ᠬᠤᠯᠪᠣᠭᠠᠯᠠᠨ ᠳᠠᠭᠠᠭᠠᠴᠢᠯᠠᠵᠤ ᠪᠠᠶᠢᠭ᠎ᠠ ᠠᠵᠤ ᠠᠬᠤᠶᠢᠯᠠᠯ ᠳᠤ ᠭᠦᠨᠵᠡᠭᠡᠶᠢᠷᠡᠵᠦ  ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/7/3
      ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠦᠢᠯᠡᠴᠢᠯᠡᠭᠡ ᠶᠢ ᠴᠢᠩᠭᠠᠳᠬᠠᠬᠤ ᠲᠤᠬᠠᠢ ᠤᠯᠤᠰ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠬᠤᠯᠪᠣᠭᠠᠯᠠᠨ ᠳᠠᠭᠠᠭᠠᠴᠢᠯᠠᠵᠤ ᠪᠠᠶᠢᠭ᠎ᠠ ᠠᠵᠤ ᠠᠬᠤᠶᠢᠯᠠᠯ ᠳᠤ ᠬᠦᠷᠴᠦ ᠪᠠᠶᠢᠳᠠᠯ ᠢ ᠣᠶᠢᠯᠠᠭᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢ ᠠᠵᠤ ᠠᠬᠤᠶᠢᠯᠠᠯ ᠤᠨ ᠡᠵᠡᠩᠨᠡᠯᠲᠡ ᠶᠢᠨ ᠣᠳᠣᠬᠢ ᠪᠠᠶᠢᠳᠠᠯ ᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠤᠨ᠂ ᠬᠦᠴᠢᠷ ᠵᠣᠪᠠᠭᠤᠷᠢ ᠶᠢ ᠨᠢ ᠰᠢᠢᠳᠪᠦᠷᠢᠯᠡᠨ ᠥᠭᠴᠦ᠂ ᠬᠤᠶᠠᠷ ᠲᠠᠯ᠎ᠠ ᠪᠠᠷ ᠢᠶᠠᠨ ᠰᠢᠨ᠎ᠡ ᠬᠥᠭᠵᠢᠯᠲᠡ ᠶᠢᠨ ᠱᠠᠲᠤᠨ ᠳᠤ ᠨᠠᠩ ᠥᠨᠳᠥᠷ ᠬᠢᠷᠢ ᠲᠦᠪᠰᠢᠨ ᠪᠦᠬᠦᠢ  ᠬᠠᠮᠲᠤᠷᠠᠯᠴᠠᠭ᠎ᠠ ᠶᠢ ᠠᠬᠢᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠ ᠣᠷᠣᠰᠢᠵᠤ ᠪᠠᠶᠢᠭ᠎ᠠ ᠬᠦᠴᠢᠷᠳᠡᠯ ᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠢ ᠵᠢᠯᠣᠭᠤᠳᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠬᠠᠪᠰᠤᠷᠴᠤ ᠪᠣᠳᠠᠲᠤ ᠠᠰᠠᠭᠤᠳᠠᠯ ᠢ ᠨᠢ ᠰᠢᠢᠳᠪᠦᠷᠢᠯᠡᠵᠦ ᠥᠭᠬᠦ ᠶᠢᠨ ᠲᠥᠯᠥᠭᠡ ᠥᠷᠨᠢᠭᠦᠯᠦᠭᠰᠡᠨ ᠶᠤᠮ᠃      ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠤᠳᠤᠷᠢᠳᠬᠤ ᠪᠠᠭ ᠤᠨ ᠬᠢᠨ ᠬᠤᠯᠪᠣᠭᠠᠯᠠᠨ ᠳᠠᠭᠠᠭᠠᠴᠢᠯᠠᠵᠤ ᠪᠠᠶᠢᠭ᠎ᠠ ᠠᠵᠤ ᠠᠬᠤᠶᠢᠯᠠᠯ ᠤᠳ ᠲᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠭᠤᠵᠤ ᠶᠠᠷᠢᠯᠴᠠᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠮᠡᠷᠭᠡᠵᠢᠯ ᠤᠨ ᠰᠢᠨ᠎ᠡ ᠡᠭᠦᠳᠦᠯᠲᠡ᠂ ᠵᠠᠬ᠎ᠠ ᠳᠡᠯᠭᠡᠭᠦᠷ ᠤᠨ ᠥᠷᠭᠡᠳᠬᠡᠯ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠪᠠ ᠥᠷᠢᠰᠦᠯᠳᠦᠭᠡᠨ ᠢ ᠨᠠᠷᠢᠨ ᠠᠰᠠᠭᠤᠪᠠ᠃      ᠰᠣᠷᠪᠤᠯᠵᠢᠯᠠᠭ᠎ᠠ ᠳᠤᠮᠳᠠ᠂ ᠤᠳᠤᠷᠢᠳᠤᠯᠭ᠎ᠠ ᠨᠠᠷ ᠪᠠᠰᠠ ᠬᠡᠷᠬᠢᠨ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠠᠵᠤ ᠠᠬᠤᠶᠢᠯᠠᠯ ᠲᠠᠢ ᠭᠦᠨᠵᠡᠭᠡᠢ ᠶᠠᠷᠢᠯᠴᠠᠪᠠ᠃ ᠲᠡᠳᠡ ᠠᠵᠤ ᠠᠬᠤᠶᠢᠯᠠᠯ ᠤᠨ ᠵᠣᠷᠢᠭᠲᠠᠢ ᠪᠠᠷ ᠰᠢᠨ᠎ᠡ ᠶᠢ ᠡᠭᠦᠳᠴᠦ᠂ ᠰᠢᠪᠲᠤᠯᠤᠯᠲᠠ ᠭᠠᠷᠭᠠᠬᠤ ᠶᠢ ᠵᠣᠷᠢᠭᠵᠢᠭᠤᠯᠤᠨ᠂ ᠲᠥᠪ ᠠᠴᠠ ᠠᠵᠤ ᠠᠬᠤᠶᠢᠯᠠᠯ ᠳᠤ ᠪᠦᠬᠦ ᠲᠠᠯ᠎ᠠ ᠶᠢᠨ ᠦᠢᠯᠡᠴᠢᠯᠡᠭᠡ ᠪᠠ ᠳᠡᠮᠵᠢᠯᠭᠡ ᠬᠠᠩᠭᠠᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠪᠣᠯᠣᠨ᠎ᠠ ᠭᠡᠵᠦ ᠢᠯᠡᠳᠬᠡᠪᠡ᠃      ᠲᠣᠰ ᠤᠳᠠᠭᠠᠨ ᠤ ᠠᠵᠢᠯᠯᠠᠭ᠎ᠠ ᠨᠢ ᠠᠵᠤ ᠠᠬᠤᠶᠢᠯᠠᠯ ᠤᠨ ᠥᠨᠳᠥᠷ ᠦᠨᠡᠯᠡᠯᠲᠡ ᠪᠠ ᠢᠳᠡᠪᠬᠢᠲᠡᠢ ᠬᠦᠷᠢᠶᠡᠯᠡᠯ ᠢ ᠣᠯᠣᠭᠰᠠᠨ ᠪᠠᠶᠢᠨ᠎ᠠ᠃ ᠲᠠᠷᠠᠭᠠᠴᠢ ᠪᠠᠷ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠨᠢ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠪᠠᠨ ᠤᠯᠠᠮ ᠴᠢᠩᠭᠠᠳᠬᠠᠵᠤ᠂ ᠪᠠᠶᠢᠩᠭᠤᠵᠢᠭᠰᠠᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠳᠤ ᠪᠥᠬᠦ ᠲᠠᠯ᠎ᠠ ᠶᠢᠨ ᠥᠪᠡᠷᠮᠢᠴᠡ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠨᠠᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠦᠷᠭᠦᠯᠵᠢᠯᠡᠨ ᠬᠦᠴᠦᠨ ᠨᠡᠮᠡᠷᠢᠯᠡᠨ᠎ᠡ᠃ 
ᠢᠷᠡᠯᠲᠡ᠄ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ