ᠨᠡᠶᠢᠭᠡᠮ ᠲᠣᠭᠤᠷᠢᠭ ᠲᠤ ᠬᠤᠣᠷ ᠴᠠᠭᠠᠵᠠᠯᠠᠬᠤ ᠤᠬᠠᠭᠤᠯᠭ᠎ᠠ ᠬᠢᠵᠦ  ︽ᠬᠤᠣᠷ ᠢ ᠰᠡᠷᠭᠡᠶᠢᠯᠡᠬᠦ ᠬᠠᠯᠬᠠᠪᠴᠢ︾ ᠶᠢ ᠰᠡᠳᠬᠢᠯ ᠨᠢᠭᠡᠳᠦᠨ ᠬᠠᠮᠲᠤ ᠪᠠᠷ ᠴᠣᠭᠴᠠᠯᠠᠪᠠ
ᠨᠡᠶᠢᠲᠡᠯᠡᠭᠰᠡᠨ ᠴᠠᠭ᠄
2024/7/3
      ᠬᠤᠣᠷ ᠴᠠᠭᠠᠵᠠᠯᠠᠬᠤ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠬᠤᠣᠷᠲᠤ ᠡᠳ᠋ ᠵᠢᠴᠢ ᠬᠤᠣᠷ ᠬᠥᠨᠥᠭᠡᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠬᠠᠷᠢᠶ᠎ᠠ ᠣᠷᠣᠨ ᠳᠠᠬᠢ ᠠᠷᠠᠳ ᠲᠦᠮᠡᠨ ᠤ ᠬᠤᠣᠷ ᠴᠠᠭᠠᠵᠠᠯᠠᠬᠤ ᠠᠵᠢᠯᠯᠠᠭ᠎ᠠ ᠳᠤ ᠣᠷᠣᠯᠴᠠᠬᠤ ᠶᠢ ᠪᠦᠲᠦᠮᠵᠢᠲᠡᠶ ᠳᠠᠶᠢᠴᠢᠯᠠᠵᠤ᠂ ᠤᠬᠠᠮᠰᠠᠷ ᠠᠴᠠ ᠪᠠᠨ ᠬᠤᠣᠷᠲᠤ ᠡᠳ᠋ ᠠᠴᠠ ᠵᠠᠶᠢᠳᠠᠬᠤ᠂ ᠬᠤᠣᠷᠲᠤ ᠡᠳ᠋ ᠢ ᠬᠤᠷᠢᠭᠯᠠᠬᠤ ᠤᠬᠠᠮᠰᠠᠷ ᠵᠢᠴᠢ ᠵᠠᠯᠠᠭᠤᠴᠤᠳ ᠪᠠᠭᠠᠴᠤᠳ ᠤᠨ ᠳᠤᠷ᠎ᠠ ᠪᠠᠷ ᠢᠶᠠᠨ ᠡᠮ ᠬᠡᠷᠡᠭᠯᠡᠬᠦ ᠶᠢ ᠰᠡᠷᠭᠡᠶᠢᠯᠡᠬᠦ ᠤᠬᠠᠮᠰᠠᠷ ᠬᠢᠭᠡᠳ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠤᠯᠠᠭᠠᠨᠪᠠᠯᠭᠠᠰᠤᠨ ᠤ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠲᠣᠰᠣᠲᠤ ᠨᠡᠶᠢᠭᠡᠮ ᠲᠣᠭᠤᠷᠢᠭ ᠲᠤ ᠬᠦᠷᠴᠦ ︽ᠵᠠᠯᠠᠭᠤᠴᠤᠳ ᠪᠠᠭᠠᠴᠤᠳ ᠤᠨ ᠳᠤᠷ᠎ᠠ ᠪᠠᠷ ᠪᠠᠨ ᠡᠮ ᠬᠡᠷᠡᠭᠯᠡᠬᠦ ᠶᠢ ᠰᠡᠷᠭᠡᠶᠢᠯᠡᠵᠦ᠂ ᠰᠢᠨ᠎ᠡ ᠴᠠᠭ ᠦᠶ᠎ᠡ ᠶᠢᠨ ᠬᠤᠣᠷ ᠦᠭᠡᠢ ᠤᠮᠠᠷᠠᠲᠤ ᠬᠢᠯᠢ ᠶᠢ ᠬᠠᠮᠲᠤᠪᠠᠷ ᠴᠣᠭᠴᠠᠯᠠᠬᠤ︾ ᠭᠤᠣᠯ ᠰᠡᠳᠦᠪᠲᠦ ᠤᠯᠠᠨ ᠤᠯᠤᠰ ᠤᠨ  ᠬᠤᠣᠷ ᠴᠠᠭᠠᠵᠠᠯᠠᠬᠤ ᠡᠳᠦᠷ ᠤᠨ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤᠮᠳᠠ᠂ ᠤᠯᠠᠭᠠᠨᠪᠠᠯᠭᠠᠰᠤ ᠶᠢᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠬᠤᠣᠷ ᠲᠠᠲᠠᠬᠤ ᠶᠢ ᠵᠣᠭᠰᠤᠭᠠᠬᠤ ᠡᠷᠡᠭᠦᠯᠵᠢᠯ ᠤᠨ ᠲᠤᠰᠬᠠᠢ ᠠᠵᠢᠯᠲᠠᠨ ᠢᠶᠠᠷ ᠪᠦᠷᠢᠯᠳᠦᠭᠰᠡᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠩᠭᠢ ︽ᠵᠠᠯᠠᠭᠤᠴᠤᠳ ᠪᠠᠭᠠᠴᠤᠳ ᠤᠨ ᠳᠤᠷ᠎ᠠ ᠪᠠᠷ ᠢᠶᠠᠨ ᠡᠮ ᠬᠡᠷᠡᠭᠯᠡᠬᠦ ᠶᠢ ᠰᠡᠷᠭᠡᠶᠢᠯᠡᠨ᠂ ᠰᠢᠨ᠎ᠡ ᠴᠠᠭ ᠦᠶ᠎ᠡ ᠶᠢᠨ ᠬᠤᠣᠷ ᠦᠭᠡᠢ ᠤᠮᠠᠷᠠᠲᠤ ᠬᠢᠯᠢ ᠶᠢ ᠬᠠᠮᠲᠤᠪᠠᠷ ᠴᠣᠭᠴᠠᠯᠠᠬᠤ︾ ᠪᠠᠷ ᠭᠤᠣᠯ ᠰᠡᠳᠦᠪ ᠪᠣᠯᠭᠠᠨ ᠤᠬᠠᠭᠤᠯᠭ᠎ᠠ ᠬᠢᠵᠦ᠂ ᠬᠡᠦᠬᠡᠳ᠂ ᠵᠠᠯᠠᠭᠤᠴᠤᠳ ᠪᠠᠭᠠᠴᠤᠳ ᠵᠢᠴᠢ ᠣᠯᠠᠨ ᠲᠦᠮᠡᠨ ᠤ ᠬᠤᠣᠷᠲᠤ ᠡᠳ᠋ ᠢ ᠰᠡᠷᠭᠡᠶᠢᠯᠡᠬᠦ ᠪᠠ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠂ ᠤᠬᠠᠮᠰᠠᠷ ᠠᠴᠠ ᠪᠠᠨ ᠬᠤᠣᠷᠲᠤ ᠡᠳ᠋ ᠠᠴᠠ ᠵᠠᠶᠢᠳᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠣᠶ ᠪᠣᠯᠭᠠᠪᠠ᠃      ᠲᠣᠰ ᠤᠳᠠᠭᠠᠨ ᠤ ᠬᠤᠣᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠬᠠᠷᠢᠶ᠎ᠠ ᠣᠷᠣᠨ ᠤ ᠣᠯᠠᠨ ᠲᠦᠮᠡᠨ ᠤ ᠬᠤᠣᠷ ᠴᠠᠭᠠᠵᠠᠯᠠᠬᠤ ᠤᠬᠠᠮᠰᠠᠷ ᠢ ᠴᠢᠩᠭᠠᠳᠬᠠᠵᠤ᠂ ᠪᠥᠬᠦ ᠠᠷᠠᠳ ᠢᠶᠠᠷ ᠢᠶᠠᠨ ᠬᠤᠣᠷ ᠴᠠᠭᠠᠵᠠᠯᠠᠬᠤ ᠰᠠᠶᠢᠨ ᠰᠠᠶᠢᠬᠠᠨ ᠣᠷᠴᠢᠨ ᠠᠬᠤᠢ ᠶᠢ ᠪᠦᠷᠢᠯᠳᠦᠭᠦᠯᠪᠡ᠃ ᠲᠠᠷᠠᠭᠠᠴᠢ ᠪᠠᠷ᠂ ᠤᠯᠠᠭᠠᠨᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠤᠣᠷ ᠴᠠᠭᠠᠵᠠᠯᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠣᠷ ᠴᠠᠭᠠᠵᠠᠯᠠᠬᠤ ᠦᠵᠡᠯᠲᠡ ᠶᠢ ᠬᠥᠮᠥᠰ ᠤᠨ ᠰᠡᠳᠬᠢᠯ ᠳᠤ ᠬᠤᠨᠣᠭᠰᠢᠭᠤᠯᠤᠨ᠎ᠠ᠃ 
ᠢᠷᠡᠯᠲᠡ᠄ ᠤᠯᠠᠭᠠᠨᠪᠠᠯᠭᠠᠰᠤ