ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ︽8.1︾ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/1
      ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ᠂ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠲᠠᠳ᠂ ᠠᠯᠪᠠ ᠬᠠᠭᠠᠵᠤ ᠪᠠᠶᠢᠭ᠎ᠠ ᠴᠡᠷᠢᠭ ᠤᠨ ᠭᠡᠷ ᠪᠦᠯᠢ ᠶᠢᠨ ᠬᠢᠨ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠵᠤ᠂ ᠬᠤᠰᠢᠭᠤᠨ ᠤ ᠳᠥᠷᠪᠡᠨ ᠶᠡᠭᠡ ᠪᠠᠭ ᠤᠨ ᠡᠮᠦᠨ᠎ᠡ ᠠᠴᠠ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃      7 ᠳ᠋ᠤᠭᠠᠷ ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠠ ᠴᠡᠷᠢᠭ ᠠᠴᠠ ᠬᠠᠯᠠᠭᠳᠠᠭᠴᠢ ᠲᠡᠷᠢᠭᠦᠨ᠂ ᠠᠯᠲᠠᠨᠭᠠᠳᠠᠰᠤ ᠶᠢᠨ ᠬᠢᠨ ᠳᠤ ᠬᠦᠷᠴᠦ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠪᠠ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠸᠠᠨ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ ᠣᠷᠣᠯᠴᠠᠪᠠ᠃      ᠭᠤᠤ ᠬᠤᠸᠠᠢ ᠵᠢᠩ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ ᠳᠠᠷᠤᠭ᠎ᠠ ᠪᠠᠶᠢᠯᠳᠤᠭᠴᠢᠳ ᠲᠠᠢ ᠭᠠᠷ ᠠᠳᠬᠤᠨ ᠲᠣᠳᠤᠨᠤᠰᠤᠭ ᠢᠶᠠᠷ ᠶᠠᠷᠢᠯᠴᠠᠵᠤ᠂ ᠲᠡᠳᠡᠨ ᠤ ᠬᠤᠨᠣᠬᠤ᠂ ᠢᠳᠡᠵᠦ ᠤᠤᠭᠤᠬᠤ᠂ ᠠᠵᠢᠯᠯᠠᠵᠤ ᠠᠮᠠᠷᠠᠬᠤ ᠵᠢᠴᠢ ᠪᠣᠯᠪᠠᠰᠤᠷᠠᠯ ᠬᠢᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠭᠤᠸ ᠬᠤᠸᠠᠢ ᠵᠢᠩ ᠬᠡᠯᠡᠬᠦ ᠳᠡᠭᠡᠨ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠶᠡᠭᠡ ᠪᠠᠷ ᠪᠠᠳᠠᠷᠠᠭᠤᠯᠵᠤ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠣᠲᠤᠭ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠭᠡᠷ ᠢᠷᠡᠪᠡ᠃ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠦ᠂ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠤᠨ᠂ ᠰᠢᠯᠢᠳᠡᠭ ᠰᠤᠷᠲᠠᠯ ᠢᠶᠠᠨ ᠪᠠᠷᠢᠮᠲᠠᠯᠠᠵᠤ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠪᠠ ᠳᠡᠮᠵᠢᠵᠦ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠤᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃      ᠭᠤᠤ ᠬᠤᠸᠠᠢ ᠵᠢᠩ ᠴᠡᠷᠢᠭ ᠠᠴᠠ ᠬᠠᠯᠠᠭᠳᠠᠭᠴᠢ ᠲᠡᠷᠢᠭᠦᠨ ᠪᠠ ᠠᠯᠳᠠᠨᠭᠠᠳᠠᠰᠤ ᠶᠢᠨ ᠭᠡᠷ ᠲᠤ ᠬᠦᠷᠴᠦ᠂ ᠲᠡᠳᠡᠨ ᠲᠠᠢ ᠳᠣᠲᠣᠨᠣ ᠪᠠᠷ ᠶᠠᠷᠢᠯᠴᠠᠨ᠂ ᠲᠡᠳᠡᠨ ᠤ ᠠᠵᠢᠯ ᠠᠮᠢᠳᠤᠷᠠᠯ ᠢ ᠬᠠᠯᠠᠮᠵᠢᠯᠠᠨ ᠠᠰᠠᠭᠤᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠬᠠᠷᠢᠭᠤᠴᠠᠯᠭ᠎ᠠ ᠲᠠᠢ᠂ ᠬᠠᠶᠢᠷ᠎ᠠ ᠰᠡᠳᠬᠢᠯᠭᠡ ᠲᠠᠢ ᠪᠠᠷ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠡᠳᠡᠨ ᠢ ᠬᠠᠪᠰᠤᠷᠴᠤ ᠪᠣᠳᠠᠲᠠᠢ ᠬᠦᠴᠢᠷᠳᠡᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ᠂ ᠪᠥᠬᠦ ᠨᠡᠶᠢᠭᠡᠮ ᠳᠤ ᠴᠡᠷᠢᠭ ᠠᠴᠠ ᠬᠠᠯᠠᠭᠳᠠᠭᠰᠠᠳ ᠢ ᠬᠦᠨᠳᠦᠳᠬᠡᠬᠦ᠂ ᠬᠠᠯᠠᠮᠵᠢᠯᠠᠬᠤ᠂ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠂ ᠴᠡᠷᠢᠭ ᠠᠴᠠ ᠬᠠᠯᠠᠭᠳᠠᠭᠰᠠᠳ ᠲᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠬᠦ ᠬᠡᠷᠡᠭᠲᠡᠢ ᠭᠡᠵᠦ ᠵᠠᠬᠢᠪᠠ᠃ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠴᠡᠷᠢᠭ ᠠᠩᠭᠢ ᠶᠢᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠲᠤ ᠢᠳᠡᠪᠬᠢᠲᠡᠢ ᠣᠷᠣᠯᠴᠠᠨ᠂ ᠴᠡᠷᠢᠭ ᠠᠴᠠ ᠬᠠᠯᠠᠭᠳᠠᠭᠰᠠᠨ ᠴᠤ ᠤᠤᠷ ᠴᠢᠨᠠᠷ ᠬᠤᠪᠢᠷᠠᠬᠤ ᠦᠭᠡᠢ᠂ ᠤᠭ ᠰᠠᠨᠠᠭ᠎ᠠ ᠪᠠᠨ ᠦᠨᠡᠨᠴᠢ ᠪᠠᠷ ᠰᠠᠬᠢᠬᠤ ᠶᠢ ᠬᠦᠰᠡᠵᠦ ᠪᠠᠶᠢᠨ᠎ᠠ ᠭᠡᠪᠡ᠃      7 ᠳ᠋ᠤᠭᠠᠷ ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠵᠡᠪᠰᠡᠭᠲᠦ ᠴᠠᠭᠳᠠᠭ᠎ᠠ ᠶᠢᠨ ᠣᠷᠳᠣᠰ ᠲᠠᠬᠢ ᠰᠠᠯᠪᠤᠷᠢ ᠠᠩᠭᠢ ᠶᠢᠨ ᠵᠢᠵᠢᠭᠦᠷᠯᠡᠬᠦ ᠬᠤᠶᠠᠳᠤᠭᠠᠷ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠣᠷᠳᠣᠰ ᠲᠠᠬᠢ ᠰᠠᠯᠪᠤᠷᠢ ᠠᠩᠭᠢ ᠶᠢᠨ ᠵᠢᠵᠢᠭᠦᠷᠯᠡᠬᠦ ᠬᠤᠶᠠᠳᠤᠭᠠᠷ ᠶᠡᠭᠡ ᠠᠩᠭᠢ ᠶᠢᠨ ᠣᠲᠤᠭ ᠤᠨ ᠳᠤᠮᠳᠠ ᠠᠩᠭᠢ ᠪᠠ ᠴᠡᠷᠢᠭ ᠠᠴᠠ ᠬᠠᠯᠠᠭᠳᠠᠭᠴᠢ ᠵᠠᠩ ᠷᠦᠨ ᠤ ᠭᠡᠷ ᠲᠤ ᠬᠦᠷᠴᠦ᠂ ᠲᠡᠳᠡᠨ ᠢ ᠪᠣᠯᠭᠤᠭᠠᠨ ᠲᠣᠬᠤᠨᠢᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠸᠠᠨ ᠹᠧᠩ ᠣᠷᠣᠯᠴᠠᠪᠠ᠃      ᠰᠣ᠋ ᡁᠢ ᠰᠢᠶᠦ᠋ᠡᠭ ᠵᠡᠪᠰᠡᠭᠲᠦ ᠴᠠᠭᠳᠠᠭ᠎ᠠ ᠶᠢᠨ ᠣᠷᠳᠣᠰ ᠲᠠᠬᠢ ᠰᠠᠯᠪᠤᠷᠢ ᠠᠩᠭᠢ ᠶᠢᠨ ᠵᠢᠵᠢᠭᠦᠷᠯᠡᠬᠦ ᠬᠤᠶᠠᠳᠤᠭᠠᠷ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠣᠷᠳᠣᠰ ᠲᠠᠬᠢ ᠰᠠᠯᠪᠤᠷᠢ ᠠᠩᠭᠢ ᠶᠢᠨ ᠵᠢᠵᠢᠭᠦᠷᠯᠡᠬᠦ ᠬᠤᠶᠠᠳᠤᠭᠠᠷ ᠶᠡᠭᠡ ᠠᠩᠭᠢ ᠶᠢᠨ ᠤᠳᠤᠭ ᠤᠨ ᠳᠤᠮᠳᠠ ᠠᠩᠭᠢ ᠳᠤ ᠬᠦᠷᠴᠦ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠤᠨ ᠠᠵᠢᠯ᠂ ᠪᠣᠯᠪᠠᠰᠤᠷᠠᠯ ᠪᠣᠯᠣᠨ ᠠᠮᠢᠳᠤᠷᠠᠯ ᠤᠨ ᠣᠷᠴᠢᠨ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠲᠡᠳᠡᠨ ᠤ ᠤᠷᠳᠤ ᠬᠤᠭᠤᠴᠠᠭᠠᠨ ᠤ ᠲᠤᠷᠰᠢ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠦᠵᠡᠭᠦᠯᠦᠭᠰᠡᠨ ᠲᠣᠪᠣᠶᠢᠮ᠎ᠠ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠰᠣ᠋ ᡁᠢ ᠰᠢᠶᠦ᠋ᠡᠭ ᠬᠡᠯᠡᠬᠦ ᠳᠡᠭᠡᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠪᠠᠶᠢᠭᠤᠯᠤᠯᠲᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠲᠤ ᠨᠠᠩ ᠰᠠᠶᠢᠨ ᠠᠵᠢᠯᠯᠠᠬᠤ᠂ ᠰᠤᠷᠤᠯᠴᠠᠬᠤ ᠪᠠ ᠠᠮᠢᠳᠤᠷᠠᠬᠤ ᠣᠷᠴᠢᠨ ᠨᠥᠬᠦᠴᠡᠯ ᠪᠦᠷᠢᠯᠳᠦᠭᠦᠯᠵᠦ ᠥᠭᠬᠦ ᠪᠠᠷ ᠴᠢᠷᠮᠠᠶᠢᠨ᠎ᠠ᠃ ᠵᠡᠪᠰᠡᠭᠲᠦ ᠴᠠᠭᠳᠠᠭ᠎ᠠ ᠶᠢᠨ ᠪᠦᠬᠦ ᠳᠠᠷᠤᠭ᠎ᠠ ᠪᠠᠶᠢᠯᠳᠤᠭᠴᠢᠳ ︽ᠬᠦᠴᠢᠷ ᠢ ᠲᠤᠭᠤᠯᠬᠤ᠂ ᠪᠠᠶᠢᠯᠲᠤᠵᠤ ᠳᠡᠶᠢᠯᠬᠦ᠂ ᠬᠤᠪᠢ ᠨᠡᠮᠡᠷᠢ ᠦᠵᠡᠭᠦᠯᠬᠦ︾ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠭᠠᠵᠠᠷ ᠣᠷᠣᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ᠂ ᠣᠷᠣᠨ ᠨᠤᠲᠤᠭ ᠤᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃      ᠰᠣ᠋ ᡁᠢ ᠰᠢᠶᠦ᠋ᠡᠭ ᠴᠡᠷᠢᠭ ᠠᠴᠠ ᠬᠠᠯᠠᠭᠳᠠᠭᠴᠢ ᠵᠠᠩ ᠷᠦᠨ ᠤ ᠭᠡᠷ ᠲᠤ ᠬᠦᠷᠴᠦ᠂ ᠴᠡᠷᠢᠭ ᠲᠤ ᠣᠷᠣᠭᠰᠠᠨ ᠥᠩᠭᠡᠷᠡᠯᠲᠡ᠂ ᠭᠡᠷ ᠪᠦᠯᠢ ᠪᠣᠯᠣᠨ ᠠᠮᠢᠳᠤᠷᠠᠯ ᠤᠨ ᠪᠠᠶᠢᠳᠠᠯ ᠢ ᠨᠢ ᠨᠠᠷᠢᠨ ᠠᠰᠠᠭᠤᠨ᠂ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠢᠶᠠᠨ ᠳᠡᠪᠰᠢᠭᠦᠯᠬᠦ ᠶᠢᠨ ᠬᠠᠮᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠵᠦ ᠬᠠᠮᠢᠶᠠᠷᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠩ ᠶᠡᠭᠡ ᠳᠡᠮᠵᠢᠯᠭᠡ ᠦᠵᠡᠭᠦᠯᠦᠨ᠂ ᠴᠡᠷᠢᠭ ᠠᠴᠠ ᠬᠠᠯᠠᠭᠳᠠᠭᠰᠠᠳ ᠤᠨ ᠬᠦᠴᠢᠷ ᠵᠣᠪᠠᠭᠤᠷᠢ ᠶᠢ ᠰᠠᠨᠠᠭᠠᠰᠢᠷᠠᠵᠤ᠂ ᠪᠣᠳᠠᠲᠠᠢ ᠬᠦᠴᠢᠷᠳᠡᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ᠂ ᠲᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃      7 ᠳ᠋ᠤᠭᠠᠷ ᠰᠠᠷ᠎ᠠ ᠶᠢᠨ 31 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ ᠴᠡᠷᠢᠭ ᠠᠴᠠ ᠬᠠᠯᠠᠭᠳᠠᠭᠰᠠᠳ ᠪᠠ ᠠᠯᠪᠠ ᠬᠠᠭᠠᠵᠤ ᠪᠠᠶᠢᠭ᠎ᠠ ᠭᠡᠷ ᠪᠦᠯᠢ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠦᠩᠨᠡᠯ ᠪᠠ ᠮᠡᠨᠳᠦᠴᠢᠯᠡᠯ ᠢᠶᠠᠨ ᠳᠡᠪᠰᠢᠭᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᡁᠢ ᠵᠢᠶᠦ᠋ᠨ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠭᠤᠸ ᡁᠢ ᠣᠷᠣᠯᠴᠠᠪᠠ᠃      ᠰᠠᠷᠠᠨᠲᠤᠶᠠᠭ᠎ᠠ ᠴᠡᠷᠢᠭ ᠠᠴᠠ ᠬᠠᠯᠠᠭᠳᠠᠭᠴᠢ ᠢᠦᠢ ᠹᠧᠩ ᠮᠢᠩ ᠪᠠ ᠴᠡᠷᠢᠭ ᠤᠨ ᠠᠯᠪᠠ ᠬᠠᠭᠠᠵᠤ ᠪᠠᠶᠢᠭ᠎ᠠ ᠭᠡᠷ ᠪᠦᠯᠢ ᠶᠢᠨ ᠬᠢᠨ ᠳᠤ ᠬᠦᠷᠴᠦ᠂ ᠲᠡᠳᠡᠨ ᠲᠠᠢ ᠵᠣᠭᠤᠭᠳᠠᠨ᠂ ᠰᠡᠳᠬᠢᠯ ᠤᠨ ᠦᠭᠡ ᠪᠠᠨ ᠳᠡᠯᠭᠡᠵᠦ᠂ ᠠᠮᠢᠳᠤᠷᠠᠯ ᠪᠣᠯᠣᠨ ᠪᠡᠶ᠎ᠡ ᠮᠠᠬᠠᠪᠤᠳ ᠤᠨ ᠪᠠᠶᠢᠳᠠᠯ ᠢ ᠨᠢ ᠨᠠᠷᠢᠨ ᠠᠰᠠᠭᠤᠨ᠂ ᠲᠡᠳᠡᠨ ᠤ ᠠᠮᠢᠳᠤᠷᠠᠯ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠭᠤᠣᠯᠳᠠᠯᠭ᠎ᠠ ᠲᠠᠢ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠯᠪᠠ ᠬᠠᠭᠠᠵᠤ ᠪᠠᠶᠢᠭ᠎ᠠ ᠴᠡᠷᠢᠭ ᠤᠨ ᠭᠡᠷ ᠪᠦᠯᠢ ᠵᠢᠴᠢ ᠴᠡᠷᠢᠭ ᠠᠴᠠ ᠬᠠᠯᠠᠭᠳᠠᠭᠰᠠᠳ ᠤᠨ ᠠᠮᠢᠳᠤᠷᠠᠯ ᠤᠨ ᠪᠠᠶᠢᠳᠠᠯ ᠢ ᠬᠥᠳᠡᠯᠦᠩᠭᠦᠢ ᠪᠠᠷ ᠡᠵᠡᠮᠰᠢᠨ᠂ ᠲᠡᠳᠡᠨ ᠤ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠤᠨ ᠭᠡᠷ ᠪᠦᠯᠢ ᠶᠢᠨ ᠢᠷᠠᠭᠤ ᠠᠯᠳᠠᠷᠲᠤ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠠᠬᠢᠪᠠ᠃      7 ᠳ᠋ᠤᠭᠠᠷ ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠶᠧ ᠢᠦᠢ ᠬᠤᠰᠢᠭᠤᠨ ᠳᠤ ᠰᠠᠭᠤᠭ᠎ᠠ ᠴᠡᠷᠢᠭ ᠠᠩᠭᠢ ᠪᠣᠯᠣᠨ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠽᠢ ᠳ᠋ᠦᠩ ᠣᠷᠣᠯᠴᠠᠪᠠ᠃      ᠰᠢᠶᠧ ᠢᠤᠢ ᠬᠤᠰᠢᠭᠤᠨ ᠳᠤ ᠰᠠᠭᠤᠭ᠎ᠠ ᠴᠡᠷᠢᠭ ᠠᠩᠭᠢ ᠳᠤ ᠬᠦᠷᠴᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠠᠢ ᠳᠣᠲᠣᠨᠣ ᠶᠠᠷᠢᠯᠴᠠᠨ᠂ ᠴᠡᠷᠢᠭ ᠠᠩᠭᠢ ᠶᠢᠨ ᠰᠠᠭᠤᠭ᠎ᠠ ᠭᠠᠵᠠᠷ ᠤᠨ ᠪᠦᠲᠦᠭᠡᠨ ᠪᠠᠶᠢᠭᠤᠯᠤᠯᠲᠠ ᠪᠠ ᠳᠠᠷᠤᠭ᠎ᠠ ᠪᠠᠶᠢᠯᠳᠤᠭᠴᠢᠳ ᠤᠨ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠡᠳᠡᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠰᠢᠶᠧ ᠢᠤᠢ ᠴᠡᠷᠢᠭ ᠠᠴᠠ ᠬᠠᠯᠠᠭᠳᠠᠭᠴᠢ ᠵᠠᠩ ᠱᠤ᠋ ᠽᠧᠩ᠂ ᠠᠯᠪᠠ ᠬᠠᠭᠠᠵᠤ ᠪᠠᠶᠢᠭ᠎ᠠ ᠴᠡᠷᠢᠭ ᠤᠨ ᠭᠡᠷ ᠪᠦᠯᠢ ᠶᠢᠨ ᠬᠢᠨ ᠳᠤ ᠬᠦᠷᠴᠦ᠂ ᠲᠡᠳᠡᠨ ᠤ ᠪᠡᠶ᠎ᠡ ᠮᠠᠬᠠᠪᠤᠳ ᠪᠠ ᠠᠵᠢᠯ ᠠᠮᠢᠳᠤᠷᠠᠯ ᠤᠨ ᠪᠠᠶᠢᠳᠠᠯ ᠢ ᠣᠶᠢᠯᠠᠭᠠᠨ᠂ ᠤᠯᠤᠰ ᠪᠣᠯᠣᠨ ᠠᠷᠠᠳ ᠲᠦᠮᠡᠨ ᠳᠤ ᠦᠵᠡᠭᠦᠯᠦᠭᠰᠡᠨ ᠬᠤᠪᠢ ᠨᠡᠮᠡᠷᠢ ᠳᠤ ᠨᠢ ᠲᠠᠯᠠᠷᠬᠠᠵᠤ᠂ ᠲᠡᠳᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢᠶᠠᠨ ᠠᠩᠬᠠᠷᠬᠤ ᠶᠢ ᠬᠦᠰᠡᠬᠦ ᠶᠢᠨ ᠬᠠᠮᠲᠤ ᠴᠡᠷᠢᠭ ᠬᠥᠮᠥᠨ ᠤ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠨᠤᠲᠤᠭ ᠤᠰᠤᠨ ᠤ ᠪᠠᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠪᠠ᠃      7 ᠳ᠋ᠤᠭᠠᠷ ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠭᠠᠯ ᠤᠨᠲᠠᠷᠭᠠᠵᠤ ᠠᠪᠤᠷᠠᠨ ᠲᠤᠰᠠᠯᠠᠬᠤ ᠠᠵᠢᠯᠲᠠᠳ ᠪᠠ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠢ ᠪᠣᠯᠭᠤᠭᠠᠨ ᠲᠣᠬᠤᠨᠢᠭᠤᠯᠪᠠ᠃ ᠬᠤᠰᠢᠭᠤᠨ ᠤ ᠤᠳᠤᠷᠢᠳᠤᠯᠭ᠎ᠠ ᠨᠠᠰᠤᠨᠳᠡᠯᠭᠡᠷ᠂ ᠯᠢᠦ ᠰᠢᠨ᠂ ᠱᠢ ᠢ ᠯᠧᠢ᠂ ᠴᠢ᠊ ᠮᠦᠷᠡᠨ ᠣᠷᠣᠯᠴᠠᠪᠠ᠃      ᠲᠣᠬᠤᠨᠢᠭᠤᠯᠬᠤ ᠶᠠᠪᠤᠴᠠ ᠳᠤ᠂ ᠰᠢᠦᠢ ᠷᠦᠢ ᠹᠸᠡᠭ ᠨᠠᠷ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠲᠠᠳ ᠪᠣᠯᠣᠨ ᠴᠡᠷᠢᠭ ᠠᠴᠠ ᠬᠠᠯᠠᠭᠳᠠᠭᠰᠠᠳ ᠤᠨ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ᠂ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠬᠤ ᠶᠢᠨ ᠬᠠᠮᠲᠤ ᠲᠡᠳᠡᠨ ᠤ ᠦᠷᠭᠦᠯᠵᠢᠯᠡᠨ ᠡᠭᠦᠷᠭᠡ ᠲᠤᠰᠢᠶᠠᠯ ᠢᠶᠠᠨ ᠰᠢᠳᠤᠷᠭᠤ ᠭᠦᠢᠴᠡᠳᠬᠡᠵᠦ᠂ ᠲᠤᠬᠠᠢ ᠶᠢᠨ ᠭᠠᠵᠠᠷ ᠤᠨ ᠬᠥᠭᠵᠢᠯᠲᠡ ᠶᠢ ᠬᠠᠮᠠᠭᠠᠯᠠᠬᠤ ᠶᠢ ᠬᠦᠰᠡᠵᠦ ᠪᠠᠶᠢᠬᠤ ᠪᠠᠨ ᠢᠯᠡᠳᠬᠡᠭᠰᠡᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠡᠷᠢᠭ ᠠᠴᠠ ᠬᠠᠯᠠᠭᠳᠠᠭᠰᠠᠳ ᠵᠢᠴᠢ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠡᠳᠡᠨ ᠢ ᠬᠠᠪᠰᠤᠷᠤᠨ ᠠᠮᠢᠳᠤᠷᠠᠯ ᠳᠤᠮᠳᠠᠬᠢ ᠬᠦᠴᠢᠷᠳᠡᠯ ᠪᠣᠯᠣᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠠᠬᠢᠪᠠ᠃      7 ᠳ᠋ᠤᠭᠠᠷ ᠰᠠᠷ᠎ᠠ ᠶᠢᠨ 31 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠯᠢ ᠶᠤᠸᠠᠢ ᠱᠧᠩ ᠰᠦᠮᠡᠲᠦ ᠰᠤᠮᠤᠨ ᠳᠤ ᠬᠦᠷᠴᠦ᠂ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠪᠠ᠃      ᠯᠢ ᠶᠤᠸᠠᠢ ᠱᠸᠡᠭ ᠴᠡᠷᠢᠭ ᠠᠴᠠ ᠬᠠᠯᠠᠭᠳᠠᠭᠴᠢ ᠭᠠᠷᠤᠳᠢ᠂ ᠨᠣᠷᠪᠤ ᠶᠢᠨ ᠬᠢᠨ ᠳᠤ ᠬᠦᠷᠴᠦ᠂ ᠪᠡᠶ᠎ᠡ ᠮᠠᠬᠠᠪᠤᠳ ᠪᠠ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠵᠤ ᠠᠰᠠᠭᠤᠨ᠂ ᠲᠡᠳᠡᠨ ᠤ ᠤᠯᠤᠰ ᠣᠷᠣᠨ ᠪᠠ ᠠᠷᠠᠳ ᠲᠦᠮᠡᠨ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠡᠳᠡᠨ ᠳᠤ ᠨᠡᠩ ᠤᠯᠠᠨ ᠬᠠᠯᠠᠮᠵᠢᠯᠠᠯ ᠪᠠ ᠬᠠᠪᠰᠤᠷᠤᠯᠭ᠎ᠠ ᠦᠵᠡᠭᠦᠯᠦᠨ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠷᠭᠠᠯᠲᠤ ᠠᠮᠢᠳᠤᠷᠠᠯ ᠳᠤ ᠨᠢ ᠰᠢᠯᠢᠳᠡᠭ ᠨᠥᠬᠦᠴᠡᠯ ᠪᠦᠷᠢᠯᠳᠦᠭᠦᠯᠦᠨ ᠥᠭᠴᠦ᠂ ᠴᠡᠷᠢᠭ ᠠᠴᠠ ᠬᠠᠯᠠᠭᠳᠠᠭᠰᠠᠳ ᠤᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠠᠬᠢᠪᠠ᠃ 
ᠢᠷᠡᠯᠲᠡ᠄ ᠣᠲᠤᠭ ᠨᠡᠶᠢᠲᠡᠯᠡᠯ