1— 6 ᠳ᠋ᠤᠭᠠᠷ ᠰᠠᠷ᠎ᠠ ᠶᠢᠨ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠡᠷᠡᠭᠯᠡᠭᠡᠨ ᠤ ᠪᠠᠶᠢᠳᠠᠯ | | | 2024 ᠣᠨ ᠤ 1— 6 ᠳ᠋ᠤᠭᠠᠷ ᠰᠠᠷ᠎ᠠ ᠳᠤ᠂ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶᠢᠯᠡᠭᠰᠡᠨ | ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢᠨ ᠲᠡᠩᠴᠡᠭᠦᠦ ᠥᠷᠲᠡᠭ ᠤᠨ ᠡᠨᠧᠷᠭᠢ ᠶᠢᠨ ᠬᠤᠷᠣᠭᠳᠠᠯ 1013.5 ᠲᠦᠮᠡᠨ ᠲᠣᠨ ᠪᠠᠷᠢᠮᠵᠢᠶᠠᠲᠤ ᠨᠡᠭᠦᠷᠡᠰᠦ ᠬᠦᠷᠴᠦ᠂ | ᠠᠳᠠᠯᠢ ᠬᠤᠭᠤᠴᠠᠭᠠᠨ ᠤ ᠬᠢ ᠠᠴᠠ 0.3% ᠪᠠᠷ ᠪᠠᠭᠤᠷᠠᠨ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ 6.8 ᠬᠤᠪᠢ ᠪᠠᠭᠤᠷᠠᠵᠤ᠂ ᠲᠡᠩᠴᠡᠯ ᠬᠡᠮᠵᠢᠭᠳᠡᠯ | ᠨᠢ 983.1 ᠲᠦᠮᠡᠨ ᠲᠣᠨ ᠪᠠᠷᠢᠮᠵᠢᠶᠠᠲᠤ ᠨᠡᠭᠦᠷᠡᠰᠦ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠨ᠂ ᠠᠳᠠᠯᠢ ᠬᠤᠭᠤᠴᠠᠭᠠᠨ ᠤ | ᠬᠢ ᠠᠴᠠ ᠵᠠᠭᠤᠨ ᠤ 4.6 ᠬᠤᠪᠢ ᠪᠠᠭᠤᠷᠠᠪᠠ᠃ | ᠨᠢᠭᠡ᠂ ᠭᠤᠷᠪᠠᠨ ᠶᠡᠭᠡ ᠲᠥᠷᠥᠯ ᠠᠳᠠᠯᠢ ᠬᠤᠭᠤᠴᠠᠭᠠᠨ ᠤ ᠬᠢ ᠠᠴᠠ ᠬᠤᠶᠠᠷ ᠨᠢ ᠳᠡᠭᠡᠭᠰᠢᠯᠡᠵᠦ ᠨᠢᠭᠡ ᠨᠢ ᠪᠠᠭᠤᠷᠠᠪᠠ | 2024 ᠣᠨ ᠤ 1— 6 ᠳ᠋ᠤᠭᠠᠷ ᠰᠠᠷ᠎ᠠ ᠳᠤ᠂ ᠭᠤᠷᠪᠠᠨ ᠶᠡᠭᠡ ᠲᠥᠷᠥᠯ ᠳᠠᠬᠢ ᠠᠭᠤᠷᠬᠠᠢ ᠮᠠᠯᠲᠠᠬᠤ ᠦᠢᠯᠡᠰ ᠪᠠ ᠴᠠᠬᠢᠯᠭᠠᠨ ᠬᠦᠴᠦ᠂ ᠢᠯᠴᠢ ᠶᠢᠨ | ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠡᠨᠧᠷᠭᠢ ᠶᠢᠨ ᠬᠤᠷᠣᠭᠳᠠᠯ ᠠᠳᠠᠯᠢ ᠬᠤᠭᠤᠴᠠᠭᠠᠨ ᠤ ᠬᠢ ᠠᠴᠠ | ᠲᠣᠭᠲᠠᠭᠤᠨ ᠢᠶᠠᠷ ᠨᠡᠮᠡᠭᠳᠡᠵᠦ᠂ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ ᠪᠠᠭ᠎ᠠ ᠬᠡᠮᠵᠢᠶ᠎ᠡ ᠪᠠᠷ ᠪᠠᠭᠤᠷᠠᠪᠠ᠃ | ᠠᠭᠤᠷᠬᠠᠢ ᠮᠠᠯᠲᠠᠬᠤ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠤᠨ ᠲᠡᠩᠴᠡᠭᠦᠦ ᠥᠷᠲᠡᠭ ᠨᠢ 16.3 ᠲᠦᠮᠡᠨ ᠲᠣᠨ ᠪᠠᠷᠢᠮᠵᠢᠶᠠᠲᠤ | ᠨᠡᠭᠦᠷᠡᠰᠦ ᠬᠦᠷᠴᠦ᠂ ᠠᠳᠠᠯᠢ ᠬᠤᠭᠤᠴᠠᠭᠠᠨ ᠤ ᠬᠢ ᠠᠴᠠ 12.9% ᠪᠠᠷ ᠨᠡᠮᠡᠭᠳᠡᠨ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ 1.6% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 5.0 ᠨᠢᠭᠡᠴᠢ | ᠪᠠᠭᠤᠷᠠᠨ᠂ ᠶᠡᠷᠦᠩᠬᠡᠢ ᠡᠨᠧᠷᠭᠢ ᠶᠢᠨ ᠬᠤᠷᠣᠭᠳᠠᠯ ᠤᠨ ᠨᠡᠮᠡᠭᠳᠡᠯ ᠢ 0.2% ᠢᠶᠠᠷ ᠳᠠᠶᠢᠴᠢᠯᠠᠪᠠ᠃ | ᠦᠢᠯᠡᠳᠬᠦ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠤᠨ ᠲᠡᠩᠴᠡᠭᠦᠦ ᠥᠷᠲᠡᠭ ᠨᠢ 939.2 ᠲᠦᠮᠡᠨ ᠲᠣᠨ ᠪᠠᠷᠢᠮᠵᠢᠶᠠᠲᠤ ᠨᠡᠭᠦᠷᠡᠰᠦ | ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠪᠠᠷ ᠪᠠᠭᠤᠷᠠᠨ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠡᠨᠧᠷᠭᠢ ᠶᠢᠨ ᠬᠤᠷᠣᠭᠳᠠᠯ ᠤᠨ 92.7% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 5.6 ᠬᠤᠪᠢ ᠳᠡᠭᠡᠭᠰᠢᠯᠡᠨ᠂ | ᠡᠨᠧᠷᠭᠢ ᠶᠢᠨ ᠬᠤᠷᠣᠭᠳᠠᠯ ᠤᠨ ᠪᠠᠭᠤᠷᠠᠯᠲᠠ ᠶᠢ 0.6% ᠪᠠᠷ ᠳᠠᠶᠢᠴᠢᠯᠠᠪᠠ᠃ | ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠶᠡᠷᠦᠩᠬᠡᠶᠢᠯᠡᠭᠰᠡᠨ | ᠡᠨᠧᠷᠭᠢ ᠶᠢᠨ ᠬᠤᠷᠣᠭᠳᠠᠯ ᠤᠨ ᠲᠡᠩᠴᠡᠭᠦᠦ ᠥᠷᠲᠡᠭ 57.9 ᠲᠦᠮᠡᠨ ᠲᠣᠨ ᠪᠠᠷᠢᠮᠵᠢᠶᠠᠲᠤ ᠨᠡᠭᠦᠷᠡᠰᠦ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ 3.5% ᠪᠠᠷ ᠨᠡᠮᠡᠭᠳᠡᠨ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠡᠨᠧᠷᠭᠢ ᠶᠢᠨ ᠬᠤᠷᠣᠭᠳᠠᠯ ᠤᠨ 5.7% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 0.5 ᠨᠢᠭᠡᠴᠢ ᠳᠡᠭᠡᠭᠰᠢᠯᠡᠨ᠂ ᠶᠡᠷᠦᠩᠬᠡᠢ | ᠡᠨᠧᠷᠭᠢ ᠶᠢᠨ ᠬᠤᠷᠣᠭᠳᠠᠯ ᠤᠨ ᠨᠡᠮᠡᠭᠳᠡᠯ ᠢ 0.2% ᠢᠶᠠᠷ ᠳᠠᠶᠢᠴᠢᠯᠠᠪᠠ᠃ | | | ︵ᠵᠢᠷᠤᠭ 1 ᠭᠤᠷᠪᠠᠨ ᠶᠡᠭᠡ ᠲᠥᠷᠥᠯ ᠤᠨ ᠲᠡᠩᠴᠡᠭᠦᠦ ᠥᠷᠲᠡᠭ ᠤᠨ ᠡᠨᠧᠷᠭᠢ ᠶᠢᠨ ᠬᠤᠷᠣᠭᠳᠠᠯ︶ | | ᠬᠤᠶᠠᠷ᠂ ᠠᠷᠪᠠᠨ ᠭᠤᠷᠪᠠᠨ ᠶᠡᠭᠡ ᠠᠵᠢᠯ ᠲᠦᠷᠦᠯ ᠤᠨ ᠨᠡᠮᠡᠭᠳᠡᠯ ᠪᠠᠭᠤᠷᠠᠯᠲᠠ ᠨᠢ ᠲᠤᠰ ᠲᠤᠰ ᠲᠠᠭᠠᠨ ᠠᠳᠠᠯᠢ ᠦᠭᠡᠢ | 2024 ᠣᠨ ᠤ 1— 6 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 13 ᠶᠡᠭᠡ ᠠᠵᠢᠯ | ᠲᠥᠷᠥᠯ ᠠᠴᠠ 3 ᠠᠵᠢᠯ ᠲᠥᠷᠥᠯ ᠤᠨ ᠡᠨᠧᠷᠭᠢ ᠶᠢᠨ ᠬᠤᠷᠣᠭᠳᠠᠯ ᠨᠢ ᠰᠥᠭᠡᠷᠭᠦ ᠨᠡᠮᠡᠭᠳᠡᠯ ᠲᠠᠢ ᠪᠣᠯᠪᠠ᠄ ᠳᠠᠷᠤᠢ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ | ᠲᠦᠯᠡᠰᠢ ᠪᠣᠯᠪᠠᠰᠤᠷᠠᠭᠤᠯᠬᠤ ᠠᠵᠤ ᠦᠢᠯᠡᠳᠪᠦᠷᠢ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ | ᠬᠠᠪᠲᠠᠭᠠᠶᠢᠷᠠᠭᠤᠯᠤᠨ ᠪᠣᠯᠪᠠᠰᠤᠷᠠᠭᠤᠯᠬᠤ ᠠᠵᠤ ᠦᠢᠯᠡᠰ ᠪᠣᠯᠣᠨ᠎ᠠ᠃ ᠶᠠᠭ ᠨᠡᠮᠡᠭᠳᠡᠵᠦ ᠪᠠᠶᠢᠭ᠎ᠠ 10 ᠠᠵᠢᠯ ᠲᠦᠷᠦᠯ ᠳᠤᠲᠤᠷ᠎ᠠ ᠬᠢᠮᠢ ᠶᠢᠨ ᠲᠦᠭᠦᠬᠡᠢ ᠮᠠᠲ᠋ᠧᠷᠢᠶᠠᠯ | ᠪᠣᠯᠣᠨ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠣᠯᠣᠨ ᠬᠠᠩᠭᠠᠯᠭ᠎ᠠ ᠶᠢᠨ ᠦᠢᠯᠡᠰ ᠤᠨ | ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠬᠡᠮᠵᠢᠶ᠎ᠡ ᠨᠢ ᠲᠤᠰ ᠲᠤᠰ 19.9᠂ 10.5 ᠲᠦᠮᠡᠨ | ᠲᠣᠨ ᠪᠠᠷᠢᠮᠵᠢᠶᠠᠲᠤ ᠨᠡᠭᠦᠷᠡᠰᠦ ᠬᠦᠷᠴᠦ᠂ ᠢᠳᠡᠭᠡᠨ ᠪᠣᠯᠪᠠᠰᠤᠷᠠᠭᠤᠯᠬᠤ ᠦᠢᠯᠡᠰ᠂ ᠭᠤᠮ ᠪᠠ ᠰᠦᠯᠢᠶᠥᠦ ᠪᠦᠲᠦᠭᠡᠭᠳᠡᠬᠦᠨ ᠤ ᠦᠢᠯᠡᠰ᠂ ᠲᠡᠮᠦᠷᠯᠢᠭ | ᠪᠦᠲᠦᠭᠡᠭᠳᠡᠬᠦᠨ ᠤ ᠦᠢᠯᠡᠰ᠂ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠵᠡᠷᠭᠡ ᠪᠤᠰᠤᠳ 5 ᠠᠵᠢᠯ ᠲᠥᠷᠥᠯ ᠨᠢ ᠠᠳᠠᠯᠢ ᠬᠤᠭᠤᠴᠠᠭᠠᠨ ᠤ ᠬᠢ ᠠᠴᠠ ᠴᠥᠮ ᠪᠠᠭ᠎ᠠ ᠬᠡᠮᠵᠢᠶ᠎ᠡ ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 0. | 01— 0.1 ᠶᠢᠨ ᠬᠤᠭᠤᠷᠣᠨᠳᠤ ᠪᠠᠶᠢᠪᠠ᠃ | | ᠬᠦᠰᠦᠨᠦᠭᠲᠦ 2 ︵ᠠᠷᠪᠠᠨ ᠭᠤᠷᠪᠠᠨ ᠶᠡᠭᠡ ᠠᠵᠢᠯ ᠲᠥᠷᠥᠯ ᠤᠨ ᠲᠡᠩᠴᠡᠭᠦᠦ ᠥᠷᠲᠡᠭ ᠤᠨ ᠡᠨᠧᠷᠭᠢ ᠶᠢᠨ ᠬᠤᠷᠣᠭᠳᠠᠯ ᠢ ᠠᠳᠠᠯᠢ ᠬᠤᠭᠤᠴᠠᠭᠠᠨ ᠤ | ᠬᠢ ᠲᠠᠢ ᠠᠳᠠᠯᠢᠳᠬᠠᠭᠰᠠᠨ ᠪᠠᠶᠢᠳᠠᠯ︶ | ᠬᠦᠰᠦᠨᠦᠭᠲᠦ 2 ᠠᠴᠠ ᠦᠵᠡᠪᠡᠯ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠡᠩᠴᠡᠭᠦᠦ ᠥᠷᠲᠡᠭ ᠤᠨ | ᠡᠨᠧᠷᠭᠢ ᠶᠢᠨ ᠬᠤᠷᠣᠭᠳᠠᠯ ᠨᠢ ᠭᠤᠣᠯᠳᠠᠭᠤ ᠬᠢᠮᠢ ᠶᠢᠨ ᠲᠦᠭᠦᠬᠡᠢ ᠮᠠᠲ᠋ᠧᠷᠢᠶᠠᠯ ᠪᠣᠯᠣᠨ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠵᠢᠴᠢ ᠴᠠᠬᠢᠯᠭᠠᠨ ᠬᠦᠴᠦ᠂ | ᠢᠯᠴᠢ ᠶᠢᠨ ᠬᠦᠴᠦᠨ ᠤ ᠦᠢᠯᠡᠳᠪᠦᠷᠢᠯᠡᠯ ᠪᠣᠯᠣᠨ ᠬᠠᠩᠭᠠᠯᠭ᠎ᠠ ᠶᠢᠨ ᠦᠢᠯᠡᠰ ᠵᠡᠷᠭᠡ ᠬᠤᠶᠠᠷ ᠶᠡᠭᠡ ᠠᠵᠢᠯ ᠲᠦᠷᠦᠯ ᠳᠤ ᠲᠥᠪᠯᠡᠷᠡᠵᠦ᠂ ᠬᠤᠶᠠᠷ ᠶᠡᠭᠡ ᠠᠵᠢᠯ | ᠲᠦᠷᠦᠯ ᠤᠨ 1— 6 ᠳ᠋ᠤᠭᠠᠷ ᠰᠠᠷ᠎ᠠ ᠶᠢᠨ ᠲᠡᠩᠴᠡᠭᠦᠦ ᠥᠷᠲᠡᠭ ᠤᠨ ᠡᠨᠧᠷᠭᠢ ᠶᠢᠨ ᠬᠤᠷᠣᠭᠳᠠᠯ ᠨᠢ 774.2 ᠲᠦᠮᠡᠨ ᠲᠣᠨ ᠪᠠᠷᠢᠮᠵᠢᠶᠠᠲᠤ ᠨᠡᠭᠦᠷᠡᠰᠦ | ᠬᠦᠷᠦᠨ᠂ ᠠᠳᠠᠯᠢ ᠬᠤᠭᠤᠴᠠᠭᠠᠨ ᠤ ᠬᠢ ᠠᠴᠠ 30.4 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ᠂ ᠪᠦᠭᠦ ᠡᠨᠧᠷᠭᠢ ᠶᠢᠨ ᠬᠤᠷᠣᠭᠳᠠᠯ ᠤᠨ 78.8% | ᠬᠤᠪᠢ ᠶᠢᠨ ᠵᠢᠩ ᠢ ᠡᠵᠡᠯᠡᠨ᠂ ᠪᠦᠭᠦ ᠡᠨᠧᠷᠭᠢ ᠶᠢᠨ ᠬᠤᠷᠣᠭᠳᠠᠯ ᠤᠨ ᠨᠡᠮᠡᠭᠳᠡᠯ ᠢ 2.7% ᠳᠠᠶᠢᠴᠢᠯᠠᠪᠠ᠃ | ᠭᠤᠷᠪᠠ᠂ ᠳᠥᠷᠪᠡᠨ ᠶᠡᠭᠡ ᠲᠥᠷᠥᠯ ᠤᠨ ᠡᠨᠧᠷᠭᠢ ᠶᠢᠨ ᠬᠤᠪᠢᠷᠠᠭᠤᠯᠤᠯᠲᠠ ᠶᠢᠨ ᠠᠰᠢᠭᠯᠠᠮᠵᠢ ᠴᠥᠮ ᠨᠡᠮᠡᠭᠳᠡᠪᠡ | 1—6 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠶᠢᠨ ᠬᠤᠪᠢᠷᠠᠭᠤᠯᠤᠯᠲᠠ ᠶᠢᠨ | ᠠᠰᠢᠭᠯᠠᠮᠵᠢ 80.1% ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 0.1 ᠬᠤᠪᠢ ᠨᠡᠮᠡᠭᠳᠡᠪᠡ᠃ ᠡᠭᠦᠨ ᠳᠤ᠂ ᠲᠦᠭᠦᠬᠡᠢ | ᠨᠡᠭᠦᠷᠡᠰᠦ ᠶᠢ ᠤᠬᠢᠶᠠᠵᠤ ᠪᠣᠯᠪᠠᠰᠤᠷᠠᠭᠤᠯᠤᠨ ᠬᠤᠪᠢᠷᠠᠭᠤᠯᠬᠤ ᠠᠰᠢᠭᠯᠠᠮᠵᠢ 93.3% ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 0. | 6 ᠨᠢᠭᠡᠴᠢ ᠳᠡᠭᠡᠭᠰᠢᠯᠡᠪᠡ︔ ᠬᠡᠦᠷᠡᠰᠦ ᠪᠣᠯᠪᠠᠰᠤᠷᠠᠭᠤᠯᠬᠤ ᠪᠠ ᠰᠢᠲᠠᠮᠠᠬᠠᠢ ᠬᠡᠢ ᠶᠢᠨ ᠬᠤᠪᠢᠷᠠᠭᠤᠯᠤᠯᠲᠠ ᠶᠢᠨ ᠠᠰᠢᠭᠯᠠᠮᠵᠢ 92.0% ᠬᠦᠷᠴᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ ᠵᠠᠭᠤᠨ ᠤ 0.8 ᠨᠢᠭᠡᠴᠢ ᠳᠡᠭᠡᠭᠰᠢᠯᠡᠪᠡ︔ ᠳᠤᠯᠠᠭᠠᠯᠠᠭ᠎ᠠ ᠬᠠᠩᠭᠠᠯᠭ᠎ᠠ ᠶᠢᠨ ᠬᠤᠪᠢᠷᠠᠭᠤᠯᠤᠯᠲᠠ ᠶᠢᠨ ᠠᠰᠢᠭᠯᠠᠮᠵᠢ 83.3% | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 3.1 ᠨᠢᠭᠡᠴᠢ ᠳᠡᠭᠡᠭᠰᠢᠯᠡᠪᠡ︔ ᠭᠠᠯ ᠴᠠᠬᠢᠯᠭᠠᠨ ᠭᠠᠷᠭᠠᠯᠲᠠ ᠶᠢᠨ ᠬᠤᠪᠢᠷᠠᠭᠤᠯᠤᠯᠲᠠ ᠶᠢᠨ | ᠠᠰᠢᠭᠯᠠᠮᠵᠢ 38.3% ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 0.3 ᠨᠢᠭᠡᠴᠢ ᠳᠡᠭᠡᠭᠰᠢᠯᠡᠪᠡ᠃ | ᠶᠡᠷᠦᠩᠬᠡᠢ ᠳᠤᠨᠢ ᠠᠪᠴᠤ ᠦᠵᠡᠪᠡᠯ᠂ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠷᠭᠢᠯᠲᠡ | ᠡᠮᠬᠢ ᠵᠢᠷᠤᠮ ᠲᠠᠢ ᠪᠠᠶᠢᠵᠤ᠂ ᠭᠤᠣᠯᠳᠠᠯᠭ᠎ᠠ ᠲᠠᠢ ᠡᠨᠧᠷᠭᠢ ᠶᠢᠨ ᠬᠤᠷᠣᠭᠳᠠᠯ ᠤᠨ ᠠᠵᠤ ᠠᠬᠤᠶᠢᠯᠠᠯ ᠤᠨ ᠡᠨᠧᠷᠭᠢ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ | ᠲᠣᠭᠲᠠᠭᠤᠨ ᠢᠶᠠᠨ ᠪᠠᠲᠤᠯᠠᠨ᠂ ᠡᠯ᠎ᠡ ᠠᠵᠢᠯ ᠲᠥᠷᠥᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ | ᠬᠠᠰᠤᠭᠳᠠᠭᠰᠠᠨ ᠬᠡᠮᠵᠢᠶ᠎ᠡ ᠨᠡᠯᠢᠶᠡᠳ ᠲᠣᠭᠲᠠᠭᠤᠨ᠂ ᠶᠡᠭᠡ ᠬᠡᠮᠵᠢᠶ᠎ᠡ ᠪᠠᠷ ᠨᠡᠮᠡᠭᠳᠡᠵᠦ ᠬᠠᠰᠤᠭᠳᠠᠭᠰᠠᠨ ᠪᠠᠶᠢᠳᠠᠯ ᠦᠭᠡᠢ ᠪᠠᠶᠢᠨ᠎ᠠ᠃ | |