ᠯᠢ ᠴᠢᠶᠠᠩ ᠵᠢᠶᠠᠩᠰᠢ ᠳᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠬᠤ ᠳᠤ ᠪᠠᠨ ᠴᠢᠬᠤᠯᠠᠴᠢᠯᠠᠭᠰᠠᠨ ᠨᠢ ᠠᠶᠤᠯ ᠲᠦᠭᠰᠢᠭᠦᠷᠢ ᠶᠢᠨ | ᠤᠬᠠᠮᠰᠠᠷ ᠢᠶᠠᠨ ᠴᠢᠩᠭᠠᠳᠬᠠᠵᠤ ᠭᠠᠢ ᠭᠠᠮᠰᠢᠭ ᠭᠠᠷᠬᠤ ᠠᠴᠠ ᠡᠮᠦᠨ᠎ᠡ ᠰᠡᠷᠭᠡᠶᠢᠯᠡᠬᠦ ᠶᠢ ᠪᠠᠷᠢᠮᠲᠠᠯᠠᠨ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ ᠡᠯ᠎ᠡ | ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠬᠦ ᠬᠡᠷᠡᠭᠲᠡᠢ | | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ | ᠯᠢ ᠴᠢᠶᠠᠩ 7 ᠳ᠋ᠤᠭᠠᠷ ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ ᠵᠢᠶᠠᠩᠰᠢ ᠶᠢᠨ ᠵᠢᠤᠵᠢᠶᠠᠩ ᠳᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ | ᠵᠢᠯᠣᠭᠤᠳᠪᠠ᠃ ᠲᠡᠷᠡ᠂ ᠣᠳᠣᠬᠠᠨ ᠳᠤ ᠶᠠᠭ ᠦᠶᠡᠷ ᠤᠨ ᠭᠤᠣᠯ ᠬᠤᠭᠤᠴᠠᠭ᠎ᠠ ᠪᠠᠶᠢᠵᠤ᠂ ᠦᠶᠡᠷ ᠢ ᠰᠡᠷᠭᠡᠶᠢᠯᠡᠬᠦ ᠠᠵᠢᠯ ᠵᠠᠩᠭᠢᠯᠠᠭ᠎ᠠ ᠶᠢᠨ ᠱᠠᠲᠤᠨ ᠳᠤ ᠪᠠᠨ | ᠣᠷᠣᠪᠠ᠂ ᠶᠡᠷᠦᠩᠬᠡᠢ ᠱᠦᠵᠢ ᠰᠢ ᠶᠢᠨ ᠫᠢᠩ ᠦᠶᠡᠷ ᠤᠨ ᠪᠠᠶᠢᠳᠠᠯ ᠭᠠᠮᠰᠢᠭ ᠤᠨ ᠪᠠᠶᠢᠳᠠᠯ ᠢ ᠮᠠᠰᠢ ᠠᠩᠬᠠᠷᠴᠤ᠂ ᠤᠯᠠᠨ ᠲᠦᠮᠡᠨ ᠤ ᠠᠮᠤᠷ ᠲᠦᠪᠰᠢᠨ ᠢ ᠮᠠᠰᠢ | ᠬᠠᠯᠠᠮᠵᠢᠯᠠᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠥᠭᠴᠡᠢ᠃ ᠪᠢᠳᠡ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ | ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠨᠠᠭᠰᠢᠳᠠ ᠤᠯᠠᠮ ᠴᠢᠩᠭᠠᠳᠬᠠᠵᠤ᠂ ᠭᠠᠢ ᠭᠠᠮᠰᠢᠭ ᠭᠠᠷᠬᠤ ᠠᠴᠠ ᠡᠮᠦᠨ᠎ᠡ ᠰᠡᠷᠭᠡᠶᠢᠯᠡᠬᠦ ᠶᠢ ᠪᠠᠷᠢᠮᠲᠠᠯᠠᠨ᠂ | ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠠᠴᠠ ᠠᠪᠤᠷᠠᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ | ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | 7 ᠳ᠋ᠤᠭᠠᠷ ᠰᠠᠷ᠎ᠠ ᠶᠢᠨ 1 ᠤ ᠡᠳᠦᠷ ᠠᠴᠠ 2 ᠤᠨ ᠡᠳᠦᠷ ᠪᠤᠯᠲᠠᠯ᠎ᠠ ᠳᠣᠮᠲᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠵᠢᠶᠠᠩᠰᠢ ᠶᠢᠨ ᠵᠢᠣᠵᠢᠶᠠᠩ ᠳᠤ | ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠪᠠ᠃ ᠡᠨᠡ ᠪᠣᠯ 7 ᠳ᠋ᠤᠭᠠᠷ ᠰᠠᠷ᠎ᠠ ᠶᠢᠨ 1 ᠤ ᠡᠳᠦᠷ᠂ ᠯᠢ ᠴᠢᠶᠠᠩ ᠵᠢᠦᠵᠢᠶᠠᠩ ᠬᠤᠳᠠ ᠶᠢᠨ ᠨᠢᠦ ᠵᠢᠶᠣᠤ | ᠦ᠋ ᠬᠠᠰᠢᠯᠭ᠎ᠠ ᠳᠤ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠭᠴᠢ ᠲᠠᠢ ᠰᠠᠨᠠᠯ ᠢᠶᠠᠨ ᠰᠣᠯᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | | | ᠯᠢ ᠴᠢᠶᠠᠩ ᠬᠥᠬᠡᠮᠥ᠋ᠷᠡᠨ ᠪᠠ ᠫᠥᠸᠧ ᠶᠠᠩ ᠬᠤ᠋ ᠨᠠᠭᠤᠷ ᠤᠨ ᠠᠭᠤᠯᠵᠠᠷ ᠲᠠᠬᠢ ᠨᠠᠭᠤᠷ ᠤᠨ ᠤᠰᠤ ᠰᠢᠨᠵᠢᠯᠡᠭᠡᠨ ᠤ ᠥᠷᠲᠡᠭᠡᠨ ᠳᠤ ᠬᠦᠷᠦᠭᠡᠳ᠂ | ᠬᠥᠬᠡᠮᠥ᠋ᠷᠡᠨ᠂ ᠫᠥᠸᠧ ᠶᠠᠩ ᠬᠤ᠋ ᠨᠠᠭᠤᠷ ᠤᠨ ᠦᠶᠡᠷ ᠢ ᠰᠡᠷᠭᠡᠶᠢᠯᠡᠵᠦ ᠦᠶᠡᠷ ᠲᠤ ᠪᠡᠯᠡᠳᠬᠡᠬᠦ ᠠᠵᠢᠯ ᠢ ᠣᠶᠢᠯᠠᠭᠠᠨ᠂ ᠨᠠᠭᠤᠷ ᠮᠦᠷᠡᠨ ᠤ ᠤᠰᠤᠨ ᠤ ᠪᠠᠶᠢᠳᠠᠯ ᠢ | ᠪᠠᠶᠢᠴᠠᠭᠠᠨ ᠦᠵᠡᠵᠦ᠂ ᠤᠰᠤᠨ ᠲᠦᠪᠰᠢᠨ᠂ ᠤᠷᠤᠰᠬᠠᠯ ᠤᠨ ᠬᠤᠷᠳᠤᠴᠠ ᠵᠡᠷᠭᠡ ᠤᠰᠤ ᠰᠢᠨᠵᠢᠯᠡᠭᠡᠨ ᠤ ᠬᠢᠨᠠᠨ ᠬᠡᠮᠵᠢᠯᠲᠡ ᠶᠢᠨ ᠪᠠᠶᠢᠳᠠᠯ ᠢ ᠨᠠᠷᠢᠨ ᠠᠰᠠᠭᠤᠪᠠ᠃ | ᠯᠢ ᠴᠢᠶᠠᠩ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠪᠣᠯ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠮᠥᠨ᠂ | ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨᠴᠢ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠵᠦ᠂ ᠰᠠᠯᠠᠭ᠎ᠠ ᠮᠥᠴᠢᠷ ᠤᠳ ᠤᠨ ᠬᠠᠮᠲᠤᠷᠠᠭᠰᠠᠨ ᠬᠤᠷᠠᠯ ᠪᠠ | ᠦᠷᠭᠦᠯᠵᠢᠯᠡᠨ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠠᠯᠢ ᠴᠢᠳᠠᠬᠤ ᠪᠠᠷ ᠤᠷᠢᠳᠴᠢᠯᠠᠨ ᠮᠡᠳᠡᠭᠦᠯᠬᠦ ᠬᠤᠭᠤᠴᠠᠭ᠎ᠠ ᠶᠢ ᠤᠷᠲᠤᠳᠬᠠᠵᠤ᠂ ᠤᠷᠢᠳᠴᠢᠯᠠᠭᠰᠠᠨ | ᠬᠡᠮᠵᠢᠶ᠎ᠡ ᠶᠢ ᠢᠯᠡᠭᠦᠬᠡᠨ ᠥᠭᠴᠦ᠂ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠯᠢ ᠴᠢᠶᠠᠩ ᠨᠢᠦ ᠵᠢᠶᠣᠤ ᠦ᠋ ᠬᠠᠰᠢᠯᠭ᠎ᠠ ᠳᠡᠭᠡᠷ᠎ᠡ ᠭᠠᠷᠴᠤ᠂ | ᠬᠥᠬᠡᠮᠥ᠋ᠷᠡᠨ ᠤ ᠬᠠᠰᠢᠯᠭ᠎ᠠ ᠶᠢ ᠵᠠᠰᠠᠵᠤ ᠪᠠᠬᠢᠯᠡᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠶᠢ | ᠪᠠᠶᠢᠴᠠᠭᠠᠨ ᠦᠵᠡᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠭᠴᠢᠳ ᠲᠠᠢ ᠰᠠᠨᠠᠯ ᠢᠶᠠᠨ ᠰᠣᠯᠢᠯᠴᠠᠪᠠ᠃ ᠯᠢ ᠴᠢᠶᠠᠩ ᠤᠯᠠᠨ ᠳᠤ ᠮᠡᠨᠳᠦᠴᠢᠯᠡᠯ ᠪᠠ ᠲᠠᠯᠠᠷᠬᠠᠯ | ᠳᠡᠪᠰᠢᠭᠦᠯᠪᠡ᠃ ᠲᠡᠷᠡ᠂ ᠲᠦᠭᠰᠢᠭᠦᠷᠢᠲᠦ ᠪᠠᠶᠢᠳᠠᠯ ᠭᠠᠷᠬᠤ ᠠᠴᠠ ᠠᠶᠤᠬᠤ ᠦᠭᠡᠢ᠂ ᠰᠠᠯᠬᠢ ᠶᠡᠭᠡ ᠪᠣᠷᠣᠭᠠᠨ ᠶᠡᠭᠡ ᠪᠣᠯᠬᠤ ᠲᠤᠳᠤᠮ ᠬᠠᠰᠢᠯᠭ᠎ᠠ ᠶᠢ ᠲᠣᠭᠤᠷᠢᠨ | ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠪᠠᠨ ᠤᠯᠠᠮ ᠴᠢᠩᠭᠠᠳᠬᠠᠵᠤ᠂ ᠠᠶᠤᠯᠲᠠᠢ ᠪᠠᠷᠢᠯᠭ᠎ᠠ ᠶᠢᠨ ᠠᠶᠤᠯᠲᠠᠢ ᠬᠡᠰᠡᠭ ᠵᠡᠷᠭᠡ ᠪᠠᠭᠤᠷᠠᠢ ᠭᠤᠭᠴᠣᠭᠠᠨ ᠳᠤ ᠬᠥᠮᠥᠨ | ᠨᠡᠮᠡᠨ ᠲᠣᠮᠢᠯᠠᠵᠤ᠂ ᠳᠠᠪᠲᠠᠮᠵᠢ ᠪᠠᠨ ᠨᠢᠭᠲᠠᠷᠠᠭᠤᠯᠵᠤ᠂ ᠠᠶᠤᠯ ᠠᠴᠠ ᠠᠪᠤᠷᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ᠠᠶᠤᠯ ᠲᠦᠭᠰᠢᠭᠦᠷᠢ ᠶᠢ ᠡᠷᠲᠡ | ᠢᠯᠡᠷᠡᠭᠦᠯᠦᠨ᠂ ᠡᠷᠲᠡ ᠠᠷᠭᠠᠴᠠᠭᠠᠬᠤ ᠬᠡᠷᠡᠭᠲᠡᠢ ᠭᠡᠯᠡ᠃ | ᠯᠢ ᠴᠢᠶᠠᠩ ᠯᠦ ᠱᠠᠨ ᠬᠤᠲᠠ ᠶᠢᠨ ᠪᠠᠢ ᠯᠦ ᠪᠠᠯᠭᠠᠰᠤᠨ ᠤ ᠸᠠᠩ ᠵᠢᠶᠠ ᠯᠥᠩ ᠳᠤᠭᠤᠶᠢᠯᠠᠩ ᠤᠨ ᠭᠠᠵᠠᠷ ᠰᠢᠨᠵᠢᠯᠡᠭᠡᠨ ᠤ ᠭᠠᠮᠰᠢᠭ ᠤᠨ ᠴᠡᠭ ᠲᠤ | ᠬᠦᠷᠦᠭᠡᠳ᠂ ᠶᠡᠭᠦᠷᠡᠭᠰᠡᠨ ᠪᠡᠯ ᠢ ᠵᠠᠰᠠᠬᠤ ᠲᠤᠬᠠᠢ ᠶᠢᠨ ᠲᠠᠯᠠᠪᠠᠶ ᠳᠤ ᠶᠡᠭᠦᠷᠡᠭᠰᠡᠨ ᠪᠡᠯ ᠪᠠ ᠮᠧᠬᠠᠨᠢᠭ ᠤᠨ ᠠᠵᠢᠯ ᠤᠨ ᠠᠬᠢᠴᠠ ᠶᠢ ᠪᠠᠶᠢᠴᠠᠭᠠᠨ ᠦᠵᠡᠵᠦ᠂ ᠣᠯᠠᠨ | ᠲᠦᠮᠡᠨ ᠢ ᠲᠥᠪᠬᠢᠨᠡᠭᠦᠯᠦᠭᠰᠡᠨ ᠪᠠᠶᠢᠳᠠᠯ ᠢ ᠨᠠᠷᠢᠨ ᠠᠰᠠᠭᠤᠨ ᠯᠠᠪᠯᠠᠵᠠᠢ᠃ ᠯᠢ ᠴᠢᠶᠠᠩ᠂ ᠣᠳᠣ ᠪᠡᠯ ᠶᠡᠭᠦᠷᠡᠬᠦ᠂ ᠰᠢᠪᠠᠷ ᠴᠢᠯᠠᠭᠤᠨ ᠤᠷᠤᠰᠬᠠᠯ ᠵᠡᠷᠭᠡ ᠭᠠᠵᠠᠷ | ᠰᠢᠨᠵᠢᠯᠡᠭᠡᠨ ᠤ ᠭᠠᠢ ᠭᠠᠮᠰᠢᠭ ᠣᠯᠠᠨ ᠡᠭᠦᠰᠬᠦ ᠬᠤᠭᠤᠴᠠᠭ᠎ᠠ ᠪᠠᠶᠢᠵᠤ᠂ ᠠᠮᠤᠷ ᠲᠦᠪᠰᠢᠨ ᠤ ᠰᠡᠷᠭᠡᠶᠢᠯᠡᠯᠲᠡ ᠡᠨᠡ ᠬᠦ ᠬᠥᠪᠴᠢ ᠶᠢ ᠨᠢᠭᠡ ᠮᠥᠴᠡ ᠴᠦ | ᠰᠤᠯᠠᠷᠠᠭᠤᠯᠵᠤ ᠪᠣᠯᠬᠤ ᠦᠭᠡᠢ᠃ ︽ᠰᠡᠷᠭᠡᠶᠢᠯᠡᠯᠲᠡ︾ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠭᠠᠴᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠭᠠᠵᠠᠷ | ᠰᠢᠨᠵᠢᠯᠡᠭᠡᠨ ᠤ ᠭᠠᠢ ᠭᠠᠮᠰᠢᠭ ᠤᠨ ︽ᠳᠠᠯᠳᠠ ᠬᠡᠮ ᠲᠠᠢ ᠭᠠᠵᠠᠷ + ᠠᠶᠤᠯ ᠲᠦᠭᠰᠢᠭᠦᠷᠢᠲᠦ ᠣᠷᠣᠨ︾ ᠤ ᠬᠤᠣᠰ ᠡᠵᠡᠮᠳᠡᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠬᠥᠮᠥᠨ ᠪᠠ ᠮᠡᠷᠭᠡᠵᠢᠯ ᠢᠶᠠᠷ ᠰᠡᠷᠭᠡᠶᠢᠯᠡᠬᠦ ᠶᠢ ᠨᠠᠩ ᠰᠠᠶᠢᠲᠤᠷ ᠤᠶᠠᠯᠳᠤᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠢᠯᠡᠷᠡᠭᠦᠯᠪᠡᠯ | ᠲᠦᠭᠰᠢᠭᠦᠷᠢ ᠳᠤ ᠦᠷᠲᠦᠬᠦ ᠣᠷᠣᠨ ᠪᠦᠰᠡ ᠶᠢᠨ ᠰᠠᠭᠤᠭᠠᠯᠢ ᠠᠷᠠᠳ ᠢ ᠰᠢᠭᠤᠷᠬᠠᠢ ᠰᠢᠯᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠭᠠᠮᠰᠢᠭᠳᠠᠭᠰᠠᠨ ᠣᠯᠠᠨ | ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ ᠬᠡᠮᠡᠨ ᠵᠢᠭᠠᠵᠤ ᠭᠠᠷᠭᠠᠵᠠᠢ᠃ | | | | | | 7 ᠳ᠋ᠤᠭᠠᠷ ᠰᠠᠷ᠎ᠠ ᠶᠢᠨ 1 ᠤ ᠡᠳᠦᠷ ᠠᠴᠠ 2 ᠤᠨ ᠡᠳᠦᠷ ᠪᠤᠯᠲᠠᠯ᠎ᠠ ᠳᠣᠮᠲᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠵᠢᠶᠠᠩᠰᠢ ᠶᠢᠨ ᠵᠢᠣᠵᠢᠶᠠᠩ ᠳᠤ | ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠪᠠ᠃ 7 ᠳ᠋ᠤᠭᠠᠷ ᠰᠠᠷ᠎ᠠ ᠶᠢᠨ 2 ᠤᠨ ᠡᠳᠦᠷ᠂ ᠯᠢ ᠴᠢᠶᠠᠩ ᠯᠦ ᠱᠠᠨ ᠬᠤᠲᠠ ᠶᠢᠨ ᠪᠠᠢ ᠯᠦ ᠪᠠᠯᠭᠠᠰᠤᠨ ᠳᠤ | ᠦᠶᠡᠷ ᠢ ᠰᠡᠷᠭᠡᠶᠢᠯᠡᠬᠦ ᠪᠠᠶᠢᠳᠠᠯ ᠢ ᠵᠠᠳᠠᠯᠬᠤ ᠬᠤᠷᠠᠯ ᠡᠷᠭᠢᠯᠡᠨ ᠬᠤᠷᠠᠯᠳᠤᠭᠤᠯᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | | ᠪᠠᠢ ᠯᠦ ᠪᠠᠯᠭᠠᠰᠤᠨ ᠳᠤ᠂ ᠯᠢ ᠴᠢᠶᠠᠩ ᠦᠶᠡᠷ ᠢ ᠰᠡᠷᠭᠡᠶᠢᠯᠡᠬᠦ ᠪᠠᠶᠢᠳᠠᠯ ᠢ ᠵᠠᠳᠠᠯᠬᠤ ᠬᠤᠷᠠᠯ ᠡᠷᠬᠢᠯᠡᠨ ᠬᠤᠷᠠᠯᠳᠤᠭᠤᠯᠪᠠ᠃ ᠵᠢᠶᠠᠩᠰᠢ ᠮᠤᠵᠢ᠂ ᠯᠦ ᠱᠠᠨ | ᠬᠤᠲᠠ᠂ ᠪᠠᠢ ᠯᠦ ᠪᠠᠯᠭᠠᠰᠤ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ | ᠠᠰᠢᠭᠯᠠᠯᠲᠠ ᠶᠢᠨ ᠶᠠᠮᠤᠨ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠬᠠᠷᠢᠭᠤᠴᠠᠯᠭᠠᠲᠠᠳ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ | ᠳᠠᠷᠠᠭ᠎ᠠ᠂ ᠯᠢ ᠴᠢᠶᠠᠩ᠂ ᠡᠨᠡ ᠵᠢᠯ ᠲᠦᠢᠯ ᠤᠨ ᠶᠡᠷᠦ ᠪᠤᠰᠤ ᠶᠢᠨ ᠴᠠᠭ ᠠᠭᠤᠷ ᠣᠯᠠᠨ ᠡᠭᠦᠰᠴᠦ ᠪᠠᠶᠢᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠦᠨᠡᠨ ᠬᠦ | ᠰᠣᠨᠣᠷ ᠰᠡᠷᠡᠮᠵᠢ ᠲᠠᠢ ᠪᠠᠶᠢᠵᠤ᠂ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ | ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠭᠠᠮᠰᠢᠭ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ | ᠴᠢᠩᠭᠠᠳᠬᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠰᠢᠭᠤᠳ ᠬᠦᠷᠬᠦ ᠭᠠᠮᠰᠢᠭ ᠢ ᠰᠡᠷᠭᠡᠶᠢᠯᠡᠵᠦ ᠰᠡᠷᠡᠮᠵᠢᠯᠡᠭᠦᠯᠬᠦ ︽ᠬᠠᠷᠠᠵᠤ ᠬᠠᠨᠳᠤᠬᠤ︾ | ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠰᠢᠷᠦᠭᠦᠨ ᠪᠣᠷᠣᠭᠠᠨ ᠠᠴᠠ ᠪᠣᠯᠤᠭᠰᠠᠨ ᠡᠯ᠎ᠡ ᠵᠦᠢᠯ ᠤᠨ ᠡᠭᠦᠰᠦᠮᠡᠯ ᠭᠠᠮᠰᠢᠭ ᠤᠳ ᠢ ᠴᠢᠩᠭ᠎ᠠ | ᠰᠡᠷᠭᠡᠶᠢᠯᠡᠵᠦ᠂ ᠬᠤᠳᠠ ᠶᠢᠨ ᠦᠶᠡᠷ ᠢ ᠰᠡᠷᠭᠡᠶᠢᠯᠡᠨ ᠤᠰᠤᠲᠤᠯ ᠢ ᠵᠠᠯᠠᠬᠤ ᠪᠠᠭᠤᠷᠠᠢ ᠭᠤᠭᠴᠤᠭ᠎ᠠ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠠᠷᠢᠶᠠᠨ | ᠭᠠᠵᠠᠷ ᠲᠠᠬᠢ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠳᠤᠲᠠᠭᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠦᠢᠯᠡᠳᠦᠯ ᠢ ᠦᠨᠡᠨ ᠬᠦ ᠪᠠᠳᠠᠷᠠᠭᠤᠯᠵᠤ᠂ ᠳᠡᠭᠡᠳᠦ ᠳᠣᠣᠷᠠᠳᠤ ᠤᠷᠤᠰᠬᠠᠯ᠂ ᠵᠡᠭᠦᠨ ᠪᠠᠷᠠᠭᠤᠨ ᠡᠷᠭᠢ᠂ ᠭᠤᠣᠯ ᠰᠠᠯᠪᠤᠷᠢ ᠤᠷᠤᠰᠬᠠᠯ᠂ ᠮᠤᠵᠢ ᠬᠤᠭᠤᠷᠣᠨᠳᠤ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠪᠣᠷᠣᠭᠠᠨ ᠤ ᠭᠤᠣᠯ ᠪᠦᠰᠡ ᠶᠢ ᠦᠷᠭᠦᠯᠵᠢᠯᠡᠨ ᠤᠮᠠᠷᠠᠰᠢ ᠰᠢᠯᠵᠢᠭᠦᠯᠬᠦ ᠪᠡᠯᠡᠳᠬᠡᠯ ᠢ ᠤᠷᠢᠳᠴᠢᠯᠠᠨ | ᠰᠠᠶᠢᠲᠤᠷ ᠬᠢᠬᠦ ᠬᠡᠷᠡᠭᠲᠡᠢ᠃ ᠠᠶᠤᠯ ᠠᠴᠠ ᠠᠪᠤᠷᠠᠨ ᠲᠤᠰᠠᠯᠠᠬᠤ ᠪᠠ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠰᠠᠭᠤᠷᠢ ᠲᠥᠬᠦᠭᠡᠷᠦᠮᠵᠢ ᠶᠢᠨ ᠭᠠᠮᠰᠢᠭ ᠰᠡᠷᠭᠡᠶᠢᠯᠡᠬᠦ ᠲᠦᠪᠰᠢᠨ ᠢ ᠳᠡᠭᠡᠭᠰᠢᠯᠡᠭᠦᠯᠵᠦ᠂ ᠲᠦᠢᠯ ᠤᠨ ᠪᠠᠶᠢᠳᠠᠯ ᠳᠤ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠠᠪᠬᠤ | ᠬᠡᠷᠡᠭᠲᠡᠢ᠃ ᠭᠠᠮᠰᠢᠭ ᠭᠠᠷᠤᠮᠠᠭᠴᠠ ᠠᠪᠤᠷᠠᠨ ᠲᠤᠰᠠᠯᠠᠬᠤ ᠡᠯ᠎ᠡ ᠲᠥᠷᠥᠯ ᠤᠨ ᠬᠦᠴᠦᠨ ᠢ ᠨᠢᠭᠡᠳᠦᠯᠲᠡᠢ ᠲᠥᠯᠥᠪᠯᠡᠨ ᠰᠢᠯᠵᠢᠭᠦᠯᠦᠨ ᠲᠣᠮᠢᠯᠠᠵᠤ᠂ ᠲᠡᠷᠡ | ᠳᠠᠷᠤᠢ ᠳᠤ ᠨᠢ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠂ ᠬᠥᠮᠥᠨ ᠬᠠᠷ᠎ᠠ ᠠᠳᠡᠵᠦ ᠰᠢᠷᠬᠠᠲᠤᠬᠤ ᠪᠠ ᠭᠠᠮᠰᠢᠭ ᠤᠨ ᠬᠤᠬᠢᠷᠠᠯ ᠢ ᠬᠠᠮᠤᠭ ᠤᠨ ᠳᠣᠣᠷ᠎ᠠ | ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠢ᠃ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠶᠢ ᠨᠢᠭᠡᠳᠦᠯᠲᠡᠢ ᠲᠥᠯᠥᠪᠯᠡᠨ | ᠰᠠᠶᠢᠲᠤᠷ ᠠᠳᠬᠤᠵᠤ᠂ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠡᠬᠢ ᠰᠤᠷᠪᠤᠯᠵᠢ ᠶᠢ ᠰᠢᠯᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠤᠯᠠᠨ | ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠬᠢᠭᠡᠳ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ ᠬᠡᠮᠡᠨ ᠵᠢᠭᠠᠵᠤ | ᠭᠠᠷᠭᠠᠵᠠᠢ᠃ | ᠦ᠋ ᠵᠧᠩ ᠯᠦᠩ ᠪᠠᠷ᠎ᠠ ᠪᠣᠯᠪᠠ᠃ | | | | | | | | | |