1 — 5 ᠳ᠋ᠤᠭᠠᠷ ᠰᠠᠷ᠎ᠠ ᠳᠤ ᠣᠲᠤᠭ ᠬᠤᠰᠢᠭᠤᠨ ᠤ ᠨᠡᠭᠦᠷᠡᠰᠦᠨ ᠤ ᠬᠡᠷᠡᠭᠴᠡᠭᠡ ᠳᠡᠭᠡᠭᠰᠢᠯᠡᠪᠡ
ᠨᠡᠶᠢᠲᠡᠯᠡᠭᠰᠡᠨ ᠴᠠᠭ᠄
2024/7/9
      1 — 5 ᠳ᠋ᠤᠭᠠᠷ ᠰᠠᠷ᠎ᠠ ᠳᠤ ᠣᠲᠤᠭ ᠬᠤᠰᠢᠭᠤᠨ ᠤ ᠨᠡᠭᠦᠷᠡᠰᠦᠨ ᠤ ᠬᠡᠷᠡᠭᠴᠡᠭᠡ ᠳᠡᠭᠡᠭᠰᠢᠯᠡᠪᠡ      ᠨᠢᠭᠡᠳᠦᠭᠡᠷ ᠤᠯᠠᠷᠢᠯ ᠠᠴᠠ ᠨᠠᠭᠠᠰᠢ᠂ ᠬᠤᠷᠸ᠎ᠠ ᠠᠵᠤ ᠠᠬᠤᠢ ᠳᠤ ᠲᠣᠭᠲᠠᠭᠤᠨ ᠢᠶᠠᠷ ᠳᠡᠭᠡᠭᠰᠢᠯᠡᠬᠦ ᠪᠠᠶᠢᠳᠠᠯ ᠢᠯᠡᠷᠡᠵᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠰᠡᠷᠭᠦᠯᠲᠡ ᠶᠢᠨ ᠪᠠᠶᠢᠳᠠᠯ ᠰᠠᠶᠢᠨ ᠪᠣᠯᠪᠠ᠂ ᠡᠨᠧᠷᠭᠢ ᠶᠢᠨ ᠬᠡᠷᠡᠭᠯᠡᠭᠡ ᠲᠣᠭᠲᠠᠭᠤᠨ ᠢᠶᠠᠷ ᠨᠡᠮᠡᠭᠳᠡᠵᠦ᠂ ᠨᠡᠭᠦᠷᠡᠰᠦᠨ ᠤ ᠬᠡᠷᠡᠭᠴᠡᠭᠡ ᠨᠡᠯᠢᠶᠡᠳ ᠲᠦᠷᠭᠡᠨ ᠳᠡᠭᠡᠭᠰᠢᠯᠡᠪᠡ᠃ 1 — 5 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 2453.2 ᠲᠦᠮᠡᠨ ᠲᠣᠨ ᠲᠦᠭᠦᠬᠡᠢ ᠨᠡᠭᠦᠷᠡᠰᠦ ᠬᠤᠳᠠᠯᠳᠤᠨ ᠠᠪᠴᠤ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ ᠵᠠᠭᠤᠨ ᠤ 1.7 ᠬᠤᠪᠢ ᠲᠦᠷᠭᠡᠰᠪᠡ᠂ ᠡᠭᠦᠨ ᠳᠤ᠂ ᠮᠤᠵᠢ ᠶᠢᠨ ᠭᠠᠳᠠᠨ᠎ᠠ ᠠᠴᠠ 230.2 ᠲᠦᠮᠡᠨ ᠲᠣᠨ ᠬᠤᠳᠠᠯᠳᠤᠨ ᠠᠪᠴᠤ᠂ ᠠᠳᠠᠯᠢ ᠬᠤᠭᠤᠴᠠᠭᠠᠨ ᠤ ᠬᠢ ᠠᠴᠠ 79.9% ᠪᠠᠷ ᠨᠡᠮᠡᠭᠳᠡᠨ᠂ ᠪᠥᠬᠦ ᠬᠤᠳᠠᠯᠳᠤᠨ ᠠᠪᠤᠭᠰᠠᠨ ᠬᠡᠮᠵᠢᠶᠡᠨ ᠤ 9.4% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ 4.4 ᠬᠤᠪᠢ ᠲᠦᠷᠭᠡᠰᠪᠡ᠃  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ