢ ᠨᠡᠶᠢᠯᠡᠭᠦᠯᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠮᠠᠯ ᠢ ᠣᠨᠣᠰᠢᠯᠠᠨ ᠡᠮᠨᠡᠬᠦ᠂ ᠬᠦᠦ ᠮᠥᠩᠭᠦ ᠶᠢ ᠪᠠᠭᠤᠷᠠᠭᠤᠯᠬᠤ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠦᠢᠯᠡᠴᠢᠯᠡᠭᠡ ᠶᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠲᠡᠯ᠎ᠡ ᠭᠦᠨᠵᠡᠭᠡᠶᠢᠷᠡᠭᠦᠯᠦᠨ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠪᠠ᠃      ᠳᠠᠷᠠᠭ᠎ᠠ ᠠᠯᠬᠤᠮ ᠳᠤ᠂ ᠴᠢ ᠫᠠᠨ ᠵᠢᠩ ᠪᠠᠯᠭᠠᠰᠤ ︽ᠪᠠᠯᠭᠠᠰᠤ ᠶᠢᠨ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠷᠠᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠲᠥᠪᠯᠡᠷᠡᠭᠦᠯᠦᠨ᠂ ᠰᠠᠭᠤᠭᠠᠯᠢ ᠠᠷᠠᠳ ᠤᠨ ︽ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ︾ ᠶᠢ ᠠᠯᠬᠤᠮ ᠠᠯᠬᠤᠮ ᠢᠶᠠᠷ ︽ᠬᠠᠨᠤᠮᠵᠢ ᠶᠢᠨ ᠨᠠᠷᠢᠨ ᠲᠠᠩᠰᠠ︾ ᠪᠣᠯᠭᠠᠨ ᠬᠤᠪᠢᠷᠠᠭᠤᠯᠵᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠳᠠᠰᠤᠷᠠᠯᠳᠠ ᠦᠭᠡᠢ ᠥᠷᠭᠡᠳᠬᠡᠨ᠂ ᠠᠷᠠᠳ ᠲᠤ ᠨᠢᠭᠤᠷᠳᠠᠨ ᠦᠢᠯᠡᠴᠢᠯᠡᠬᠦ ᠶᠢ ᠳᠠᠰᠤᠷᠠᠯᠳᠠ ᠦᠭᠡᠢ ᠠᠬᠢᠭᠤᠯᠤᠨ᠎ᠠ᠃ 
ᠢᠷᠡᠯᠲᠡ᠄ ᠴᠢ ᠫᠠᠨ ᠵᠢᠩ ᠪᠠᠯᠭᠠᠰᠤ