ᠮᠧᠩ ᠰᠢ ᠪᠠᠯᠭᠠᠰᠤᠨ ᠤ ᠮᠧᠩ ᠰᠢ ᠨᠡᠶᠢᠭᠡᠮ ᠲᠣᠭᠤᠷᠢᠭ ︽ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠵᠦ᠂ ᠨᠠᠮᠴᠢ ᠴᠢᠨᠠᠷ ᠢᠶᠠᠨ ᠴᠢᠩᠭᠠᠳᠬᠠᠨ᠂ ᠤᠭ ᠰᠠᠨᠠᠭ᠎ᠠ ᠪᠠᠨ ᠦᠢᠯᠡᠳᠦᠯᠭᠡᠵᠢᠭᠦᠯᠬᠦ︾ ᠭᠤᠣᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/3
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠠᠶᠠᠷᠯᠠᠨ ᠪᠡᠯᠭᠡᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 1 ᠤ ᠡᠳᠦᠷ᠂ ᠮᠸᠡᠭ ᠰᠢ ᠨᠡᠶᠢᠭᠡᠮ ᠲᠣᠭᠤᠷᠢᠭ ᠤᠨ ᠬᠢᠨ ︽ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠵᠦ᠂ ᠨᠠᠮᠴᠢ ᠴᠢᠨᠠᠷ ᠢᠶᠠᠨ ᠴᠢᠩᠭᠠᠳᠬᠠᠨ᠂ ᠤᠭ ᠰᠠᠨᠠᠭ᠎ᠠ ᠪᠠᠨ ᠦᠢᠯᠡᠳᠦᠯᠭᠡᠵᠢᠭᠦᠯᠬᠦ︾  ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠥᠷᠨᠢᠭᠦᠯᠪᠡ᠃      ︽ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠵᠦ᠂ ᠨᠠᠮᠴᠢ ᠴᠢᠨᠠᠷ ᠵᠶ᠋ᠠᠨ‌‍ᠴᠢᠩᠭᠠᠳᠬᠠᠨ᠂ ᠤᠭ ᠰᠠᠨᠠᠭ᠎ᠠ ᠪᠠᠨ  ᠦᠢᠯᠡᠳᠦᠯᠭᠡᠵᠢᠭᠦᠯᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ      ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠪᠠ᠃ ᠬᠤᠷᠠᠯ ᠡᠬᠢᠯᠡᠮᠡᠭᠴᠡ ᠪᠦᠭᠦᠳᠡᠭᠡᠷ ᠢᠶᠠᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠤᠩᠰᠢᠵᠤ ᠲᠠᠩᠭᠠᠷᠢᠭᠯᠠᠨ᠂ ᠨᠠᠮ ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠨ ᠳᠠᠬᠢᠨᠲᠠ ᠪᠠᠲᠤ ᠴᠡᠭᠡᠵᠢᠯᠡᠨ᠂ ᠢᠲᠡᠭᠡᠯ ᠵᠣᠷᠢᠭ ᠢᠶᠠᠨ  ᠬᠥᠪᠴᠢᠯᠡᠪᠡ᠃ ᠡᠭᠦᠨ ᠤ ᠬᠠᠮᠲᠤ᠂ ᠪᠦᠬᠦ ᠨᠠᠮ ᠤᠨ ᠭᠡᠰᠢᠭᠦᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠭᠦᠨᠵᠡᠭᠡᠢ ᠰᠤᠷᠤᠯᠴᠠᠬᠤ ᠶᠢᠨ ᠬᠠᠮᠲᠤ ︽ᠰᠠᠬᠢᠯᠭ᠎ᠠ ᠪᠠᠲᠤ ᠶᠢ ᠴᠢᠩᠭ᠎ᠠ ᠰᠠᠬᠢᠵᠤ ᠰᠠᠭᠤᠷᠢ ᠶᠢ ᠪᠠᠲᠤᠳᠬᠠᠨ ᠬᠠᠷᠢᠭᠤᠴᠠᠯᠭ᠎ᠠ ᠪᠠᠨ ᠡᠭᠦᠷᠭᠡᠯᠡᠵᠦ ᠴᠢᠷᠮᠠᠶᠢᠯᠭ᠎ᠠ ᠭᠠᠷᠭᠠᠨ ᠰᠢᠨ᠎ᠡ ᠬᠠᠭᠤᠳᠠᠰᠤ ᠶᠢ ᠪᠢᠴᠢᠭᠯᠡᠬᠦ︾ ᠰᠠᠬᠢᠯᠭ᠎ᠠ ᠪᠠᠲᠤ ᠨᠠᠮ ᠤᠨ ᠬᠢᠴᠢᠶᠡᠯ ᠣᠷᠣᠪᠠ᠃ ᠬᠤᠷᠠᠯ ᠳᠡᠭᠡᠷ᠎ᠡ ᠨᠠᠮ ᠤᠨ ᠭᠡᠰᠢᠭᠦᠨ ᠺᠠᠳ᠋ᠷᠴᠤᠳ ᠢ ᠰᠠᠬᠢᠯᠭ᠎ᠠ ᠪᠠᠲᠤ ᠶᠢ ᠰᠤᠷᠤᠯᠴᠠᠵᠦ᠂ ᠰᠠᠬᠢᠯᠭ᠎ᠠ ᠪᠠᠲᠤ ᠶᠢ ᠮᠡᠳᠡᠨ᠂ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ  ᠰᠠᠬᠢᠨ᠂ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ ᠰᠠᠬᠢᠨ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠲᠠᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃ ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢᠨ ᠲᠤᠬᠠᠢ ᠨᠠᠩ ᠪᠥᠬᠦ ᠲᠠᠯ᠎ᠠ ᠶᠢᠨ᠂ ᠭᠦᠨ ᠭᠦᠨᠵᠡᠭᠡᠢ ᠲᠠᠨᠢᠯᠲᠠ ᠲᠠᠢ ᠪᠣᠯᠵᠤ᠂ ᠴᠠᠭ ᠢᠮᠠᠭᠲᠠ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠨ᠂ ᠮᠡᠳᠡᠬᠦᠢ ᠬᠢᠬᠦᠢ ᠪᠠᠨ ᠨᠢᠭᠡᠳᠬᠡᠨ᠎ᠡ ᠭᠡᠵᠦ ᠢᠯᠡᠷᠬᠡᠶᠢᠯᠡᠪᠡ᠃      ᠰᠢᠨ᠎ᠡ ᠴᠠᠭ ᠦᠶ᠎ᠡ ᠶᠢᠨ ᠬᠦᠰᠡᠯ ᠢ ᠪᠡᠶᠡᠯᠡᠭᠦᠯᠵᠦ᠂ ᠬᠤᠰᠢᠭᠤᠴᠢ ᠵᠢᠱᠢᠶᠡᠴᠢ ᠶᠢ ᠬᠥᠬᠢᠭᠦᠯᠦᠨ ᠰᠠᠶᠢᠰᠢᠶᠠᠪᠠ᠃ ᠶᠡᠭᠡ ᠬᠤᠷᠠᠯ ᠳᠡᠭᠡᠷ᠎ᠡ᠂ ᠨᠡᠶᠢᠭᠡᠮ ᠲᠣᠭᠤᠷᠢᠭ ᠤᠨ ᠡᠯ᠎ᠡ ᠠᠵᠢᠯ ᠳᠤ ᠲᠣᠪᠣᠶᠢᠮ᠎ᠠ  ᠠᠮᠵᠢᠯᠲᠠ ᠣᠯᠣᠭᠰᠠᠨ 3 ᠰᠢᠯᠢᠳᠡᠭ ᠡᠪ ᠬᠠᠮᠲᠤ ᠨᠠᠮ ᠤᠨ ᠭᠡᠰᠢᠭᠦᠨ᠂ 3 ᠰᠢᠯᠢᠳᠡᠭ ᠠᠵᠢᠯᠲᠠᠨ᠂ 2 ᠰᠢᠯᠢᠳᠡᠭ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠨ᠂ 2 ᠰᠤᠷᠤᠯᠴᠠᠯᠭ᠎ᠠ ᠶᠢᠨ ᠵᠢᠱᠢᠶᠡᠴᠢ ᠪᠠ 2 ᠰᠢᠯᠢᠳᠡᠭ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠲᠥᠪᠯᠡᠷᠡᠭᠦᠯᠦᠨ ᠬᠥᠬᠢᠭᠦᠯᠦᠨ ᠰᠠᠶᠢᠰᠢᠶᠠᠪᠠ᠃ ᠡᠳᠡᠭᠡᠷ ᠲᠡᠷᠢᠭᠦᠨ ᠤ ᠬᠤᠪᠢ ᠬᠥᠮᠥᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ᠂ ᠤᠯᠠᠨ ᠲᠦᠮᠡᠨ ᠳᠤ ᠦᠢᠯᠡᠴᠢᠯᠡᠬᠦ᠂ ᠡᠶ᠎ᠡ ᠵᠣᠬᠢᠴᠠᠯ ᠢ ᠠᠬᠢᠭᠤᠯᠬᠤ ᠵᠡᠷᠭᠡ ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠭᠠᠷᠭᠠᠵᠠᠢ᠃ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠪᠠᠷ ᠳᠠᠮᠵᠢᠭᠤᠯᠤᠨ᠂ ᠨᠠᠮ ᠤᠨ ᠰᠢᠯᠢᠳᠡᠭ ᠤᠯᠠᠮᠵᠢᠯᠠᠯ ᠪᠠ ᠰᠤᠷᠲᠠᠯ ᠢ ᠪᠠᠳᠠᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠪᠠ ᠤᠯᠠᠨ ᠲᠦᠮᠡᠨ ᠤ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠡᠶᠢᠭᠡᠮ ᠲᠣᠭᠤᠷᠢᠭ ᠤᠨ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃      ᠠᠬᠠᠮᠠᠳ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠵᠤ᠂ ᠰᠡᠳᠬᠢᠯ ᠢ ᠨᠢ ᠳᠤᠯᠠᠭᠠᠴᠠᠭᠤᠯᠪᠠ᠃ ᠠᠬᠠᠮᠠᠳ ᠨᠠᠮ ᠤᠨ ᠭᠡᠰᠢᠭᠦᠨ ᠪᠠᠨ ᠬᠦᠨᠳᠦᠳᠬᠡᠨ ᠬᠠᠯᠠᠮᠵᠢᠯᠠᠬᠤ ᠪᠠᠷ ᠮᠧᠩ ᠰᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠬᠢᠨ ᠶᠠᠩ ᠪᠦᠦ ᠽᠧ᠂ ᠵᠤ᠋ ᠭᠤᠸᠠᠩ ᠷᠦᠩ᠂ ᠵᠠᠩ ᠵᠢᠢ ᠵᠥᠩ ᠵᠡᠷᠭᠡ 70 ᠨᠠᠰᠤᠨ ᠠᠴᠠ ᠳᠡᠭᠡᠭᠰᠢᠬᠢ ᠠᠬᠠᠮᠠᠳ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠵᠤ᠂ ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ᠂ ᠲᠡᠳᠡᠨ ᠤ ᠥᠩᠭᠡᠷᠡᠭᠰᠡᠨ ᠤ ᠲᠡᠮᠡᠴᠡᠯ ᠤᠨ ᠥᠩᠭᠡᠷᠡᠯᠲᠡ ᠬᠢᠭᠡᠳ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠶᠠᠷᠢᠬᠤ ᠶᠢ ᠰᠣᠨᠣᠰᠴᠤ᠂ ᠲᠡᠳᠡᠨ ᠤ ᠨᠡᠶᠢᠭᠡᠮ ᠲᠣᠭᠤᠷᠢᠭ ᠪᠣᠯᠣᠨ ᠨᠠᠮ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠨ᠂ ᠲᠣᠬᠤᠨᠢᠭᠤᠯᠬᠤ ᠪᠣᠳᠠᠰ ᠬᠦᠷᠭᠡᠵᠦ᠂ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠢᠶᠠᠨ ᠳᠡᠪᠰᠢᠭᠦᠯᠵᠡᠢ᠃      ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠪᠠ      ᠪᠡᠶ᠎ᠡ ᠶᠢᠨ ᠲᠠᠮᠢᠷ ᠤᠨ ᠴᠤᠭᠯᠠᠭᠠᠨ ᠳᠤ ︽ᠤᠷᠳᠤ ᠵᠠᠮ ᠤᠨ ᠠᠶᠠᠨ ᠲᠠᠶᠢᠨ ᠤ ᠵᠠᠮ ᠢᠶᠠᠷ ᠲᠠᠬᠢᠨ ᠵᠠᠮᠨᠠᠬᠤ︾᠂ ︽ᠴᠡᠷᠢᠭ ᠤᠨ ᠠᠮᠤ ᠬᠦᠨᠡᠰᠦ ᠶᠢ ᠤᠷᠠᠨ ᠢᠶᠠᠷ ᠵᠥᠭᠡᠭᠡᠪᠦᠷᠢᠯᠡᠬᠦ︾᠂ ︽ᠰᠢᠨ᠎ᠡ ᠴᠠᠭ ᠦᠶ᠎ᠡ ᠳᠤ ᠲᠠᠪᠰᠢᠨ ᠣᠷᠣᠬᠤ︾ ᠵᠡᠷᠭᠡ ᠤᠯᠠᠨ ᠤᠷᠤᠯᠳᠤᠭᠠᠨ ᠢ ᠲᠣᠬᠢᠷᠠᠭᠤᠯᠪᠠ᠃ ᠡᠳᠡᠭᠡᠷ ᠤᠷᠤᠯᠳᠤᠭᠠᠨ ᠨᠢ ᠨᠠᠮ ᠤᠨ ᠭᠡᠰᠢᠭᠦᠳ ᠤᠨ ᠲᠠᠮᠢᠷ ᠲᠡᠩᠬᠡᠭᠡ ᠶᠢ ᠰᠢᠯᠭᠠᠭᠰᠠᠨ ᠢᠶᠠᠷ ᠪᠠᠷᠠᠬᠤ ᠦᠭᠡᠢ᠂ ᠨᠡᠩ ᠴᠤ ᠲᠡᠳᠡᠨ ᠤ ᠬᠤᠪᠢᠰᠬᠠᠯ ᠤᠨ ᠲᠡᠦᠬᠡ ᠶᠢᠨ ᠲᠤᠬᠠᠢ ᠣᠶᠢᠯᠠᠭᠠᠯᠲᠠ ᠶᠢ  ᠨᠢ ᠭᠦᠨᠵᠡᠭᠡᠶᠢᠷᠡᠭᠦᠯᠵᠡᠢ᠃ ᠤᠷᠤᠯᠳᠤᠭᠠᠨ ᠤ ᠲᠤᠬᠠᠢ ᠶᠢᠨ ᠲᠠᠯᠠᠪᠤᠷ ᠲᠤ ᠤᠯᠠᠨ ᠢᠶᠠᠷ ᠢᠶᠠᠨ ᠬᠦᠴᠦᠯᠡᠨ ᠲᠡᠮᠡᠴᠡᠵᠦ᠂ ᠬᠦᠷ ᠨᠠᠷᠭᠢᠶᠠᠨ ᠢᠶᠠᠷ ᠪᠢᠯᠬᠠᠨ᠎ᠠ᠃      ᠲᠤᠰ ᠤᠳᠠᠭ᠎ᠠ ᠶᠢᠨ ︽7 · 1︾ ᠤ ᠨᠠᠮ ᠪᠠᠶᠢᠭᠤᠯᠤᠭᠳᠠᠭᠰᠠᠨ ᠡᠳᠦᠷ ᠢ ᠪᠡᠯᠭᠡᠯᠡᠬᠦ ᠰᠢᠷᠢᠰ ᠠᠵᠢᠯᠯᠠᠭ᠎ᠠ ᠨᠢ ᠪᠦᠬᠦ ᠨᠠᠮ ᠤᠨ ᠭᠡᠰᠢᠭᠦᠨ ᠤ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠨ᠂ ᠠᠷᠢᠭᠤᠨ ᠴᠢᠬᠡᠴᠢ ᠶᠢ ᠡᠭᠦᠷᠢᠳᠡ ᠪᠠᠷᠢᠮᠲᠠᠯᠠᠵᠤ᠂ ᠬᠠᠷᠢᠭᠤᠴᠠᠯᠭ᠎ᠠ ᠪᠠᠨ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠪᠠ᠃ ᠳᠠᠷᠠᠭᠠᠴᠢ ᠪᠠᠷ ᠮᠸᠡᠭ ᠰᠢ ᠨᠡᠶᠢᠭᠡᠮ ᠲᠣᠭᠤᠷᠢᠭ ᠪᠠᠰᠠ ᠨᠠᠮ ᠤᠨ ᠪᠠᠶᠢᠭᠤᠯᠤᠯᠲᠠ ᠪᠠᠷ ᠬᠥᠲᠥᠯᠥᠨ ᠵᠢᠯᠣᠭᠤᠳᠤᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠪᠠᠶᠠᠯᠢᠭ ᠠᠭᠤᠯᠭ᠎ᠠ ᠲᠠᠢ ᠠᠵᠢᠯᠯᠠᠭ᠎ᠠ ᠨᠤᠭᠤᠳ ᠢ ᠦᠷᠭᠦᠯᠵᠢᠯᠡᠨ ᠥᠷᠨᠢᠭᠦᠯᠦᠨ᠎ᠡ᠃ 
ᠢᠷᠡᠯᠲᠡ᠄ ᠮᠧᠩ ᠰᠢ ᠪᠠᠯᠭᠠᠰᠤ