︵ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 20 ᠤ ᠴᠠᠭᠢᠯᠭᠠᠨ ᠮᠡᠳᠡᠭᠡ︶ 7 ᠰᠠᠷ᠎ᠠ ᠶᠢᠨ 19 ᠤ ᠡᠳᠦᠷ ᠤᠨ 20 ᠴᠠᠭ 40 ᠮᠢᠨᠦ᠋ᠲ ᠤᠨ | ᠦᠶ᠎ᠡ ᠪᠠᠷ᠂ ᠱᠠᠨᠰᠢ ᠶᠢᠨ ᠱᠠᠩ ᠯᠥᠸᠧ ᠬᠤᠲᠠ ᠶᠢᠨ ᠵᠠ ᠱᠦᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠠᠭᠤᠯᠠᠨ ᠦᠶᠡᠷ ᠠᠴᠠ | ᠪᠣᠯᠵᠤ ᠨᠤᠷᠠᠵᠤ᠂ ᠲᠡᠷᠭᠡ ᠬᠥᠰᠬᠡ ᠭᠤᠣᠯ ᠳᠤ ᠤᠨᠠᠭᠰᠠᠨ ᠪᠠᠶᠢᠨ᠎ᠠ᠃ 20 ᠤ ᠡᠳᠦᠷ ᠤᠨ 10 ᠴᠠᠭ ᠪᠤᠯᠲᠠᠯ᠎ᠠ᠂ ᠭᠠᠮᠰᠢᠭ ᠠᠴᠠ ᠪᠣᠯᠵᠤ 11 ᠬᠥᠮᠥᠨ ᠠᠳᠡᠵᠦ᠂ | 30 ᠭᠠᠷᠤᠢ ᠬᠥᠮᠥᠨ ᠰᠤᠷᠠᠭ ᠲᠠᠰᠤᠷᠠᠵᠠᠶ᠃ | ᠭᠠᠮᠰᠢᠭ ᠡᠭᠦᠰᠦᠭᠰᠡᠨ ᠤ ᠳᠠᠷᠠᠭ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ ᠱᠠᠨᠰᠢ ᠶᠢᠨ ᠱᠠᠩ ᠯᠥᠸᠧ | ᠬᠤᠳᠠ ᠶᠢᠨ ᠵᠠ ᠱᠦᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠠᠭᠤᠯᠠᠨ ᠦᠶᠡᠷ ᠠᠴᠠ ᠪᠣᠯᠵᠤ ᠨᠤᠷᠠᠵᠤ ᠤᠯᠠᠨ ᠬᠥᠮᠥᠨ ᠰᠤᠷᠠᠭ | ᠲᠠᠰᠤᠷᠠᠵᠠᠢ᠂ ᠣᠳᠣᠬᠠᠨ ᠤ ᠲᠤᠯᠭᠠᠮ ᠡᠭᠦᠷᠭᠡ ᠪᠣᠯ ᠪᠦᠭᠦ ᠬᠦᠴᠦ ᠪᠠᠷ ᠢᠶᠠᠨ ᠠᠶᠤᠯ ᠭᠠᠮᠰᠢᠭ ᠠᠴᠠ ᠠᠪᠤᠷᠠᠨ ᠲᠤᠰᠠᠯᠠᠵᠤ᠂ ᠠᠷᠭ᠎ᠠ ᠪᠦᠭᠦᠨ ᠢ ᠰᠦᠪᠡᠭᠴᠢᠯᠡᠨ | ᠰᠤᠷᠠᠭ ᠲᠠᠰᠤᠷᠠᠬᠰᠠᠨ ᠬᠥᠮᠥᠰ ᠢ ᠡᠷᠢᠨ ᠠᠪᠤᠷᠠᠵᠤ᠂ ᠬᠥᠮᠥᠨ ᠬᠠᠷ᠎ᠠ ᠠᠳᠡᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠬᠠᠮᠲᠤ ᠭᠡᠷ | ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠬᠤᠶᠢᠲᠤᠬᠢ ᠶᠠᠪᠤᠳᠠᠯ ᠢ ᠲᠣᠬᠢᠲᠠᠢ ᠰᠠᠶᠢᠨ ᠰᠢᠢᠳᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠠᠪᠤᠷᠠᠯᠳᠠ ᠬᠢᠬᠦ ᠶᠢ | ᠠᠩᠬᠠᠷᠴᠤ᠂ ᠡᠷᠭᠢᠨ ᠲᠣᠭᠤᠷᠢᠨ ᠤ ᠠᠮᠤᠷ ᠲᠦᠪᠰᠢᠨ ᠤ ᠭᠡᠮ ᠰᠣᠭᠤᠭ ᠢ ᠨᠠᠷᠢᠨ ᠪᠠᠶᠢᠴᠠᠭᠠᠵᠤ᠂ ᠡᠭᠦᠰᠦᠮᠡᠯ ᠭᠠᠢ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ | ᠭᠡᠵᠡᠢ᠃ ᠰᠢ ᠶᠢᠨ ᠫᠢᠩ᠂ ᠣᠳᠣᠬᠠᠨ ᠳᠤ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠶᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ | ᠬᠤᠭᠤᠴᠠᠭᠠᠨ ᠳᠤ ᠪᠤᠶ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠠᠶᠤᠯ ᠲᠦᠭᠰᠢᠭᠦᠷᠢ ᠶᠢ | ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠴᠢᠶᠠᠩ ᠴᠣᠬᠤᠯᠠᠪᠤᠷᠢ ᠥᠭᠴᠦ᠂ ᠰᠤᠷᠠᠭ ᠲᠠᠰᠤᠷᠠᠬᠰᠠᠨ ᠬᠥᠮᠥᠰ ᠢ ᠪᠦᠭᠦ ᠬᠦᠴᠦᠨ ᠢᠶᠠᠷ ᠡᠷᠢᠵᠦ ᠠᠪᠤᠷᠠᠨ᠂ ᠰᠢᠯᠲᠠᠭᠠᠨ ᠢ ᠨᠢ ᠲᠦᠷᠭᠡᠯᠡᠨ ᠪᠠᠶᠢᠴᠠᠭᠠᠨ | ᠲᠣᠳᠣᠷᠬᠠᠶᠢᠯᠠᠵᠤ᠂ ᠬᠤᠶᠢᠲᠤᠬᠢ ᠶᠠᠪᠤᠳᠠᠯ ᠢ ᠲᠣᠬᠢᠲᠠᠢ ᠰᠠᠶᠢᠨ ᠰᠢᠢᠳᠪᠦᠷᠢᠯᠡᠬᠦ ᠬᠡᠷᠡᠭᠲᠡᠢ ᠪᠥᠭᠡᠳ ᠠᠶᠤᠯᠲᠠᠢ ᠪᠠᠶᠢᠳᠠᠯ ᠢ ᠱᠠᠯᠠᠪᠳᠠᠨ ᠪᠠᠶᠢᠴᠠᠭᠠᠨ ᠰᠢᠢᠳᠪᠦᠷᠢᠯᠡᠵᠦ᠂ | ᠡᠭᠦᠰᠦᠮᠡᠯ ᠭᠠᠢ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠠᠮᠰᠢᠭ ᠤᠨ ᠠᠳᠡᠯ | ᠵᠡᠷᠭᠡ ᠶᠢᠨ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠢ ᠭᠡᠵᠡᠢ᠃ | ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠣᠰᠣᠭᠠᠷ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ᠃ ᠱᠠᠨᠰᠢ ᠮᠤᠵᠢ᠂ | ᠱᠠᠩ ᠯᠥᠸᠧ ᠬᠤᠲᠠ ᠨᠢᠭᠡᠨᠲᠡ ᠬᠦᠴᠦᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠥᠷᠨᠢᠭᠦᠯᠪᠡ᠃ ᠣᠳᠣᠬᠠᠨ ᠳᠤ ᠲᠤᠬᠠᠢ ᠶᠢᠨ | ᠲᠠᠯᠠᠪᠠᠶ ᠳᠤ ᠠᠪᠤᠷᠠᠨ ᠲᠤᠰᠠᠯᠠᠬᠤ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠶᠠᠭ ᠶᠠᠪᠤᠭᠳᠠᠵᠤ ᠪᠠᠶᠢᠨ᠎ᠠ᠃ | | | | |