2024 ᠣᠨ ᠤ ᠳᠡᠭᠡᠷ᠎ᠡ ᠬᠠᠭᠠᠰ ᠵᠢᠯ ᠤᠨ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭᠠᠨ ᠤ ᠲᠣᠪᠴᠢ | ᠵᠠᠳᠠᠯᠤᠯᠲᠠ | | | 2024 ᠣᠨ ᠤ 1 ︱ 6 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠷᠡᠭᠯᠡᠭᠡᠨ ᠤ ᠪᠣᠳᠠᠰ ᠤᠨ ᠵᠠᠬ᠎ᠠ ᠳᠡᠯᠭᠡᠭᠦᠷ ᠬᠥᠭᠵᠢᠶᠡᠨᠲᠡᠢ ᠪᠠᠶᠢᠳᠠᠯ ᠢᠶᠠᠨ | ᠪᠠᠲᠤᠯᠠᠪᠠ᠃ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 15.7 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠪᠠᠷ ᠪᠥᠬᠦ ᠬᠤᠲᠠ ᠳᠤ ᠭᠤᠷᠪᠠᠳᠤᠭᠠᠷ ᠲᠤ | ᠣᠷᠣᠪᠠ᠃ ᠡᠭᠦᠨ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ | ᠶᠡᠷᠦᠩᠬᠡᠢ ᠲᠤᠭ᠎ᠠ 2.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.0% ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ | ᠪᠠᠶᠢᠳᠠᠯ ᠢᠶᠠᠷ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠭᠤᠯᠠᠨ ᠤ ᠵᠠᠷᠤᠳᠠᠯ ᠤᠨ ᠣᠷᠣᠯᠭ᠎ᠠ ᠨᠡᠶᠢᠲᠡ 0.87 ᠳ᠋ᠦᠩᠰᠢᠭᠤᠷ ᠲᠥᠭᠦᠷᠢᠭ ᠲᠤ ᠬᠦᠷᠴᠦ᠂ | ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠣᠷᠣᠯᠭ᠎ᠠ ᠨᠡᠶᠢᠲᠡ 1.68 ᠳ᠋ᠦᠩᠰᠢᠭᠤᠷ ᠲᠥᠭᠦᠷᠢᠭ ᠬᠦᠷᠪᠡ᠃ ᠬᠡᠷᠡᠭᠯᠡᠭᠡᠨ ᠤ ᠪᠣᠳᠠᠰ ᠤᠨ ᠵᠠᠬ᠎ᠠ ᠳᠡᠯᠭᠡᠭᠦᠷ ᠤᠨ | ᠡᠷᠭᠢᠯᠲᠡ ᠶᠢᠨ ᠪᠠᠶᠢᠳᠠᠯ ᠳᠣᠣᠷᠠᠬᠢ ᠮᠡᠲᠦ᠄ | ᠨᠢᠭᠡ᠂ ᠪᠥᠭᠡᠮ ᠢᠶᠠᠷ ᠪᠣᠷᠣᠯᠠᠭᠤᠯᠬᠤ ᠦᠢᠯᠡᠰ ᠤᠨ ᠦᠨᠳᠦᠰᠦᠨ ᠪᠠᠶᠢᠳᠠᠯ | 1— 6 ᠳ᠋ᠤᠭᠠᠷ ᠰᠠᠷ᠎ᠠ ᠳᠤ᠂ ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠪᠣᠷᠣᠯᠠᠭᠤᠯᠬᠤ ᠦᠢᠯᠡᠰ ᠤᠨ | ᠪᠣᠷᠣᠯᠠᠭᠤᠯᠤᠯᠲᠠ ᠶᠢᠨ ᠬᠡᠮᠵᠢᠶ᠎ᠡ 31.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.2% ᠢᠶᠠᠷ ᠨᠡᠮᠡᠭᠳᠡᠨ᠂ | ᠬᠥᠭᠵᠢᠯᠲᠡ ᠶᠢᠨ ᠰᠠᠶᠢᠨ ᠬᠠᠨᠳᠤᠰᠢ ᠶᠢ ᠢᠯᠡᠷᠡᠭᠦᠯᠪᠡ᠃ | ᠬᠤᠶᠠᠷ᠂ ᠵᠢᠵᠢᠭᠯᠡᠨ ᠪᠣᠷᠣᠯᠠᠭᠤᠯᠬᠤ ᠦᠢᠯᠡᠰ ᠤᠨ ᠦᠨᠳᠦᠰᠦᠨ ᠪᠠᠶᠢᠳᠠᠯ | 1— 6 ᠳ᠋ᠤᠭᠠᠷ ᠰᠠᠷ᠎ᠠ ᠳᠤ᠂ ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠪᠣᠷᠣᠯᠠᠭᠤᠯᠬᠤ ᠦᠢᠯᠡᠰ ᠤᠨ ᠨᠡᠮᠡᠭᠳᠡᠯ | ᠴᠢᠩᠭᠠᠷᠠᠵᠤ᠂ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 1.72 ᠳ᠋ᠦᠩᠰᠢᠭᠤᠷ ᠲᠥᠭᠦᠷᠢᠭ ᠲᠤ ᠬᠦᠷᠦᠨ᠂ ᠠᠳᠠᠯᠢ ᠬᠤᠭᠤᠴᠠᠭᠠᠨ ᠤ ᠬᠢ ᠠᠴᠠ 41.0% ᠪᠠᠷ | ᠨᠡᠮᠡᠭᠳᠡᠪᠡ᠃ ᠬᠡᠷᠡᠭᠯᠡᠭᠡᠨ ᠤ ᠲᠥᠷᠥᠯ ᠢᠯᠭᠠᠯ ᠢ ᠦᠨᠳᠦᠰᠦᠯᠡᠪᠡᠯ᠂ ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠣᠯᠠᠨ | ᠬᠦᠷᠢᠶ᠎ᠡ ᠬᠡᠪᠴᠢᠶᠡᠨ ᠳᠠᠬᠢ ᠵᠢᠵᠢᠭᠯᠡᠨ ᠪᠣᠷᠣᠯᠠᠭᠤᠯᠤᠭᠰᠠᠨ ᠲᠤᠭ᠎ᠠ ᠢᠯᠡᠳᠲᠡ ᠨᠡᠮᠡᠭᠳᠡᠪᠡ᠃ ᠠᠮᠤ ᠢᠳᠡᠰᠢᠨ ᠲᠣᠰᠣ ᠢᠳᠡᠭᠡᠨ ᠤ ᠵᠦᠢᠯ ᠤᠨ ᠵᠢᠵᠢᠭᠯᠡᠨ | ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 29.5% ᠪᠠᠷ ᠨᠡᠮᠡᠭᠳᠡᠵᠦ᠂ ᠤᠮᠳᠠᠭᠠᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ | ᠠᠳᠠᠯᠢ ᠬᠤᠭᠤᠴᠠᠭᠠᠨ ᠤ ᠬᠢ ᠠᠴᠠ 41.2% ᠢᠶᠠᠷ ᠨᠡᠮᠡᠭᠳᠡᠨ᠂ ᠠᠷᠢᠬᠢ ᠲᠠᠮᠠᠬᠢᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ | ᠬᠢ ᠠᠴᠠ 25.4% ᠪᠠᠷ ᠨᠡᠮᠡᠭᠳᠡᠪᠡ᠃ ᠵᠠᠰᠠᠯ ᠭᠤᠶᠤᠯᠠᠯ ᠤᠨ ᠡᠳ᠋ ᠤᠨ ᠲᠥᠷᠥᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ | 41.5% ᠪᠠᠷ ᠨᠡᠮᠡᠭᠳᠡᠵᠦ᠂ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 18. | 2% ᠢᠶᠠᠷ ᠨᠡᠮᠡᠭᠳᠡᠪᠡ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ | 55.9% ᠪᠠᠷ ᠨᠡᠮᠡᠭᠳᠡᠪᠡ᠃ ᠮᠠᠰᠢᠨ ᠲᠡᠷᠭᠡᠨ ᠤ ᠲᠥᠷᠥᠯ ᠤᠨ ᠬᠦᠷᠢᠶᠡᠨ ᠳᠤ᠂ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 73. | 1% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 238.6% ᠪᠠᠷ ᠨᠡᠮᠡᠭᠳᠡᠵᠦ᠂ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠯᠤᠲᠤ ᠶᠡᠭᠡ ᠳᠠᠯᠳᠠ ᠬᠦᠴᠦᠨ ᠪᠠ ᠠᠯᠤᠰ ᠤᠨ ᠬᠥᠭᠵᠢᠯᠲᠡ ᠶᠢ ᠢᠯᠡᠷᠡᠭᠦᠯᠪᠡ᠃ | ᠭᠤᠷᠪᠠ᠂ ᠬᠤᠨᠤᠭ ᠤᠨ ᠭᠠᠵᠠᠷ ᠢᠳᠡᠭᠡᠨ ᠤᠮᠳᠠᠭᠠᠨ ᠤ ᠦᠢᠯᠡᠰ ᠤᠨ ᠦᠨᠳᠦᠰᠦᠨ ᠪᠠᠶᠢᠳᠠᠯ | 1— 6 ᠳ᠋ᠤᠭᠠᠷ ᠰᠠᠷ᠎ᠠ ᠳᠤ᠂ ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠦᠢᠯᠡᠰ ᠤᠨ ᠡᠵᠡᠩᠨᠡᠯᠲᠡ ᠶᠢᠨ ᠨᠣᠷᠮ᠎ᠠ | 0.16 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠪᠠᠭᠤᠷᠠᠭᠰᠠᠨ ᠬᠡᠮᠵᠢᠶ᠎ᠡ ᠨᠢ 21.8% ᠳᠤ | ᠬᠦᠷᠪᠡ᠃ ᠮᠠᠨ ᠤ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠬᠤᠭᠤᠯᠠᠨ ᠵᠠᠷᠤᠳᠠᠯ ᠤᠨ ᠣᠷᠣᠯᠭ᠎ᠠ ᠨᠡᠶᠢᠲᠡ | 0.73 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.5% ᠪᠠᠷ ᠪᠠᠭᠤᠷᠠᠪᠠ᠃ | |