ᠤᠯᠠᠭᠠᠨᠪᠠᠯᠭᠠᠰᠤ ︽ᠳᠤᠯᠠᠭᠠᠨ ᠢᠨᠵᠧᠨᠧᠷᠢᠩ︾ ᠢᠶᠠᠷ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/7/19
      ︽ᠡᠨᠡ ᠬᠦ ᠳᠥᠭᠦᠮᠬᠡᠨ ᠵᠥᠪᠳᠡᠯᠴᠡᠭᠡ ᠶᠢ ᠪᠠᠰᠤᠵᠤ ᠪᠣᠯᠬᠤ ᠦᠭᠡᠢ᠂ ᠡᠨᠡ ᠪᠣᠯ ᠪᠢᠳᠠᠨ ᠤ ᠠᠷᠠᠳ ᠲᠦᠮᠡᠨ ᠢ ᠬᠠᠪᠰᠤᠷᠤᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ ᠥᠭᠴᠦ ᠪᠠᠶᠢᠭ᠎ᠠ ᠶᠠᠪᠤᠳᠠᠯ ᠮᠥᠨ᠂  ᠠᠷᠠᠳ ᠲᠦᠮᠡᠨ ᠤ ᠰᠠᠨᠠᠯ ᠪᠣᠳᠣᠯ ᠢᠶᠠᠨ ᠢᠯᠡᠳᠬᠡᠬᠦ ᠵᠢᠩᠬᠢᠨᠢ ᠲᠠᠪᠴᠠᠩ ᠮᠥᠨ︾ ᠭᠡᠵᠦ ᠤᠯᠠᠭᠠᠨᠪᠠᠯᠭᠠᠰᠤ ᠶᠢᠨ ᠱᠤᠸᠠᠢ ᠹᠸᠡᠭ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠡᠯᠡᠨ᠎ᠡ᠃      ᠡᠮᠦᠨᠡᠬᠢ ᠬᠤᠭᠤᠴᠠᠭᠠᠨ ᠤ ᠣᠯᠠᠨ ᠲᠠᠯ᠎ᠠ ᠶᠢᠨ ᠵᠣᠬᠢᠴᠠᠭᠤᠯᠭ᠎ᠠ ᠪᠠᠷ ᠳᠡᠮᠵᠢᠨ᠂ ᠤᠯᠠᠭᠠᠨᠪᠠᠯᠭᠠᠰᠤ ᠬᠠᠷᠢᠶ᠎ᠠ ᠣᠷᠣᠨ ᠳᠠᠬᠢ ᠰᠠᠭᠤᠭᠠᠯᠢ ᠠᠷᠠᠳ ᠤᠨ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠣᠯᠣᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠢ ᠶᠢᠨ ᠭᠠᠵᠠᠷ ᠲᠤᠨᠢ ᠬᠦᠷᠦᠨ ᠡᠷᠦᠬᠡ ᠳᠤ ᠣᠷᠣᠵᠤ ︽ᠡᠷᠦᠬᠡ ᠨᠢᠭᠡᠪᠦᠷᠢ ᠳᠤ ᠳᠤᠯᠠᠭᠠᠨ ᠢᠨᠵᠧᠨᠧᠷᠢᠩ ᠤᠨ ᠵᠠᠬᠢᠳᠠᠯ︾  ᠬᠤᠪᠢᠶᠠᠬᠤ ᠬᠡᠯᠪᠡᠷᠢ ᠪᠠᠷ ᠪᠠᠶᠢᠴᠠᠭᠠᠯᠲᠠ ᠶᠢᠨ ᠦᠷ᠎ᠡ ᠳ᠋ᠦᠩ ᠲᠠᠢ ᠤᠶᠠᠯᠳᠤᠭᠤᠯᠤᠨ ︽ᠨᠢᠭᠡ ᠡᠷᠦᠬᠡ ᠨᠢᠭᠡ ᠳᠡᠪᠲᠡᠷ︾ ᠤᠨ ᠳᠤᠯᠠᠭᠠᠯᠠᠭ᠎ᠠ ᠶᠢᠨ ᠲᠠᠩᠰᠠ ᠡᠪᠬᠡᠮᠡᠯ ᠪᠠᠶᠢᠭᠤᠯᠵᠤ᠂ ᠳᠣᠯᠣᠳᠤᠭᠠᠷ ᠰᠠᠭᠤᠭᠠᠯᠢ ᠠᠷᠠᠳ ᠤᠨ ᠵᠥᠪᠯᠡᠯ᠂ ᠨᠠᠢᠮᠠᠳᠤᠭᠠᠷ ᠰᠠᠭᠤᠭᠠᠯᠢ ᠠᠷᠠᠳ ᠤᠨ ᠵᠥᠪᠯᠡᠯ᠂ ᠵᠧᠩ ᠾᠧ ᠶᠤᠸᠠᠨ ᠰᠠᠭᠤᠭᠠᠯᠢ ᠲᠣᠭᠤᠷᠢᠭ ᠤᠨ ᠬᠤᠶᠢᠲᠤ ᠲᠣᠭᠤᠷᠢᠭ᠂ ᠬᠤᠸᠠ ᠸᠧᠢ ᠱᠠᠩ ᠫᠢᠨ᠂ ᠱᠧᠩ ᠱᠢ ᠵᠤᠸᠠᠩ ᠶᠤᠸᠠᠨ᠂ ᠵᠢᠶᠠᠨ ᠲᠠᠢ B ᠲᠣᠭᠤᠷᠢᠭ ᠲᠤ ᠣᠷᠣᠰᠢᠵᠤ ᠪᠠᠶᠢᠭ᠎ᠠ ᠳᠤᠯᠠᠭᠠᠯᠠᠭ᠎ᠠ ᠶᠢᠨ ᠠᠰᠠᠭᠤᠳᠠᠯ ᠤᠨ ᠲᠤᠬᠠᠢ ᠵᠥᠪᠳᠡᠯᠴᠡᠪᠡ᠃ ᠡᠯ᠎ᠡ ᠲᠠᠯ᠎ᠠ ᠶᠢᠨ ᠲᠥᠯᠥᠭᠡᠯᠡᠭᠴᠢᠳ ᠠᠰᠠᠭᠤᠳᠠᠯ ᠢᠶᠠᠨ ᠳᠤᠷᠠᠳᠴᠤ᠂ ᠰᠢᠢᠳᠪᠦᠷᠢᠯᠡᠬᠦ ᠠᠷᠭ᠎ᠠ ᠶᠢ ᠬᠠᠮᠲᠤ ᠪᠠᠷ ᠵᠥᠪᠳᠡᠯᠴᠡᠪᠡ᠃ ᠡᠴᠦᠰ ᠲᠤᠨᠢ᠂ ᠡᠯ᠎ᠡ ᠲᠠᠯ᠎ᠠ ᠶᠢᠨ ᠬᠢᠨ ᠤ ᠠᠰᠢᠭ ᠲᠤᠰᠠ ᠪᠣᠯᠣᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠲᠡᠩᠴᠡᠭᠦᠷᠢᠲᠡᠢ ᠪᠣᠯᠭᠠᠭᠰᠠᠨ ᠰᠠᠭᠤᠷᠢᠨ ᠳᠡᠭᠡᠷ᠎ᠡ᠂ ᠠᠳᠠᠯᠢ ᠲᠠᠯ᠎ᠠ ᠶᠢ ᠨᠢᠭᠡᠳᠬᠡᠵᠦ ᠵᠥᠷᠢᠶ᠎ᠡ ᠶᠢ ᠦᠯᠡᠳᠡᠭᠡᠨ᠂ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ᠳᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠲᠥᠰᠥᠯ ᠢ ᠲᠣᠭᠲᠠᠭᠠᠵᠠᠢ᠃      ᠤᠯᠠᠭᠠᠨᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠷᠠᠳ ᠤᠨ ᠠᠮᠢᠳᠤᠷᠠᠯ ᠤᠨ ᠳᠤᠯᠠᠭᠠᠯᠭ᠎ᠠ ᠶᠢᠨ ᠠᠰᠠᠭᠤᠳᠠᠯ ᠢ ᠰᠢᠢᠳᠪᠦᠷᠢᠯᠡᠬᠦ ᠳᠡᠭᠡᠨ ᠤᠴᠢᠷ ᠢ ᠵᠥᠪᠳᠡᠯᠴᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠨ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠵᠤ᠂ ᠰᠢᠢᠳᠪᠦᠷᠢᠯᠡᠬᠦ ᠲᠥᠰᠥᠯ ᠢ ᠬᠠᠮᠲᠤ ᠪᠠᠷ ᠶᠠᠷᠢᠯᠴᠠᠪᠠ᠃ ᠦᠨᠳᠦᠰᠦᠨ ᠱᠠᠲᠤᠨ ᠤ ᠪᠣᠳᠠᠲᠠᠢ ᠠᠰᠠᠭᠤᠳᠠᠯ ᠢ ᠵᠥᠪᠯᠡᠬᠦ ᠶᠠᠪᠤᠴᠠ ᠳᠤ ᠰᠢᠢᠳᠪᠦᠷᠢᠯᠡᠬᠦ᠂ ᠵᠥᠷᠢᠴᠡᠯ ᠢ ᠵᠥᠪᠯᠡᠬᠦ ᠶᠠᠪᠤᠴᠠ ᠳᠤ ᠠᠷᠢᠯᠭᠠᠬᠤ᠂ ᠬᠠᠮᠲᠤ ᠶᠢᠨ ᠲᠠᠨᠢᠯᠲᠠ ᠶᠢ ᠵᠥᠪᠯᠡᠬᠦ ᠶᠠᠪᠤᠴᠠ ᠳᠤ ᠪᠣᠢ ᠪᠣᠯᠭᠠᠬᠤ᠂ ᠠᠷᠠᠳᠴᠢᠯᠠᠯ ᠢ ᠵᠥᠪᠯᠡᠬᠦ ᠶᠠᠪᠤᠴᠠ ᠳᠤ ᠲᠡᠭᠦᠯᠳᠡᠷᠵᠢᠭᠦᠯᠬᠦ ᠶᠢ ᠪᠦᠲᠦᠮᠵᠢᠲᠡᠶ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠪᠡ᠃ ᠡᠶᠢᠮᠦᠷᠬᠦ ᠠᠷᠭ᠎ᠠ ᠬᠡᠯᠪᠡᠷᠢ ᠨᠢ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠠᠷᠠᠳᠴᠢᠯᠠᠯᠲᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠣᠯᠠᠨ ᠲᠦᠮᠡᠨ ᠤ ᠵᠠᠰᠠᠭ ᠤᠨ ᠣᠷᠳᠣᠨ ᠤ ᠠᠵᠢᠯ ᠢ ᠮᠡᠳᠡᠷᠡᠬᠦ ᠰᠡᠳᠬᠢᠯᠭᠡ ᠬᠢᠭᠡᠳ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠭᠰᠡᠨ ᠪᠠᠶᠢᠨ᠎ᠠ᠃      ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠪᠠᠶᠢᠳᠠᠭ ᠦᠭᠡᠢ᠂ ᠵᠢᠵᠢᠭ ᠰᠠᠵᠢᠭ ᠶᠠᠪᠤᠳᠠᠯ ᠠᠴᠠ ᠤᠭ ᠰᠠᠨᠠᠭ᠎ᠠ ᠢᠯᠡᠷᠡᠳᠡᠭ ᠶᠤᠮ᠃ ᠤᠯᠠᠭᠠᠨᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤᠴᠢᠷ ᠢ ᠵᠥᠪᠳᠡᠯᠴᠡᠬᠦ ᠪᠠᠷ ᠳᠠᠮᠵᠢᠭᠤᠯᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠣᠶᠢᠯᠠᠭᠠᠵᠤ᠂ ᠳᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠢ ᠲᠥᠰᠥᠯ ᠢ ᠲᠣᠭᠲᠠᠭᠠᠪᠠ᠃  ᠣᠳᠣᠬᠠᠨ ᠪᠣᠯᠲᠠᠯ᠎ᠠ᠂ ︽ᠤᠴᠢᠷ ᠢ ᠰᠠᠶᠢᠲᠤᠷ ᠵᠥᠪᠳᠡᠯᠴᠡᠬᠦ︾ ᠲᠠᠪᠴᠠᠩ ᠢᠶᠠᠷ ᠨᠡᠶᠢᠲᠡ 32 ᠵᠥᠷᠢᠴᠡᠯ ᠢ ᠠᠮᠵᠢᠯᠲᠠ ᠲᠠᠢ ᠰᠢᠢᠳᠪᠦᠷᠢᠯᠡᠵᠦ᠂ 392 ᠬᠥᠮᠥᠨ ᠣᠷᠣᠯᠴᠠᠭᠰᠠᠨ ᠨᠢ ᠣᠯᠠᠨ ᠲᠦᠮᠡᠨ ᠤ ᠣᠷᠣᠯᠴᠠᠬᠤ ᠤᠷᠮ᠎ᠠ ᠪᠣᠯᠣᠨ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠭᠰᠡᠨ ᠮᠥᠷᠲᠡᠭᠡᠨ ᠵᠠᠰᠠᠭ ᠤᠨ ᠣᠷᠳᠣᠨ ᠬᠢᠭᠡᠳ ᠣᠯᠠᠨ ᠲᠦᠮᠡᠨ ᠤ ᠬᠤᠭᠤᠷᠣᠨᠳᠣᠬᠢ ᠬᠠᠷᠢᠯᠴᠠᠭ᠎ᠠ ᠣᠶᠢᠯᠠᠭᠠᠯᠴᠠᠭ᠎ᠠ ᠶᠢ ᠠᠬᠢᠭᠤᠯᠤᠭᠰᠠᠨ ᠪᠠᠶᠢᠨ᠎ᠠ᠃ ᠬᠤᠵᠢᠮ᠂ ᠤᠯᠠᠭᠠᠨᠪᠠᠯᠭᠠᠰᠤ ᠦᠷᠭᠦᠯᠵᠢᠯᠡᠨ ᠤᠴᠢᠷ ᠢ ᠵᠥᠪᠳᠡᠯᠴᠡᠬᠦ ᠠᠷᠭ᠎ᠠ ᠪᠠᠷ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ 
ᠢᠷᠡᠯᠲᠡ᠄ ᠤᠯᠠᠭᠠᠨᠪᠠᠯᠭᠠᠰᠤ