︽ᠣᠲᠤᠭ ᠬᠤᠰᠢᠭᠤᠨ ᠤ ᠠᠷᠠᠳ ᠲᠤ ᠬᠠᠷᠠᠭᠠᠯᠵᠠᠯ ᠦᠵᠡᠭᠦᠯᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/7/19
︽ᠣᠲᠤᠭ ᠬᠤᠰᠢᠭᠤᠨ ᠤ ᠠᠷᠠᠳ ᠲᠤ ᠬᠠᠷᠠᠭᠠᠯᠵᠠᠯ ᠦᠵᠡᠭᠦᠯᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ  ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ                                        ᠣᠲᠤᠭ ᠵᠠᠰᠠᠭ ᠠᠯᠪᠠᠨ ᠲᠠᠷᠬᠠᠭᠠᠭᠰᠠᠨ ﹇2024﹈ 50 ᠳ᠋ᠤᠭᠠᠷ ᠲᠣᠭᠠᠲᠤᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠳᠤ᠄       ᠡᠳᠦᠭᠡ ︽ᠣᠲᠤᠭ ᠬᠤᠰᠢᠭᠤᠨ ᠤ ᠠᠷᠠᠳ ᠲᠤ ᠬᠠᠷᠠᠭᠠᠯᠵᠠᠯ ᠦᠵᠡᠭᠦᠯᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠳᠣᠯᠣᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠰᠠᠶᠢᠲᠤᠷ ᠲᠣᠭᠤᠰᠢᠯᠠᠭᠤᠯᠤᠨ ᠬᠡᠷᠡᠭᠵᠢᠭᠦᠯᠲᠦᠭᠡᠢ᠃                                                ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                  2024 ᠣᠨ ᠤ 7 ᠳ᠋ᠤᠭᠠᠷ ᠰᠠᠷ᠎ᠠ ᠶᠢᠨ 15 ᠤ ᠡᠳᠦᠷ             ᠣᠲᠤᠭ ᠬᠤᠰᠢᠭᠤᠨ ᠤ ᠠᠷᠠᠳ ᠲᠤ ᠬᠠᠷᠠᠭᠠᠯᠵᠠᠯ ᠦᠵᠡᠭᠦᠯᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ      ᠣᠯᠠᠨ ᠲᠦᠮᠡᠨ ᠤ ᠣᠷᠣᠰᠢᠭᠤᠯᠭ᠎ᠠ ᠶᠢᠨ ᠦᠨᠳᠦᠰᠦᠨ ᠬᠡᠷᠡᠭᠴᠡᠭᠡ ᠶᠢ ᠦᠨᠡᠨᠬᠦ ᠪᠠᠲᠤᠯᠠᠵᠤ᠂ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠠᠳ ᠲᠤ ᠬᠠᠷᠠᠭᠠᠯᠵᠠᠯ ᠦᠵᠡᠭᠦᠯᠬᠦ ᠡᠷᠴᠢᠮ ᠢ ᠴᠢᠩᠭᠠᠷᠠᠭᠤᠯᠤᠨ᠂ ᠣᠷᠣᠰᠢᠭᠤᠯᠭ᠎ᠠ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠰᠢᠯ ᠢ ᠠᠬᠢᠭᠤᠯᠵᠤ᠂ ᠭᠠᠵᠠᠷ ᠠᠷᠪᠢᠯᠠᠬᠤ ᠠᠮᠢ ᠠᠬᠤᠢ ᠶᠢ ᠬᠠᠮᠠᠭᠠᠯᠠᠬᠤ ᠣᠷᠣᠰᠢᠭᠤᠯᠭ᠎ᠠ ᠶᠢ ᠶᠡᠬᠡᠪᠡᠷ ᠳᠡᠯᠭᠡᠷᠡᠭᠦᠯᠦᠨ᠂ ᠣᠷᠣᠰᠢᠭᠤᠯᠭ᠎ᠠ ᠶᠢᠨ ᠵᠠᠩ ᠳᠠᠳᠬᠠᠯ ᠢ ᠥᠭᠡᠷᠡᠴᠢᠯᠡᠬᠦ ᠠᠵᠢᠯ ᠢ ᠢᠳᠡᠪᠬᠢᠲᠡᠢ ᠠᠬᠢᠭᠤᠯᠬᠤ ᠶᠢᠨ ᠲᠥᠯᠥᠭᠡ᠂ ︽ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ ᠣᠷᠣᠰᠢᠭᠤᠯᠭ᠎ᠠ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠠᠷᠠᠳ ᠤᠨ ᠶᠠᠪᠤᠳᠠᠯ ᠤᠨ ᠶᠠᠮᠤᠨ ᠵᠡᠷᠭᠡ 16 ᠪᠠᠶᠢᠭᠤᠯᠭ᠎ᠠ ᠶᠢᠨ ᠵᠢᠯᠤᠭᠤᠳᠬᠤ ᠰᠠᠨᠠᠯ︾ ᠤᠨ ᠲᠤᠬᠠᠢ ᠮᠡᠳᠡᠭᠳᠡᠯ ︵ᠠᠷᠠᠳ ᠤᠨ ᠶᠠᠪᠤᠳᠠᠯ ᠲᠠᠷᠬᠠᠭᠠᠭᠰᠠᠨ ﹇2018﹈ 5 ᠳ᠋ᠤᠭᠠᠷ ᠲᠣᠭᠠᠲᠤ︶᠂ ︽ᠠᠷᠠᠳ ᠲᠤ ᠬᠠᠷᠠᠭᠠᠯᠵᠠᠯ ᠦᠵᠡᠭᠦᠯᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠠᠷᠠᠳ ᠤᠨ ᠶᠠᠪᠤᠳᠠᠯ ᠤᠨ ᠶᠠᠮᠤᠨ ᠤ ᠵᠢᠯᠤᠭᠤᠳᠬᠤ ᠰᠠᠨᠠᠯ︾ ︵ᠠᠷᠠᠳ ᠤᠨ ᠶᠠᠪᠤᠳᠠᠯ ᠲᠠᠷᠬᠠᠭᠠᠭᠰᠠᠨ ﹇2012﹈ 211 ᠳ᠋ᠦ᠋ᠭᠡᠷ ᠲᠣᠭᠠᠲᠤ︶᠂ ︽ᠭᠠᠵᠠᠷ ᠠᠷᠪᠢᠯᠠᠬᠤ ᠠᠮᠢ ᠠᠬᠤᠢ ᠶᠢ ᠬᠠᠮᠠᠭᠠᠯᠠᠬᠤ ᠣᠷᠣᠰᠢᠭᠤᠯᠭ᠎ᠠ ᠶᠢ ᠳᠡᠯᠭᠡᠷᠡᠭᠦᠯᠬᠦ ᠲᠤᠬᠠᠢ ᠠᠷᠠᠳ ᠤᠨ ᠶᠠᠪᠤᠳᠠᠯ ᠤᠨ ᠶᠠᠮᠤᠨ ᠵᠡᠷᠭᠡ 9 ᠪᠠᠶᠢᠭᠤᠯᠭ᠎ᠠ ᠶᠢᠨ ᠵᠢᠯᠤᠭᠤᠳᠬᠤ ᠰᠠᠨᠠᠯ︾ ︵ᠠᠷᠠᠳ ᠤᠨ ᠶᠠᠪᠤᠳᠠᠯ ᠲᠠᠷᠬᠠᠭᠠᠭᠰᠠᠨ ﹇2016﹈ 21 ᠳ᠋ᠦ᠋ᠭᠡᠷ ᠲᠣᠭᠠᠲᠤ︶᠂ ︽ᠠᠷᠠᠳ ᠲᠤ ᠬᠠᠷᠠᠭᠠᠯᠵᠠᠯ ᠦᠵᠡᠭᠦᠯᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠣᠷᠳᠣᠰ ᠵᠠᠰᠠᠭ ᠲᠠᠷᠬᠠᠭᠠᠭᠰᠠᠨ ﹇2013﹈ 61 ᠳ᠋ᠦ᠋ᠭᠡᠷ ᠲᠣᠭᠠᠲᠤ︶᠂ ︽︿ᠬᠤᠲᠠ ᠬᠥᠳᠡᠭᠡ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠷᠣᠰᠢᠭᠤᠯᠬᠤ ︵ᠲᠠᠯᠪᠢᠬᠤ︶ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ﹀ ᠢ ᠤᠯᠠᠮᠵᠢᠯᠠᠨ ᠲᠠᠷᠬᠠᠭᠠᠬᠤ ᠲᠤᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ 10 ᠪᠠᠶᠢᠭᠤᠯᠭ᠎ᠠ ᠶᠢᠨ ᠮᠡᠳᠡᠭᠳᠡᠯ︾ ︵ᠣᠷᠳᠣᠰ ᠠᠷᠠᠳ ᠤᠨ ᠶᠠᠪᠤᠳᠠᠯ ᠲᠠᠷᠬᠠᠭᠠᠭᠰᠠᠨ ﹇2024﹈ 10 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠲᠥᠰᠥᠯ ᠢ ᠲᠣᠭᠲᠠᠭᠠᠪᠠ᠄       ᠨᠢᠭᠡ᠂ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ ᠦᠨ᠎ᠡ ᠲᠥᠯᠥᠪᠦᠷᠢ ᠦᠭᠡᠢ ᠲᠥᠷᠥᠯ ᠵᠦᠢᠯ       ︵ᠨᠢᠭᠡ︶ ᠬᠠᠰᠤᠵᠤ ᠬᠡᠯᠲᠦᠷᠢᠭᠦᠯᠬᠦ ᠡᠲᠡᠭᠡᠳ       ⒈ᠣᠲᠤᠭ ᠬᠤᠰᠢᠭᠤᠨ ᠤ ᠡᠷᠦᠬᠡ ᠠᠮᠠ ᠲᠠᠢ ᠮᠥᠷᠲᠡᠭᠡᠨ ᠠᠵᠢᠯᠲᠠᠨ ᠠᠵᠢᠯᠴᠢᠨ ᠤ ᠣᠷᠣᠰᠢᠭᠤᠯᠭ᠎ᠠ ᠶᠢᠨ ᠨᠥᠬᠦᠪᠦᠷᠢ ᠶᠢᠨ ᠣᠯᠭᠤᠮᠵᠢ ᠭᠥᠷᠳᠡᠭᠡ ᠦᠭᠡᠢ ᠬᠤᠲᠠ ᠬᠥᠳᠡᠭᠡ ᠶᠢᠨ ᠰᠠᠭᠤᠭᠠᠯᠢ ᠠᠷᠠᠳ︔       ⒉ᠣᠲᠤᠭ ᠬᠤᠰᠢᠭᠤᠨ ᠤ ᠡᠷᠦᠬᠡ ᠠᠮᠠ ᠦᠭᠡᠢ ᠪᠣᠯᠪᠠᠴᠤ ᠣᠲᠤᠭ ᠬᠤᠰᠢᠭᠤᠨ ᠤ ᠬᠢᠯᠢ ᠳᠣᠲᠣᠷ᠎ᠠ ᠠᠯᠪᠠᠨ ᠠᠵᠢᠯ ᠢᠶᠠᠷ ᠪᠤᠶᠤ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠵᠦ ᠪᠡᠶ᠎ᠡ ᠦᠷᠡᠭᠳᠡᠭᠰᠡᠳ᠂ ᠣᠲᠤᠭ ᠬᠤᠰᠢᠭᠤᠨ ᠳᠤ ᠰᠠᠭᠤᠭ᠎ᠠ ᠴᠡᠷᠢᠭ ᠠᠩᠭᠢ ᠳᠤ ᠠᠯᠪᠠ ᠬᠠᠭᠠᠵᠤ ᠪᠠᠶᠢᠭ᠎ᠠ ᠳᠠᠷᠤᠭ᠎ᠠ ᠪᠠᠶᠢᠯᠳᠤᠭᠴᠢ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠢᠶᠠᠷ ᠨᠠᠰᠤ ᠪᠠᠷᠠᠭᠰᠠᠳ︔       ⒊ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠷᠳᠠᠨ ᠭᠦᠢᠴᠡᠳᠬᠡᠭᠰᠡᠨ ᠨᠡᠷ᠎ᠡ ᠨᠢ ᠳᠤᠲᠤᠷᠬᠠᠢ ᠦᠭᠡᠢ ᠴᠢᠨᠳᠠᠷ᠂ ᠲᠠᠨᠢᠵᠤ ᠠᠪᠬᠤ ᠲᠥᠷᠥᠯ ᠰᠠᠳᠤᠨ ᠦᠭᠡᠢ ᠴᠢᠨᠳᠠᠷ︔      ⒋ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠪᠠᠶᠢᠳᠠᠯ᠃       ︵ᠬᠤᠶᠠᠷ︶ ᠬᠠᠰᠤᠵᠤ ᠬᠡᠯᠲᠦᠷᠢᠭᠦᠯᠬᠦ ᠲᠥᠷᠥᠯ ᠵᠦᠢᠯ ᠵᠢᠴᠢ ᠪᠠᠷᠢᠮᠵᠢᠶ᠎ᠠ       ⒈ᠡᠩ ᠤᠨ ᠣᠷᠣᠰᠢᠭᠤᠯᠭ᠎ᠠ ᠶᠢᠨ ᠲᠤᠰᠬᠠᠢ ᠲᠡᠷᠭᠡ ᠪᠠᠷ ᠴᠢᠨᠳᠠᠷ ᠢ ᠲᠤᠰᠴᠤ ᠵᠥᠭᠡᠭᠡᠪᠦᠷᠢᠯᠡᠬᠦ ᠵᠠᠷᠤᠳᠠᠯ 850 ᠲᠥᠭᠦᠷᠢᠭ \ ᠨᠢᠭᠡ ᠴᠢᠨᠳᠠᠷ︔       ⒉ᠡᠩ ᠤᠨ ᠬᠦᠢᠳᠡᠨ ᠢᠶᠠᠷ ᠬᠠᠳᠠᠭᠠᠯᠠᠬᠤ ︵ᠬᠦᠯᠳᠡᠭᠡᠬᠦ︶ ᠠᠪᠳᠠᠷ᠎ᠠ ᠳᠤ ᠴᠢᠨᠳᠠᠷ ᠢ ᠬᠠᠳᠠᠭᠠᠯᠠᠬᠤ ᠵᠠᠷᠤᠳᠠᠯ 100 ᠲᠥᠭᠦᠷᠢᠭ \ ᠨᠢᠭᠡ ᠴᠢᠨᠳᠠᠷ \ ᠡᠳᠦᠷ᠂ 3 ᠡᠳᠦᠷ ᠤᠨ ᠳᠣᠲᠣᠷ᠎ᠠ ᠬᠠᠰᠤᠵᠤ ᠬᠡᠯᠲᠦᠷᠢᠭᠦᠯᠦᠨ᠎ᠡ᠂ ᠪᠡᠶ᠎ᠡ ᠶᠢᠨ ᠭᠠᠷᠤᠯ ᠢ ᠨᠢ ᠪᠠᠶᠢᠴᠠᠭᠠᠨ ᠲᠣᠳᠣᠯᠠᠬᠤ ᠶᠢᠨ ᠠᠷᠭ᠎ᠠ ᠦᠭᠡᠢ ᠴᠢᠨᠳᠠᠷ ᠢ 15 ᠡᠳᠦᠷ ᠤᠨ ᠳᠣᠲᠣᠷ᠎ᠠ ᠬᠠᠰᠤᠵᠤ ᠬᠡᠯᠲᠦᠷᠢᠭᠦᠯᠦᠨ᠎ᠡ︔       ⒊ᠡᠩ ᠤᠨ ᠲᠥᠬᠦᠭᠡᠷᠦᠮᠵᠢ ᠪᠠᠷ ᠴᠢᠨᠳᠠᠷ ᠢ ᠳᠡᠭᠳᠡᠭᠡᠬᠦ ᠵᠠᠷᠤᠳᠠᠯ 600 ᠲᠥᠭᠦᠷᠢᠭ \ ᠨᠢᠭᠡ ᠴᠢᠨᠳᠠᠷ ︵ᠴᠢᠨᠳᠠᠷ ᠢ ᠠᠷᠢᠭᠤᠳᠬᠠᠬᠤ ᠵᠠᠷᠤᠳᠠᠯ ᠪᠠᠭᠲᠠᠨ᠎ᠠ︶︔       ⒋ ᠨᠢᠭᠡ ᠯᠡ ᠤᠳᠠᠭ᠎ᠠ ᠶᠢᠨ ᠴᠢᠨᠠᠷᠲᠠᠢ ᠡᠩ ᠤᠨ ᠠᠷᠢᠭᠤᠨ ᠴᠡᠪᠡᠷ ᠤᠨ ᠴᠠᠭᠠᠰᠤᠨ ᠠᠪᠰᠠ ᠨᠢᠭᠡ ᠨᠢ 180 ᠲᠥᠭᠦᠷᠢᠭ \ ᠨᠢᠭᠡ ᠴᠢᠨᠳᠠᠷ︔       ⒌ 200 ᠲᠥᠭᠦᠷᠢᠭ ᠤᠨ ᠦᠷᠳᠡᠭ ᠲᠠᠢ ᠡᠩ ᠤᠨ ᠴᠢᠨᠳᠠᠷ ᠤᠨ ᠬᠠᠶᠢᠷᠴᠠᠭ︔      ⒍ ᠭᠤᠷᠪᠠᠨ ᠵᠢᠯ ᠤᠨ ᠳᠣᠲᠣᠷ᠎ᠠ ᠴᠢᠨᠳᠠᠷ ᠢ ᠬᠠᠳᠠᠭᠠᠯᠠᠭᠤᠯᠬᠤ ᠵᠠᠷᠤᠳᠠᠯ 100 ᠲᠥᠭᠦᠷᠢᠭ \ ᠬᠠᠶᠢᠷᠴᠠᠭ \ ᠵᠢᠯ᠃       ᠳᠡᠭᠡᠷᠡᠬᠢ 6 ᠵᠦᠢᠯ ᠤᠨ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡ ᠠᠴᠠ ᠪᠤᠰᠤᠳ ᠵᠦᠢᠯ ᠢ ᠰᠣᠩᠭᠤᠭᠰᠠᠨ ᠪᠠ ᠪᠠᠷᠢᠮᠵᠢᠶ᠎ᠠ ᠠᠴᠠ ᠬᠡᠲᠦᠷᠡᠭᠰᠡᠨ ᠵᠠᠷᠤᠳᠠᠯ ᠢ ᠣᠷᠣᠰᠢᠭᠤᠯᠭ᠎ᠠ ᠶᠢᠨ ᠶᠠᠪᠤᠳᠠᠯ ᠢ ᠳᠠᠭᠠᠭᠠᠨ ᠬᠢᠭᠴᠢ ᠥᠪᠡᠷᠲᠡᠭᠡᠨ ᠡᠭᠦᠷᠭᠡᠯᠡᠨ᠎ᠡ᠃ ᠣᠷᠣᠰᠢᠭᠤᠯᠭ᠎ᠠ ᠶᠢᠨ ᠭᠠᠵᠠᠷ ᠤᠨ ᠪᠤᠰᠤ ᠪᠤᠰᠤᠳ ᠲᠤᠰᠬᠠᠢ ᠣᠷᠣᠰᠢᠭᠤᠯᠭ᠎ᠠ ᠶᠢᠨ ᠲᠡᠷᠭᠡ ᠪᠠᠷ ᠴᠢᠨᠳᠠᠷ ᠢ ᠲᠤᠰᠴᠤ ᠵᠥᠭᠡᠭᠡᠪᠦᠷᠢᠯᠡᠬᠦ ᠪᠤᠶᠤ ᠬᠤᠲᠠ ᠶᠢᠨ ᠲᠣᠭᠤᠷᠢᠭ ᠲᠤ ᠰᠠᠷᠠᠪᠴᠢ ᠪᠠᠷᠢᠵᠤ ᠭᠠᠰᠢᠭᠤᠳᠠᠬᠤ ᠵᠡᠷᠭᠡ ᠲᠣᠭᠲᠠᠭᠠᠯ ᠵᠥᠷᠢᠴᠡᠭᠰᠡᠨ ᠦᠶᠯᠡ ᠠᠵᠢᠯᠯᠠᠭ᠎ᠠ ᠬᠢᠭᠰᠡᠳ ᠤᠨ ᠵᠠᠷᠤᠳᠠᠯ ᠢ ᠬᠠᠰᠤᠵᠤ ᠬᠡᠯᠲᠦᠷᠢᠭᠦᠯᠬᠦ ᠦᠭᠡᠢ᠃       ︵ᠭᠤᠷᠪᠠ︶ ᠭᠤᠶᠤᠴᠢᠯᠠᠨ ᠭᠦᠢᠴᠡᠳᠬᠡᠬᠦ ᠶᠠᠪᠤᠴᠠ      ᠣᠷᠣᠰᠢᠭᠤᠯᠭ᠎ᠠ ᠶᠢᠨ ᠶᠠᠪᠤᠳᠠᠯ ᠢ ᠳᠠᠭᠠᠭᠠᠨ ᠬᠢᠭᠴᠢ ︵ᠨᠠᠰᠤ ᠪᠠᠷᠠᠭᠰᠠᠳ ᠤᠨ ᠰᠢᠭᠤᠳ ᠴᠢᠰᠤᠨ ᠲᠥᠷᠥᠯ ᠪᠤᠶᠤ ᠬᠠᠤᠯᠢ ᠪᠠᠷ ᠲᠣᠭᠲᠠᠭᠠᠭᠰᠠᠨ ᠬᠠᠷᠠᠭᠠᠯᠵᠠᠨ ᠬᠠᠮᠠᠭᠠᠯᠠᠭᠴᠢ ᠶᠢ ᠵᠢᠭᠠᠵᠤ ᠪᠤᠶ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠡᠮᠴᠢᠯᠡᠭᠡᠨ ᠤ ᠪᠠᠶᠢᠭᠤᠯᠤᠮᠵᠢ ᠪᠤᠶᠤ ᠡᠷᠦᠬᠡ ᠠᠮᠠ ᠪᠠᠶᠢᠭ᠎ᠠ ᠭᠠᠵᠠᠷ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠭᠠᠷᠭᠠᠭᠰᠠᠨ ᠰᠠᠭᠤᠭᠠᠯᠢ ᠠᠷᠠᠳ ᠤᠨ ᠨᠠᠰᠤ ᠪᠠᠷᠠᠵᠤ ᠣᠷᠣᠰᠢᠭᠤᠯᠬᠤ ᠦᠨᠡᠮᠯᠡᠯ ᠢᠶᠠᠨ ᠠᠪᠴᠤ᠂ ᠬᠤᠰᠢᠭᠤᠨ ᠤ ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ ᠲᠤ ᠬᠦᠷᠦᠨ ︽ᠣᠲᠤᠭ ᠬᠤᠰᠢᠭᠤᠨ ᠤ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ ᠦᠨ᠎ᠡ ᠲᠥᠯᠥᠪᠦᠷᠢ ᠦᠭᠡᠢ ᠲᠥᠷᠥᠯ ᠵᠦᠢᠯ ᠤᠨ ᠭᠤᠶᠤᠴᠢᠯᠠᠯ ᠤᠨ ᠬᠦᠰᠦᠨᠦᠭ︾ ᠢ ᠲᠠᠭᠯᠠᠬᠤ ᠶᠢᠨ ᠬᠠᠮᠲᠤ᠂ ᠳᠣᠣᠷᠠᠬᠢ ᠮᠠᠲ᠋ᠧᠷᠢᠶᠠᠯ ᠢ ᠬᠠᠮᠲᠤ ᠳᠤᠨᠢ ᠲᠤᠰᠢᠶᠠᠵᠤ᠂ ᠬᠢᠨᠠᠨ ᠬᠠᠷᠭᠤᠭᠤᠯᠤᠭᠰᠠᠨ ᠤ ᠳᠠᠷᠠᠭ᠎ᠠ ᠬᠠᠮᠢᠶ᠎ᠠ ᠪᠦᠬᠦᠢ ᠵᠠᠷᠤᠳᠠᠯ ᠢ ᠰᠢᠭᠤᠳ ᠬᠡᠯᠲᠦᠷᠢᠭᠦᠯᠦᠨ᠎ᠡ᠃       ⒈ ᠣᠷᠣᠰᠢᠭᠤᠯᠭ᠎ᠠ ᠶᠢᠨ ᠶᠠᠪᠤᠳᠠᠯ ᠢ ᠳᠠᠭᠠᠭᠠᠨ ᠬᠢᠭᠴᠢ ᠶᠢᠨ ᠪᠡᠶ᠎ᠡ ᠶᠢᠨ ᠦᠨᠡᠮᠯᠡᠯ ᠵᠢᠴᠢ ᠬᠠᠭᠤᠯᠪᠤᠷᠢ 1 ᠬᠤᠪᠢ︔       ⒉ ᠨᠠᠰᠤ ᠪᠠᠷᠠᠭᠰᠠᠨ ᠬᠥᠮᠥᠨ ᠤ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ ᠤᠨ ᠬᠠᠭᠤᠯᠪᠤᠷᠢ 1 ᠬᠤᠪᠢ︔       ⒊ᠨᠢᠯᠬ᠎ᠠ ᠬᠡᠦᠬᠡᠳ ᠨᠠᠰᠤ ᠪᠠᠷᠠᠭᠰᠠᠨ ᠪᠠᠶᠢᠪᠠᠯ ᠡᠷᠬᠡᠪᠰᠢ ᠡᠮᠨᠡᠯᠭᠡ ᠶᠢᠨ ᠬᠤᠷᠢᠶ᠎ᠠ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠷᠭᠠᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠬᠤ ᠬᠡᠷᠡᠭᠲᠡᠢ︔      ⒋ᠨᠡᠷ᠎ᠡ ᠦᠭᠡᠢ ᠴᠢᠨᠳᠠᠷ᠂ ᠲᠠᠨᠢᠵᠤ ᠠᠪᠬᠤ ᠲᠥᠷᠥᠯ ᠰᠠᠲᠤᠨ ᠦᠭᠡᠢ ᠴᠢᠨᠳᠠᠷ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠯᠪᠣᠭᠳᠠᠯ ᠪᠦᠬᠦᠢ ᠮᠠᠲ᠋ᠧᠷᠢᠶᠠᠯ ᠢ ᠭᠠᠷᠭᠠᠵᠤ ᠥᠭᠭᠦᠨ᠎ᠡ︔      ᠲᠣᠭᠲᠠᠭᠠᠯ ᠳᠤ ᠨᠡᠶᠢᠴᠡᠵᠦ ᠬᠤᠰᠢᠭᠤᠨ ᠤ ᠭᠠᠳᠠᠨ᠎ᠠ ᠴᠢᠨᠳᠠᠷ ᠢ ᠳᠡᠭᠳᠡᠭᠡᠭᠰᠡᠨ ᠪᠣᠯ᠂ ᠣᠷᠣᠰᠢᠭᠤᠯᠭ᠎ᠠ ᠶᠢᠨ ᠶᠠᠪᠤᠳᠠᠯ ᠢ ᠳᠠᠭᠠᠭᠠᠨ ᠬᠢᠭᠴᠢ ᠠᠴᠠ ᠴᠢᠨᠳᠠᠷ ᠳᠡᠭᠳᠡᠭᠡᠭᠰᠡᠨ ᠭᠡᠷᠡᠴᠢ ᠪᠣᠯᠣᠨ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ ᠪᠠᠷᠢᠮᠲᠠ ᠪᠠᠨ ᠠᠪᠴᠤ ᠣᠷᠣᠰᠢᠭᠤᠯᠭ᠎ᠠ ᠶᠢᠨ ᠶᠠᠪᠤᠳᠠᠯ ᠬᠢᠵᠦ ᠪᠠᠷᠠᠭᠰᠠᠨ ᠭᠤᠷᠪᠠᠨ ᠰᠠᠷ᠎ᠠ ᠶᠢᠨ ᠳᠣᠲᠣᠷ᠎ᠠ ︵ᠣᠷᠣᠰᠢᠭᠤᠯᠭ᠎ᠠ ᠶᠢᠨ ᠦᠢᠯᠡᠴᠢᠯᠡᠭᠡᠨ ᠤ ᠵᠠᠷᠤᠳᠠᠯ ᠲᠤᠰᠢᠶᠠᠭᠰᠠᠨ ᠪᠠᠷᠢᠮᠲᠠ ᠶᠢ ᠥᠭᠭᠦᠭᠰᠡᠨ ᠴᠠᠭ ᠢᠶᠠᠷ ᠪᠠᠷᠢᠮᠵᠢᠶᠠᠯᠠᠨ᠎ᠠ︶ ᠣᠲᠤᠭ ᠬᠤᠰᠢᠭᠤᠨ ᠤ ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ ᠲᠤ ᠬᠦᠷᠴᠦ ᠭᠤᠶᠤᠴᠢᠯᠠᠨ᠎ᠠ᠂ ᠬᠠᠰᠤᠵᠤ ᠬᠡᠯᠲᠦᠷᠢᠭᠦᠯᠬᠦ ᠲᠥᠷᠥᠯ ᠵᠦᠢᠯ ᠵᠢᠴᠢ ᠪᠠᠷᠢᠮᠵᠢᠶ᠎ᠠ ᠶᠢ ᠲᠣᠰ ᠲᠥᠷᠥ ᠶᠢᠨ ᠪᠣᠳᠣᠯᠭ᠎ᠠ ᠶᠢᠨ ᠲᠣᠭᠲᠠᠭᠠᠯ ᠠᠴᠠ ᠬᠡᠲᠦᠷᠡᠭᠦᠯᠵᠦ ᠪᠣᠯᠬᠤ ᠦᠭᠡᠢ᠃ ᠭᠤᠶᠤᠴᠢᠯᠠᠬᠤ ᠬᠤᠭᠤᠴᠠᠭ᠎ᠠ ᠠᠴᠠ ᠬᠡᠲᠦᠷᠡᠭᠰᠡᠨ ᠪᠠᠶᠢᠪᠠᠯ ᠭᠦᠢᠴᠡᠳᠬᠡᠵᠦ ᠥᠭᠬᠦ ᠦᠭᠡᠢ᠃       ᠬᠤᠶᠠᠷ᠂ ᠭᠠᠵᠠᠷ ᠠᠷᠪᠢᠯᠠᠬᠤ ᠠᠮᠢ ᠠᠬᠤᠢ ᠶᠢ ᠬᠠᠮᠠᠭᠠᠯᠠᠬᠤ ᠣᠷᠣᠰᠢᠭᠤᠯᠭ᠎ᠠ ᠶᠢ ᠱᠠᠩᠨᠠᠨ ᠬᠥᠬᠢᠭᠦᠯᠬᠦ ᠲᠥᠷᠥᠯ ᠵᠦᠢᠯ       ︵ᠨᠢᠭᠡ︶ ᠱᠠᠩᠨᠠᠨ ᠬᠥᠬᠢᠭᠦᠯᠬᠦ ᠡᠲᠡᠭᠡᠳ       ᠠᠮᠢᠳᠤ ᠰᠡᠷᠡᠭᠦᠨ ᠪᠠᠶᠢᠬᠤ ᠳᠠᠭᠠᠨ ᠤᠲᠤᠭ ᠬᠤᠰᠢᠭᠤᠨ ᠤ ᠡᠷᠦᠬᠡ ᠠᠮᠠ ᠲᠠᠢ ᠪᠠᠶᠢᠭᠰᠠᠨ ᠪᠦᠭᠡᠳ ᠨᠠᠰᠤ ᠪᠠᠷᠠᠭᠰᠠᠨ ᠤ ᠳᠠᠷᠠᠭ᠎ᠠ ᠲᠣᠭᠲᠠᠭᠠᠭᠰᠠᠨ ᠨᠡᠶᠢᠲᠡ ᠶᠢᠨ ᠣᠩᠭᠤᠨ ᠤ ᠲᠣᠭᠤᠷᠢᠭ ᠲᠤ ᠮᠣᠳᠣᠨ ᠤ ᠳᠣᠣᠷ᠎ᠠ ᠣᠷᠣᠰᠢᠭᠤᠯᠬᠤ᠂ ᠴᠡᠴᠡᠭ ᠤᠨ ᠳᠣᠣᠷ᠎ᠠ ᠣᠷᠣᠰᠢᠭᠤᠯᠬᠤ᠂ ᠵᠦᠯᠭᠡᠨ ᠳᠣᠣᠷ᠎ᠠ ᠣᠷᠣᠰᠢᠭᠤᠯᠬᠤ᠂ ᠭᠦᠨ ᠪᠤᠯᠠᠵᠤ ᠣᠷᠣᠰᠢᠭᠤᠯᠬᠤ ︵ᠳᠡᠭᠡᠷᠡᠬᠢ ᠳᠥᠷᠪᠡᠨ ᠵᠦᠢᠯ ᠤᠨ ᠠᠷᠭ᠎ᠠ ᠮᠠᠶ᠋ᠢᠭ ᠨᠢ ᠴᠥᠮ ᠪᠤᠯᠠᠰᠢ ᠦᠯᠡᠳᠡᠭᠡᠬᠦ ᠦᠭᠡᠢ᠂ ᠪᠣᠳᠠᠲᠠᠢ ᠪᠠᠷ ᠬᠡᠯᠡᠪᠡᠯ ᠨᠠᠰᠦ ᠪᠠᠷᠠᠭᠰᠠᠳ ᠤᠨ ᠴᠢᠨᠳᠠᠷ ᠢ ᠵᠠᠳᠠᠷᠠᠭᠤᠯᠵᠤ ᠪᠣᠯᠬᠤ ᠴᠢᠨᠳᠠᠷ ᠤᠨ ᠬᠠᠶᠢᠷᠴᠠᠭ ᠲᠤ ᠬᠢᠵᠤ ᠭᠦᠨ ᠪᠤᠯᠠᠬᠤ ᠪᠤᠶᠤ ᠰᠢᠭᠤᠳ ᠵᠦᠯᠭᠡ᠂ ᠴᠡᠴᠡᠭ ᠪᠤᠶᠤ ᠮᠣᠳᠣᠨ ᠤ ᠳᠣᠣᠷᠠᠬᠢ ᠬᠥᠷᠥᠰᠥᠨ ᠳᠤ ᠲᠠᠯᠪᠢᠬᠤ ᠮᠥᠷᠲᠡᠭᠡᠨ ᠲᠤᠰᠠᠭᠠᠷ ᠪᠣᠯᠠᠰᠢᠨ ᠬᠥᠰᠢᠶ᠎ᠡ ᠪᠣᠰᠬᠠᠬᠤ ᠦᠭᠡᠢ︶᠂ ᠰᠠᠴᠤᠬᠤ ᠵᠡᠷᠭᠡ ᠭᠠᠵᠠᠷ ᠠᠷᠪᠢᠯᠠᠵᠤ ᠠᠮᠢ ᠠᠬᠤᠢ ᠶᠢ ᠬᠠᠮᠠᠭᠠᠯᠠᠨ ᠣᠷᠣᠰᠢᠭᠤᠯᠬᠤ ᠠᠷᠭ᠎ᠠ ᠪᠠᠷ ᠣᠷᠣᠰᠢᠭᠤᠯᠤᠭᠰᠠᠨ ᠢ ᠨᠢᠭᠡ ᠯᠠ ᠳᠡᠭᠡᠷ᠎ᠡ ᠱᠠᠩᠨᠠᠨ ᠬᠥᠬᠢᠭᠦᠯᠦᠨ᠎ᠡ᠃      ︵ᠬᠤᠶᠠᠷ︶ ᠱᠠᠩᠨᠠᠨ ᠬᠥᠬᠢᠭᠦᠯᠬᠦ ᠪᠠᠷᠢᠮᠵᠢᠶ᠎ᠠ ᠮᠣᠳᠣᠨ ᠣᠷᠣᠰᠢᠭᠤᠯᠭ᠎ᠠ᠂ ᠴᠡᠴᠡᠭ ᠤᠨ ᠣᠷᠣᠰᠢᠭᠤᠯᠭ᠎ᠠ᠂ ᠵᠦᠯᠭᠡᠨ ᠣᠷᠣᠰᠢᠭᠤᠯᠭ᠎ᠠ ᠵᠡᠷᠭᠡ ᠶᠢ 1000 ᠲᠥᠭᠦᠷᠢᠭ ᠢᠶᠠᠷ ᠱᠠᠩᠨᠠᠵᠤ᠂ ᠴᠢᠨᠳᠠᠷ ᠢᠶᠠᠨ ᠰᠠᠴᠤᠭᠰᠠᠨ ᠢ 1500 ᠲᠥᠭᠦᠷᠢᠭ ᠢᠶᠠᠷ ᠱᠠᠩᠨᠠᠨ᠎ᠠ᠃       ︵ᠭᠤᠷᠪᠠ︶ ᠭᠤᠶᠤᠴᠢᠯᠠᠨ ᠭᠦᠢᠴᠡᠳᠬᠡᠬᠦ ᠶᠠᠪᠤᠴᠠ      ᠣᠷᠣᠰᠢᠭᠤᠯᠭ᠎ᠠ ᠶᠢᠨ ᠶᠠᠪᠤᠳᠠᠯ ᠢ ᠳᠠᠭᠠᠭᠠᠨ ᠬᠢᠭᠴᠢ ︵ᠨᠠᠰᠤ ᠪᠠᠷᠠᠭᠰᠠᠨ ᠬᠥᠮᠥᠨ ᠤ ᠰᠢᠭᠤᠳ ᠴᠢᠰᠤᠨ ᠲᠥᠷᠥᠯ ᠪᠤᠶᠤ ᠬᠠᠤᠯᠢ ᠪᠠᠷ ᠲᠣᠭᠲᠠᠭᠠᠭᠰᠠᠨ ᠬᠠᠷᠠᠭᠠᠯᠵᠠᠨ ᠬᠠᠮᠠᠭᠠᠯᠠᠭᠴᠢ ᠶᠢ ᠵᠢᠭᠠᠵᠤ ᠪᠣᠶ︶ ᠣᠲᠤᠭ ᠬᠤᠰᠢᠭᠤᠨ ᠤ ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ ᠲᠤ ᠭᠠᠵᠠᠷ ᠠᠷᠪᠢᠯᠠᠵᠤ ᠠᠮᠢ ᠠᠬᠤᠢ ᠶᠢ ᠬᠠᠮᠠᠭᠠᠯᠠᠬᠤ ᠣᠷᠣᠰᠢᠭᠤᠯᠭ᠎ᠠ ᠶᠢᠨ ᠱᠠᠩᠨᠠᠯ ᠨᠥᠬᠦᠪᠦᠷᠢ ᠠᠪᠬᠤ ᠪᠠᠷ ᠭᠤᠶᠤᠴᠢᠯᠠᠵᠤ᠂ ︽ᠣᠲᠤᠭ ᠬᠤᠰᠢᠭᠤᠨ ᠤ ᠭᠠᠵᠠᠷ ᠠᠷᠪᠢᠯᠠᠵᠤ ᠠᠮᠢ ᠠᠬᠤᠢ ᠶᠢ ᠬᠠᠮᠠᠭᠠᠯᠠᠬᠤ ᠣᠷᠣᠰᠢᠭᠤᠯᠭ᠎ᠠ ᠶᠢᠨ ᠱᠠᠩᠨᠠᠯ ᠨᠥᠬᠦᠪᠦᠷᠢ ᠭᠤᠶᠤᠴᠢᠯᠠᠬᠤ ᠬᠦᠰᠦᠨᠦᠭ︾ ᠢ ᠲᠠᠭᠯᠠᠬᠤ ᠶᠢᠨ ᠬᠠᠮᠲᠤ᠂ ᠳᠣᠣᠷᠠᠬᠢ ᠮᠠᠲ᠋ᠧᠷᠢᠶᠠᠯ ᠤᠳ ᠢ ᠲᠤᠰᠢᠶᠠᠨ᠎ᠠ᠄       ⒈ ᠣᠷᠣᠰᠢᠭᠤᠯᠭ᠎ᠠ ᠶᠢᠨ ᠶᠠᠪᠤᠳᠠᠯ ᠢ ᠳᠠᠭᠠᠭᠠᠨ ᠬᠢᠭᠴᠢ ᠶᠢᠨ ᠪᠡᠶ᠎ᠡ ᠶᠢᠨ ᠦᠨᠡᠮᠯᠡᠯ ᠵᠢᠴᠢ ᠬᠠᠭᠤᠯᠪᠤᠷᠢ 1 ᠬᠤᠪᠢ︔       ⒉ᠨᠠᠰᠤ ᠪᠠᠷᠠᠭᠰᠠᠨ ᠬᠥᠮᠥᠨ ᠤ ᠡᠷᠦᠬᠡ ᠠᠮᠠ ᠶᠢ ᠬᠦᠴᠦᠨ ᠦᠭᠡᠢ ᠪᠣᠯᠭᠠᠭᠰᠠᠨ ᠭᠡᠷᠡᠴᠢ ᠵᠢᠴᠢ ᠬᠠᠭᠤᠯᠪᠤᠷᠢ 1 ᠬᠤᠪᠢ︔       ⒊ ᠣᠷᠣᠰᠢᠭᠤᠯᠭ᠎ᠠ ᠶᠢᠨ ᠭᠠᠵᠠᠷ ᠠᠴᠠ ᠭᠠᠷᠭᠠᠭᠰᠠᠨ ᠴᠢᠨᠳᠠᠷ ᠢ ᠳᠡᠭᠳᠡᠭᠡᠭᠰᠡᠨ ᠭᠡᠷᠡᠴᠢ ᠪᠣᠯᠣᠨ ᠬᠠᠭᠤᠯᠪᠤᠷᠢ 1 ᠬᠤᠪᠢ︔      ⒋ᠣᠷᠣᠰᠢᠭᠤᠯᠭ᠎ᠠ ᠶᠢᠨ ᠶᠠᠪᠤᠳᠠᠯ ᠢ ᠳᠠᠭᠠᠭᠠᠨ ᠬᠢᠭᠴᠢ ᠶᠢᠨ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠲᠣᠭᠲᠠᠭᠰᠠᠨ ᠪᠠᠩᠬᠢ ᠶᠢᠨ ᠳᠠᠩᠰᠠᠨ ᠤ ᠨᠣᠮᠧᠷ ᠤᠨ ᠬᠠᠭᠤᠯᠪᠤᠷᠢ 1 ᠬᠤᠪᠢ︔       ⒌ ᠭᠠᠵᠠᠷ ᠠᠷᠪᠢᠯᠠᠵᠤ ᠠᠮᠢ ᠠᠬᠤᠢ ᠶᠢ ᠬᠠᠮᠠᠭᠠᠯᠠᠨ ᠣᠷᠣᠰᠢᠭᠤᠯᠬᠤ ᠦᠶ᠎ᠡ ᠶᠢᠨ ᠲᠤᠬᠠᠢ ᠶᠢᠨ ᠲᠠᠯᠠᠪᠠᠶ ᠶᠢᠨ ᠬᠡᠷᠡᠯ ᠵᠢᠷᠤᠭ ᠪᠠᠶᠢᠬᠤ ᠬᠡᠷᠡᠭᠲᠡᠢ᠂ ᠠᠳᠠᠭ ᠲᠠᠭᠠᠨ 3 ᠬᠤᠪᠢ ᠵᠢᠴᠢ ᠳᠦᠷᠰᠦ ᠰᠢᠩᠭᠡᠭᠡᠯᠲᠡ᠃       ᠭᠤᠷᠪᠠ᠂ ᠵᠠᠷᠤᠳᠠᠯ ᠢ ᠳ᠋ᠦᠩᠨᠡᠨ ᠪᠤᠳᠤᠬᠤ       ᠠᠷᠠᠳ ᠲᠤ ᠬᠠᠷᠠᠭᠠᠯᠵᠠᠯ ᠦᠵᠡᠭᠦᠯᠬᠦ ᠣᠷᠣᠰᠢᠭᠤᠯᠭ᠎ᠠ ᠶᠢᠨ ᠱᠠᠩᠨᠠᠯ ᠨᠥᠬᠦᠪᠦᠷᠢ ᠶᠢᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ᠂ ᠠᠷᠠᠳ ᠤᠨ ᠶᠠᠪᠤᠳᠠᠯ ᠤᠨ ᠲᠤᠰᠬᠠᠢ ᠪᠡᠯᠡ ᠮᠥᠩᠭᠦᠨ ᠤ ᠬᠠᠮᠢᠶᠠᠷᠤᠯᠲᠠ ᠳᠤ ᠣᠷᠣᠭᠤᠯᠤᠨ᠎ᠠ᠃ ᠠᠷᠠᠳ ᠤᠨ ᠶᠠᠪᠤᠳᠠᠯ ᠤᠨ ᠪᠠᠶᠢᠭᠤᠯᠭ᠎ᠠ ᠨᠢ ᠤᠯᠠᠷᠢᠯ ᠪᠦᠷᠢ ᠶᠢᠨ ᠰᠡᠭᠦᠯᠴᠢ ᠳᠤ ᠨᠥᠬᠦᠪᠦᠷᠢ ᠥᠭᠬᠦ ᠨᠥᠬᠦᠴᠡᠯ ᠳᠤ ᠨᠡᠶᠢᠴᠡᠭᠰᠡᠨ ᠨᠠᠰᠤ ᠪᠠᠷᠠᠭᠰᠠᠨ ᠬᠥᠮᠥᠨ ᠤ ᠲᠤᠭ᠎ᠠ ᠪᠠ ᠨᠥᠬᠦᠪᠦᠷᠢ ᠮᠥᠩᠭᠦ ᠶᠣᠰᠣᠭᠠᠷ ᠡᠳ᠋ ᠤᠨ ᠵᠠᠰᠠᠭ ᠤᠨ ᠪᠠᠶᠢᠭᠤᠯᠭ᠎ᠠ ᠳᠤ ᠵᠣᠭᠤᠰ ᠬᠡᠷᠡᠭᠯᠡᠬᠦ ᠭᠤᠶᠤᠴᠢᠯᠠᠯ ᠬᠢᠨ᠎ᠡ᠃       ᠳᠥᠷᠪᠡ᠂ ᠠᠵᠢᠯ ᠤᠨ ᠱᠠᠭᠠᠷᠳᠠᠯᠭ᠎ᠠ       ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠠᠷᠠᠳ ᠲᠤ ᠬᠠᠷᠠᠭᠠᠯᠵᠠᠯ ᠦᠵᠡᠭᠦᠯᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠯ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠪᠠᠶᠢᠭᠤᠯᠭ᠎ᠠ ᠨᠤᠭᠤᠳ ᠨᠢᠭᠲᠠ ᠬᠠᠮᠵᠢᠯᠴᠠᠨ᠂ ᠨᠢᠮᠪᠠᠢ ᠵᠣᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠤᠨ᠎ᠠ᠃       ︵ᠬᠤᠶᠠᠷ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠠᠷᠠᠳ ᠤᠨ ᠶᠠᠪᠤᠳᠠᠯ ᠤᠨ ᠪᠠᠶᠢᠭᠤᠯᠭ᠎ᠠ ᠠᠷᠠᠳ ᠲᠤ ᠬᠠᠷᠠᠭᠠᠯᠵᠠᠯ ᠦᠵᠡᠭᠦᠯᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠪᠡᠯᠡ ᠮᠥᠩᠭᠦ ᠶᠢ ᠬᠡᠷᠡᠭᠯᠡᠵᠦ ᠬᠠᠮᠢᠶᠠᠷᠬᠤ ᠵᠡᠷᠭᠡ ᠠᠵᠢᠯ ᠢ ᠰᠠᠶᠢᠲᠤᠷ ᠬᠢᠨ᠎ᠡ︔ ᠡᠳ᠋ ᠤᠨ ᠵᠠᠰᠠᠭ ᠤᠨ ᠪᠠᠶᠢᠭᠤᠯᠭ᠎ᠠ ᠪᠡᠯᠡ ᠮᠥᠩᠭᠦ ᠶᠢᠨ ᠲᠥᠰᠥᠪ ᠪᠠ ᠬᠡᠷᠡᠭᠯᠡᠯᠲᠡ ᠶᠢ ᠴᠢᠩᠭ᠎ᠠ ᠬᠢᠨᠠᠨ ᠬᠠᠮᠢᠶᠠᠷᠴᠤ᠂ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠴᠦ ᠨᠠᠶᠢᠳᠠᠪᠤᠷᠢᠵᠢᠭᠤᠯᠤᠨ᠎ᠠ︔ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠪᠠᠶᠢᠭᠤᠯᠭ᠎ᠠ ᠨᠠᠰᠤ ᠪᠠᠷᠠᠭᠰᠠᠨ ᠬᠥᠮᠥᠨ ᠤ ᠠᠪᠤᠭᠰᠠᠨ ᠣᠷᠣᠰᠢᠭᠤᠯᠭ᠎ᠠ ᠶᠢᠨ ᠨᠥᠬᠦᠪᠦᠷᠢ᠂ ᠬᠠᠷᠠᠭᠠᠯᠵᠠᠯ ᠤᠨ ᠮᠥᠩᠭᠦ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠠ ᠬᠢᠨᠠᠨ ᠬᠠᠷᠭᠤᠭᠤᠯᠬᠤ ᠵᠡᠷᠭᠡ ᠠᠵᠢᠯ ᠢ ᠰᠠᠶᠢᠲᠤᠷ ᠬᠢᠨ᠎ᠡ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠷ᠎ᠡ ᠨᠢ ᠳᠤᠲᠤᠷᠬᠠᠢ ᠦᠭᠡᠢ ᠴᠢᠨᠳᠠᠷ᠂ ᠲᠠᠨᠢᠵᠤ ᠠᠪᠬᠤ ᠲᠥᠷᠥᠯ ᠰᠠᠳᠤᠨ ᠦᠭᠡᠢ ᠴᠢᠨᠳᠠᠷ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠠ ᠬᠢᠨᠠᠨ ᠬᠠᠷᠭᠤᠭᠤᠯᠤᠨ᠎ᠠ︔ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠪᠠᠶᠢᠭᠤᠯᠭ᠎ᠠ ᠨᠠᠰᠤ ᠪᠠᠷᠠᠭᠰᠠᠨ ᠬᠥᠮᠥᠨ ᠨᠢ ᠴᠡᠷᠢᠭ ᠤᠨ ᠠᠯᠪᠠ ᠬᠠᠭᠠᠵᠤ ᠪᠠᠶᠢᠬᠤ ᠡᠰᠡᠬᠦ ᠵᠡᠷᠭᠡ ᠮᠡᠳᠡᠭᠡ ᠵᠠᠩᠭᠢ ᠶᠢ ᠬᠢᠨᠠᠨ ᠬᠠᠷᠭᠤᠭᠤᠯᠤᠨ᠎ᠠ᠃       ︵ᠭᠤᠷᠪᠠ︶ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠠᠷᠠᠳ ᠤᠨ ᠶᠠᠪᠤᠳᠠᠯ ᠤᠨ ᠪᠠᠶᠢᠭᠤᠯᠭ᠎ᠠ ᠠᠷᠠᠳ ᠲᠤ ᠬᠠᠷᠠᠭᠠᠯᠵᠠᠯ ᠦᠵᠡᠭᠦᠯᠬᠦ ᠣᠷᠣᠰᠢᠭᠤᠯᠭ᠎ᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠰᠬᠠᠢ ᠬᠥᠮᠥᠨ ᠢᠶᠠᠷ ᠬᠠᠷᠢᠭᠤᠴᠠᠭᠤᠯᠤᠨ᠂ ᠲᠥᠷᠥᠯ ᠬᠤᠪᠢᠶᠠᠨ ᠲᠠᠩᠰᠠ ᠡᠪᠬᠡᠮᠡᠯ ᠳᠤ ᠣᠷᠣᠭᠤᠯᠵᠤ᠂ ᠲᠠᠩᠰᠠ ᠡᠪᠬᠡᠮᠡᠯ ᠳᠤ ᠣᠷᠣᠭᠤᠯᠤᠭᠰᠠᠨ ᠮᠠᠲ᠋ᠧᠷᠢᠶᠠᠯ ᠤᠨ ᠦᠨᠡᠨ ᠪᠣᠳᠠᠲᠠᠢ ᠪᠦᠷᠢᠨ ᠪᠦᠲᠦᠨ᠂ ᠵᠢᠷᠤᠭ ᠥᠰᠦᠭ ᠤᠨ ᠢᠯᠠ ᠲᠣᠳᠣᠷᠬᠠᠢ ᠪᠠᠶᠢᠬᠤ ᠶᠢ ᠪᠠᠲᠤᠯᠠᠨ᠎ᠠ᠃ ᠨᠠᠰᠤ ᠪᠠᠷᠠᠭᠰᠠᠳ ᠤᠨ ᠰᠢᠭᠤᠳ ᠴᠢᠰᠤᠨ ᠲᠥᠷᠥᠯ ᠤᠨ ᠵᠥᠪᠰᠢᠶᠡᠷᠡᠯ ᠦᠭᠡᠢ ᠪᠠᠷ ᠳᠠᠩᠰᠠ ᠡᠪᠬᠡᠮᠡᠯ ᠤᠨ ᠮᠠᠲ᠋ᠧᠷᠢᠶᠠᠯ ᠤᠨ ᠠᠭᠤᠯᠭ᠎ᠠ ᠶᠢ ᠭᠠᠳᠠᠭᠰᠢ ᠢᠯᠡ ᠪᠣᠯᠭᠠᠵᠤ ᠪᠣᠯᠬᠤ ᠦᠭᠡᠢ᠃       ︵ᠳᠥᠷᠪᠡ︶ ᠬᠢᠨᠠᠯᠲᠠ ᠲᠠᠯᠪᠢᠵᠤ ᠭᠦᠢᠴᠡᠳᠬᠡᠬᠦ ᠶᠢ ᠴᠢᠩᠭᠠᠳᠬᠠᠨ᠎ᠠ᠃ ᠠᠷᠠᠳ ᠤᠨ ᠶᠠᠪᠤᠳᠠᠯ᠂ ᠡᠳ᠋ ᠤᠨ ᠵᠠᠰᠠᠭ ᠵᠡᠷᠭᠡ ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ ᠵᠢᠯᠣᠭᠤᠳᠤᠨ᠎ᠠ᠃ ᠣᠷᠣᠰᠢᠭᠤᠯᠭ᠎ᠠ ᠶᠢᠨ ᠶᠠᠪᠣᠳᠠᠯ ᠢ ᠳᠠᠭᠠᠭᠠᠨ ᠬᠢᠭᠴᠢ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠬᠤ᠂ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠢᠶᠠᠷ ᠬᠠᠰᠤᠵᠤ ᠬᠡᠯᠲᠦᠷᠢᠭᠦᠯᠬᠦ ︵ᠱᠠᠩᠨᠠᠬᠤ︶ ᠪᠡᠯᠡ ᠮᠥᠩᠭᠦ ᠶᠢ ᠮᠡᠬᠡᠯᠡᠨ ᠠᠪᠤᠭᠰᠠᠨ ᠪᠠᠶᠢᠪᠠᠯ᠂ ᠠᠷᠠᠳ ᠤᠨ ᠶᠠᠪᠤᠳᠠᠯ ᠤᠨ ᠪᠠᠶᠢᠭᠤᠯᠭ᠎ᠠ ᠠᠴᠠ ᠰᠡᠷᠡᠮᠵᠢᠯᠡᠭᠦᠯᠦᠨ᠂ ᠬᠠᠤᠯᠢ ᠪᠤᠰᠤ ᠣᠯᠵᠠᠪᠤᠷᠢ ᠶᠢ ᠲᠣᠭᠲᠠᠭᠰᠠᠨ ᠬᠤᠭᠤᠴᠠᠭᠠᠨ ᠳᠤ ᠪᠤᠴᠠᠭᠠᠯᠭᠠᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠲᠠᠪᠤ᠂ ᠳᠠᠭᠠᠯᠳᠤᠭᠤᠯᠤᠯ ᠳᠦᠷᠢᠮ       ᠲᠣᠰ ᠰᠠᠨᠠᠯ ᠢ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠣᠲᠤᠭ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃     ᠳᠠᠭᠠᠯᠳᠤᠭᠤᠯᠤᠯ᠄      ⒈ ᠣᠲᠤᠭ ᠬᠤᠰᠢᠭᠤᠨ ᠤ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ ᠦᠨ᠎ᠡ ᠲᠥᠯᠥᠪᠦᠷᠢ ᠦᠭᠡᠢ ᠲᠥᠷᠥᠯ ᠵᠦᠢᠯ ᠤᠨ ᠭᠤᠶᠤᠴᠢᠯᠠᠯ ᠤᠨ ᠬᠥᠰᠦᠨᠦᠭ      ⒉ ᠣᠲᠤᠭ ᠬᠤᠰᠢᠭᠤᠨ ᠤ ᠭᠠᠵᠠᠷ ᠠᠷᠪᠢᠯᠠᠬᠤ ᠠᠮᠢ ᠠᠬᠤᠢ ᠶᠢ ᠬᠠᠮᠠᠭᠠᠯᠠᠬᠤ ᠣᠷᠣᠰᠢᠭᠤᠯᠭ᠎ᠠ ᠶᠢᠨ ᠱᠠᠩᠨᠠᠯ ᠨᠥᠬᠦᠪᠦᠷᠢ ᠭᠤᠶᠤᠴᠢᠯᠠᠬᠤ ᠬᠦᠰᠦᠨᠦᠭᠲᠦ

ᠬᠠᠮᠢᠶ᠎ᠠ ᠪᠦᠬᠦᠢ ᠲᠥᠷᠥ ᠶᠢᠨ ᠪᠣᠳᠣᠯᠭ᠎ᠠ / ᠲᠠᠶᠢᠯᠤᠮᠵᠢ᠄ ᠣᠲᠤᠭ ᠬᠤᠰᠢᠭᠤᠨ ᠤ ᠠᠷᠠᠳ ᠲᠤ ᠬᠠᠷᠠᠭᠠᠯᠵᠠᠯ ᠦᠵᠡᠭᠦᠯᠬᠦ ᠣᠷᠣᠰᠢᠭᠤᠯᠭ᠎ᠠ ᠶᠢᠨ ᠲᠥᠷᠥ ᠶᠢᠨ

ᠪᠣᠳᠣᠯᠭ᠎ᠠ ᠶᠢᠨ ᠬᠡᠷᠡᠭᠵᠢᠭᠦᠯᠬᠦ ᠲᠥᠰᠥᠯ

 

ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ