ᠴᠢ ᠫᠠᠨ ᠵᠢᠩ ᠪᠠᠯᠭᠠᠰᠤ ᠨᠢᠭᠤᠷᠳᠠᠨ ᠦᠢᠯᠡᠴᠢᠯᠡᠬᠦ ᠡᠳᠦᠷ ᠤᠨ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/7/3
      ᠶᠡᠷᠦᠩᠬᠡᠢ ᠱᠦᠵᠢ ᠰᠢ ᠶᠢᠨ ᠫᠢᠩ ᠤᠨ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠬᠦ︾ ᠪᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠣᠭᠤᠰᠢᠯᠠᠭᠤᠯᠤᠨ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠠᠷᠠᠳ ᠤᠨ ᠬᠠᠷᠢᠯᠴᠠᠬᠤ ᠠᠷᠭ᠎ᠠ ᠵᠠᠮ ᠢ ᠴᠢᠨᠠᠭᠰᠢᠳᠠ ᠥᠷᠭᠡᠳᠬᠡᠨ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠯᠤᠭ᠎ᠠ ᠶᠢᠨ ᠬᠠᠷᠢᠴᠠᠭ᠎ᠠ ᠶᠢ ᠨᠢᠭᠲᠠᠷᠠᠭᠤᠯᠬᠤ ᠶᠢᠨ ᠲᠤᠰᠠᠳᠠ᠂ ᠴᠢ ᠫᠠᠨ ᠵᠢᠩ ᠪᠠᠯᠭᠠᠰᠤ ᠠᠴᠠ ᠰᠢᠷᠢᠭᠢ ᠲᠣᠰᠬᠤᠨ᠂ ᠰᠦᠮᠡᠲᠦ ᠲᠣᠰᠬᠤᠨ ᠳᠤ ︽ᠨᠢᠭᠤᠷᠳᠠᠨ ᠦᠢᠯᠡᠴᠢᠯᠡᠬᠦ ᠡᠳᠦᠷ︾ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠩᠭᠢ ᠶᠢᠨ ᠬᠢᠨ ᠲᠤᠬᠠᠢ ᠶᠢᠨ ᠲᠠᠯᠠᠪᠤᠷ ᠲᠠᠬᠢ ᠣᠯᠠᠨ ᠲᠦᠮᠡᠨ ᠳᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠬᠠᠶᠢᠷ᠎ᠠ ᠬᠠᠯᠠᠮᠵᠢ᠂ ᠬᠠᠤᠯᠢ ᠴᠠᠭᠠᠵᠠ ᠶᠢᠨ ᠯᠠᠪᠯᠠᠯᠲᠠ ᠵᠡᠷᠭᠡ ᠦᠢᠯᠡᠴᠢᠯᠡᠭᠡ ᠬᠠᠩᠭᠠᠵᠤ᠂ ᠠᠵᠢᠯᠲᠠᠳ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠬᠦᠦ ᠮᠥᠩᠭᠦ ᠶᠢ ᠪᠠᠭᠤᠷᠠᠭᠤᠯᠵᠤ ᠳᠠᠷᠤᠭᠠᠰᠤ ᠶᠢ ᠬᠥᠩᠭᠡᠯᠡᠬᠦ᠂ ᠨᠠᠰᠤᠵᠢᠯ ᠤᠨ ᠳᠠᠭᠠᠳᠬᠠᠯ᠂ ᠨᠠᠰᠤᠲᠠᠶᠢᠴᠤᠳ ᠤᠨ ᠨᠥᠬᠦᠪᠦᠷᠢ ᠠᠪᠬᠤ ᠭᠡᠷᠡᠴᠢᠯᠡᠭᠡ ᠬᠢᠬᠦ ᠵᠡᠷᠭᠡ ᠠᠰᠠᠭᠤᠳᠠᠯ ᠢ ᠲᠤᠬᠠᠢ ᠶᠢᠨ ᠲᠠᠯᠠᠪᠤᠷ ᠲᠤ ᠬᠠᠷᠢᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠠᠵᠢᠯ ᠲᠥᠷᠥᠯ ᠢ ᠬᠠᠪᠰᠤᠷᠤᠨ ᠭᠦᠢᠴᠡᠳᠬᠡᠬᠦ ᠪᠤᠶᠤ ᠣᠷᠣᠯᠠᠨ ᠭᠦᠢᠴᠡᠳᠬᠡᠪᠡ᠃ ᠰᠠᠭᠤᠭᠠᠯᠢ ᠠᠷᠠᠳ ᠤᠨ ᠠᠰᠠᠭᠤᠨ ᠯᠠᠪᠯᠠᠭᠰᠠᠨ ᠠᠰᠠᠭᠤᠳᠠᠯ ᠢ  ᠠᠵᠢᠯᠲᠠᠳ ᠨᠠᠷᠢᠨ ᠬᠢᠨᠠᠮᠠᠭᠠᠢ ᠰᠣᠨᠣᠰᠴᠤ᠂ ᠬᠦᠯᠢᠴᠡᠩᠭᠦᠢ ᠪᠠᠷ ᠬᠠᠷᠢᠭᠤᠯᠤᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠲᠡᠳᠡᠨ ᠲᠠᠢ ᠵᠣᠭᠤᠭᠳᠠᠨ᠂ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠴᠢᠷᠳᠡᠵᠦ ᠪᠠᠶᠢᠭ᠎ᠠ ᠠᠰᠠᠭᠤᠳᠠᠯ ᠢ ᠨᠢ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠨᠢ ᠴᠤᠭᠯᠠᠭᠤᠯᠤᠨ ᠰᠣᠨᠣᠰᠪᠠ᠃      ᠲᠣᠰ ᠤᠳᠠᠭᠠᠨ ᠤ ︽ᠨᠢᠭᠤᠷᠳᠠᠨ ᠦᠢᠯᠡᠴᠢᠯᠡᠬᠦ ᠡᠳᠦᠷ︾ ᠤᠨ ᠠᠵᠢᠯᠯᠠᠭ᠎ᠠ ᠪᠠᠷ ᠨᠡᠶᠢᠲᠡ 200 ᠭᠠᠷᠤᠢ ᠣᠯᠠᠨ ᠲᠦᠮᠡᠨ ᠳᠤ ᠦᠢᠯᠡᠴᠢᠯᠡᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 354 ᠵᠦᠢᠯ ᠢ ᠲᠤᠬᠠᠢ ᠶᠢᠨ ᠲᠠᠯᠠᠪᠤᠷ ᠲᠤ ᠭᠦᠢᠴᠡᠳᠬᠡᠪᠡ᠃ ᠬᠦᠦ ᠮᠥᠩᠭᠦ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠯᠡᠬᠦ ᠦᠢᠯᠡᠴᠢᠯᠡᠭᠡᠨ ᠤ ᠯᠠᠪᠯᠠᠯᠭ᠎ᠠ ᠶᠢ 21 ᠬᠥᠮᠥᠨ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠶᠢ 216 ᠬᠥᠮᠥᠨ᠂ ᠮᠠᠯ ᠤᠨᠤᠭ᠎ᠠ ᠶᠢ ᠣᠨᠣᠰᠢᠯᠠᠨ ᠡᠮᠨᠡᠬᠦ ᠦᠢᠯᠡᠴᠢᠯᠡᠭᠡ ᠶᠢ 22 ᠤᠳᠠᠭ᠎ᠠ᠂ ᠨᠥᠬᠦᠪᠦᠷᠢ ᠶᠢ ᠳᠠᠩᠰᠠᠯᠠᠬᠤ ᠪᠠ ᠭᠡᠷᠡᠴᠢᠯᠡᠬᠦ ᠦᠢᠯᠡᠴᠢᠯᠡᠭᠡ ᠶᠢ 34 ᠬᠥᠮᠥᠨ᠂ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ 27 ᠬᠥᠮᠥᠨ᠂ ᠬᠠᠤᠯᠢ ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡ ᠶᠢ 15 ᠬᠥᠮᠥᠨ᠂ ᠥᠪᠡᠷᠮᠢᠴᠡ ᠦᠢᠯᠡᠴᠢᠯᠡᠭᠡ ᠶᠢ 19 ᠬᠥᠮᠥᠨ ᠳᠤ ᠬᠠᠩᠭᠠᠪᠠ᠃      ᠴᠢ ᠫᠠᠨ ᠵᠢᠩ ᠪᠠᠯᠭᠠᠰᠤ ᠣᠯᠠᠨ ᠲᠦᠮᠡᠨ ᠤ ᠤᠴᠢᠷ ᠰᠢᠢᠳᠪᠦᠷᠢᠯᠡᠬᠦ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠲᠤ ᠲᠥᠬᠦᠮ ᠦᠵᠡᠭᠦᠯᠬᠦ ᠨᠠᠩ ᠣᠯᠠᠨ ᠪᠦᠲᠦᠮᠵᠢᠲᠡᠢ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠠᠩ ᠣᠯᠠᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠂ ᠨᠠᠩ ᠥᠨᠳᠥᠷ ᠪᠦᠲᠦᠮᠵᠢᠲᠡᠶ᠂ ᠨᠠᠩ ᠳᠥᠭᠦᠮ ᠳᠥᠲᠡ᠂ ᠨᠠᠩ ᠲᠠᠭᠠᠯᠠᠮᠵᠢᠲᠠᠢ ᠦᠢᠯᠡᠴᠢᠯᠡᠭᠡ ᠶᠢ ᠣᠯᠠᠨ ᠲᠦᠮᠡᠨ ᠤ ᠡᠭᠦᠳᠡᠨ ᠳᠤ ᠬᠦᠷᠭᠡᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ . 
ᠢᠷᠡᠯᠲᠡ᠄ ᠴᠢ ᠫᠠᠨ ᠵᠢᠩ ᠪᠠᠯᠭᠠᠰᠤ