ᠮᠸᠡᠭ ᠰᠢ ᠠᠵᠤ ᠦᠢᠯᠡᠰ ᠤᠨ ᠬᠦᠷᠢᠶᠡᠯᠡᠩ ᠤᠨ ᠭᠤᠣᠯᠳᠠᠯᠭ᠎ᠠ ᠲᠠᠢ ᠲᠥᠷᠥᠯ ᠵᠦᠢᠯ ᠰᠢᠨ᠎ᠡ ᠠᠬᠢᠯᠲᠠ ᠲᠠᠢ ᠪᠣᠯᠪᠠ
ᠨᠡᠶᠢᠲᠡᠯᠡᠭᠰᠡᠨ ᠴᠠᠭ᠄
2024/7/3
      ᠥᠪᠥᠷ ᠮᠣᠩᠭᠤᠯ ᠤᠨ ᠢ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ 10 ᠲᠦᠮᠡᠨ ᠲᠣᠨ ᠠᠨᠲᠷᠠᠼᠧᠨ ᠲᠣᠰᠣ ᠶᠢ ᠨᠠᠷᠢᠯᠢᠭ ᠪᠣᠯᠪᠠᠰᠤᠷᠠᠭᠤᠯᠬᠤ ᠵᠢᠴᠢ ᠢᠵᠢ ᠪᠦᠷᠢᠳᠦᠭᠦᠯᠦᠭᠰᠡᠨ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠪᠣᠯ ᠮᠸᠡᠭ ᠰᠢ ᠠᠵᠤ ᠦᠢᠯᠡᠰ ᠤᠨ ᠬᠦᠷᠢᠶᠡᠯᠡᠩ ᠤᠨ ᠭᠤᠣᠯᠳᠠᠯᠭ᠎ᠠ ᠲᠠᠢ ᠲᠥᠷᠥᠯ ᠵᠦᠢᠯ ᠪᠠᠶᠢᠵᠤ᠂ 400 ᠮᠦ  ᠲᠠᠯᠠᠪᠠᠢ ᠲᠠᠢ᠂ ᠨᠡᠶᠢᠲᠡ 8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠬᠡᠦᠷᠡᠰᠦ᠂ ᠠᠨᠲᠷᠠᠼᠧᠨ ᠲᠣᠰᠣ ᠪᠠᠷ ᠲᠦᠭᠦᠬᠡᠢ ᠮᠠᠲ᠋ᠧᠷᠢᠶᠠᠯ ᠪᠣᠯᠭᠠᠵᠤ᠂ ᠨᠠᠷᠢᠯᠢᠭ ᠠᠨᠲᠷᠠᠼᠧᠨ᠂ ᠺᠠᠷᠪᠠᠽᠤᠯ᠂ ᠠᠨᠲᠷᠠᠺᠥ᠋ᠢᠨᠤᠨ᠂ ᠣᠨᠴᠠ ᠲᠥᠷᠥᠯ ᠤᠨ ᠨᠡᠭᠦᠷᠡᠰᠦᠨ ᠬᠥ᠋ ᠵᠡᠷᠭᠡ ᠦᠢᠯᠡᠳᠬᠦᠨ ᠢ ᠦᠢᠯᠡᠳᠪᠦᠷᠢᠯᠡᠳᠡᠭ᠃ ᠣᠳᠣᠬᠠᠨ ᠳᠤ᠂ ᠲᠣᠰ ᠲᠥᠷᠥᠯ ᠵᠦᠢᠯ ᠤᠨ ᠠᠯᠪᠠᠯᠠᠬᠤ ᠠᠰᠠᠷ ᠤᠨ ᠭᠤᠷᠪᠠᠨ ᠳᠠᠪᠬᠤᠷ ᠠᠰᠠᠷ ᠤᠨ ᠣᠷᠣᠢ ᠶᠢ ᠪᠦᠬᠦᠨ ᠢ ᠪᠢᠲᠡᠭᠦᠮᠵᠢᠯᠡᠵᠦ᠂ ᠪᠣᠷᠣᠭᠠᠨ ᠤ ᠤᠰᠤ ᠶᠢ ᠬᠤᠷᠠᠮᠳᠤᠭᠤᠯᠬᠤ ᠴᠥᠭᠦᠷᠥᠮ᠂ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠤᠰᠤᠨ ᠴᠥᠭᠦᠷᠥᠮ ᠢ ᠨᠢᠭᠡᠨᠲᠡ ᠴᠢᠳᠬᠤᠵᠤ ᠭᠠᠷᠭᠠᠨ᠂ ᠦᠢᠯᠡᠳᠪᠦᠷᠢ ᠳᠣᠲᠣᠷᠠᠬᠢ ᠭᠤᠣᠯ ᠵᠠᠮ ᠤᠨ ᠰᠠᠭᠤᠷᠢ ᠶᠢ ᠲᠡᠭᠰᠢᠯᠡᠵᠦ᠂ ᠨᠢᠭᠡᠳᠦᠭᠡᠷ ᠬᠤᠭᠤᠴᠠᠭᠠᠨ ᠤ ᠰᠢᠷᠣᠢ ᠶᠢᠨ ᠪᠠᠷᠢᠯᠭ᠎ᠠ ᠶᠢᠨ 96% ᠶᠢ ᠪᠡᠶᠡᠯᠡᠭᠦᠯᠪᠡ᠃      ᠲᠥᠷᠥᠯ ᠵᠦᠢᠯ ᠪᠠᠶᠢᠭᠤᠯᠤᠭᠳᠠᠴᠢᠬᠠᠪᠠᠯ ᠤᠯᠤᠰ ᠤᠨ ᠳᠣᠲᠣᠭᠠᠳᠤ ᠶᠢᠨ ᠬᠠᠮᠤᠭ ᠤᠨ ᠲᠣᠮᠣ ᠠᠨᠲᠷᠠᠼᠧᠨ ᠲᠣᠰᠣ ᠶᠢ ᠨᠠᠷᠢᠯᠢᠭ ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠵᠤ᠂ ᠬᠡᠦᠷᠡᠰᠦ ᠶᠢ ᠨᠠᠷᠢᠯᠢᠭ  ᠪᠣᠯᠪᠠᠰᠤᠷᠠᠭᠤᠯᠬᠤ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠶ ᠠᠬᠢᠭᠤᠯᠤᠨ᠂ 16 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ 7000 ᠲᠦᠮᠡᠨ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠰᠢᠨ᠎ᠡ ᠪᠠᠷ ᠨᠡᠮᠡᠭᠳᠡᠭᠦᠯᠦᠨ᠂ ᠰᠢᠨ᠎ᠡ ᠪᠠᠷ 300 ᠭᠠᠷᠤᠢ ᠠᠵᠢᠯ ᠤᠨ ᠪᠠᠶᠢᠷᠢ ᠣᠯᠭᠤᠬᠤ ᠪᠣᠯᠣᠨ᠎ᠠ᠂ ᠡᠨᠡ ᠨᠢ ᠣᠷᠳᠣᠰ᠂ ᠦᠬᠠᠢ ᠶᠢᠨ ᠡᠷᠬᠢᠨ ᠲᠣᠭᠤᠷᠢᠨ ᠤ ᠬᠡᠦᠷᠡᠰᠦ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃       ᠳᠠᠷᠠᠭᠠᠴᠢ ᠪᠠᠷ ᠮᠸᠡᠭ ᠰᠢ ᠠᠵᠤ ᠦᠢᠯᠡᠰ ᠤᠨ ᠬᠦᠷᠢᠶᠡᠯᠡᠩ ᠤᠨ ᠠᠯᠪᠠᠨ ᠭᠡᠷ ᠤᠨ ᠬᠢᠨ ᠦᠷᠭᠦᠯᠵᠢᠯᠡᠨ ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠢ ᠵᠠᠪᠳᠤᠨ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠥᠪᠥᠷ ᠮᠣᠩᠭᠤᠯ ᠤᠨ ᠢ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ 10 ᠲᠦᠮᠡᠨ ᠲᠣᠨ ᠠᠨᠲᠷᠠᠼᠧᠨ ᠲᠣᠰᠣ ᠶᠢ ᠨᠠᠷᠢᠯᠢᠭ ᠪᠣᠯᠪᠠᠰᠤᠷᠠᠭᠤᠯᠬᠤ ᠵᠢᠴᠢ ᠢᠵᠢ ᠪᠦᠷᠢᠳᠦᠭᠦᠯᠦᠭᠰᠡᠨ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ 
ᠢᠷᠡᠯᠲᠡ᠄ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ