ᠭᠤᠸ ᠬᠤᠸᠠᠢ ᠵᠢᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ  ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠴᠠᠭᠳᠠᠨ ᠪᠠᠶᠢᠴᠠᠭᠠᠬᠤ᠂ ︽ᠳᠤᠯᠠᠭᠠᠨ ᠢᠨᠵᠧᠨᠧᠷᠢᠩ︾ ᠵᠡᠷᠭᠡ ᠭᠤᠣᠯᠳᠠᠯᠭ᠎ᠠ ᠲᠠᠢ ᠠᠵᠢᠯ ᠢ ᠰᠤᠳᠤᠯᠤᠨ ᠠᠬᠢᠭᠤᠯᠪᠠ
ᠨᠡᠶᠢᠲᠡᠯᠡᠭᠰᠡᠨ ᠴᠠᠭ᠄
2024/8/15
      8 ᠳ᠋ᠤᠭᠠᠷ ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠴᠠᠭᠳᠠᠨ ᠪᠠᠶᠢᠴᠠᠭᠠᠬᠤ᠂ ︽ᠳᠤᠯᠠᠭᠠᠨ ᠢᠨᠵᠧᠨᠧᠷᠢᠩ︾ ᠵᠡᠷᠭᠡ ᠭᠤᠣᠯᠳᠠᠯᠭ᠎ᠠ ᠲᠠᠢ ᠠᠵᠢᠯ ᠢ ᠰᠤᠳᠤᠯᠤᠨ ᠠᠬᠢᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠦᠨᠳᠦᠰᠦᠨ ᠱᠠᠲᠤᠨ ᠤ ᠵᠠᠰᠠᠯᠲᠠ ᠶᠢᠨ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠶᠢᠳᠠᠯ ᠵᠢᠴᠢ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠱᠠᠭᠠᠷᠳᠠᠨ ᠪᠠᠶᠢᠴᠠᠭᠠᠭᠰᠠᠨ ᠪᠠ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠶᠡᠷᠦᠩᠬᠡᠢ ᠪᠠᠶᠢᠳᠠᠯ᠂ ︽ᠳᠤᠯᠠᠭᠠᠨ ᠢᠨᠵᠧᠨᠧᠷᠢᠩ︾ ᠤᠨ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭ᠎ᠠ ᠠᠯᠬᠤᠮ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃      ᠭᠤᠤ ᠬᠤᠸᠠᠢ ᠵᠢᠩ ᠬᠡᠯᠡᠬᠦ ᠳᠡᠭᠡᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠪᠢᠳᠡᠨ ᠤ ᠡᠷᠬᠡᠪᠰᠢ ᠰᠠᠶᠢᠲᠤᠷ ᠠᠳᠬᠤᠬᠤ ᠤᠯᠤᠰ ᠲᠦᠷᠦ ᠶᠢᠨ ᠡᠭᠦᠷᠭᠡ ᠪᠣᠯᠣᠨ᠎ᠠ᠃ ᠴᠢᠩᠭ᠎ᠠ ᠬᠦᠭ ᠠᠶᠠᠰ ᠢ ᠪᠠᠷᠢᠮᠲᠠᠯᠠᠵᠤ᠂ ᠬᠦᠴᠦᠲᠡᠢ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠡᠭᠦᠷᠢᠳᠡ ᠪᠠᠲᠤᠯᠠᠬᠤ ᠶᠢ ᠠᠬᠢᠭᠤᠯᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠲᠤᠬᠠᠢ ᠶᠢᠨ ᠭᠠᠵᠠᠷ ᠲᠤᠨᠢ ᠥᠨᠳᠥᠷ ᠪᠦᠲᠦᠮᠵᠢᠲᠡᠢ ᠮᠥᠷᠲᠡᠭᠡᠨ ᠲᠦᠷᠭᠡᠨ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠡᠷᠬᠡ ᠬᠠᠷᠢᠭᠤᠴᠠᠯᠭ᠎ᠠ ᠶᠢᠨ ᠵᠦᠢᠯᠡᠰ ᠢ ᠤᠯᠠᠮ ᠵᠢᠷᠤᠮᠵᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠣᠯᠠᠨ ᠲᠦᠮᠡᠨ ᠳᠤ ᠨᠠᠩ ᠰᠠᠶᠢᠨ ᠦᠢᠯᠡᠴᠢᠯᠡᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠪᠣᠳᠠᠲᠠᠢ ᠠᠳᠬᠤᠵᠤ᠂ ᠪᠣᠳᠠᠲᠤ ᠵᠢᠱᠢᠶ᠎ᠡ ᠪᠠᠷ ᠥᠭᠡᠷᠡᠴᠢᠯᠡᠯᠲᠡ ᠪᠠ ᠵᠠᠰᠠᠯᠲᠠ ᠶᠢ ᠠᠬᠢᠭᠤᠯᠬᠤ ᠬᠡᠷᠡᠭᠲᠡᠢ ᠭᠡᠪᠡ᠃      ᠭᠤᠸ ᠬᠤᠸᠠᠢ ᠵᠢᠩ ᠬᠡᠯᠡᠬᠦ ᠳᠡᠭᠡᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠭᠳᠠᠨ ᠪᠠᠶᠢᠴᠠᠭᠠᠬᠤ ᠠᠵᠢᠯ ᠤᠨ ᠳᠦᠷᠢᠮ︾ ᠢ ᠭᠦᠨᠵᠡᠭᠡᠢ ᠰᠤᠷᠤᠯᠴᠠᠨ  ᠲᠣᠭᠤᠰᠢᠯᠠᠭᠤᠯᠵᠤ᠂ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠯᠲᠠ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠬᠡᠯᠬᠢᠶ᠎ᠡ ᠶᠢ  ᠴᠢᠩᠭᠠᠷᠠᠭᠤᠯᠤᠨ᠂ ᠴᠠᠭᠳᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠤᠨ ᠲᠠᠩᠰᠠ ᠶᠢ ᠬᠠᠷᠭᠤᠭᠤᠯᠵᠤ ᠳᠠᠩᠰᠠᠨ ᠠᠴᠠ ᠭᠠᠷᠭᠠᠬᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠠᠰᠤᠷᠠᠯᠳᠡ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠂ ᠴᠠᠭᠳᠠᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠴᠠᠭᠳᠠᠨ ᠪᠠᠶᠢᠴᠠᠭᠠᠬᠤ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠴᠠᠭᠳᠠᠨ ᠪᠠᠶᠢᠴᠠᠭᠠᠬᠤ ᠪᠠᠷ ᠵᠠᠰᠠᠬᠤ ᠶᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ ᠴᠠᠭᠳᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠴᠠᠭᠳᠠᠨ ᠪᠠᠶᠢᠴᠠᠭᠠᠬᠤ ᠺᠠᠳ᠋ᠷ ᠲᠤ ᠰᠢᠯᠢᠳᠡᠭ ᠢ ᠨᠢ ᠲᠣᠬᠢᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠴᠠᠭᠳᠠᠨ ᠪᠠᠶᠢᠴᠠᠭᠠᠬᠤ ︽ᠲᠡᠮᠦᠷ ᠴᠡᠷᠢᠭ︾ ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠪᠡ᠃      ᠭᠤᠤ ᠬᠤᠸᠠᠢ ᠵᠢᠩ ᠬᠡᠯᠡᠬᠦ ᠳᠡᠭᠡᠨ᠂ ᠳᠤᠯᠠᠭᠠᠨ ᠢᠨᠵᠧᠨᠧᠷᠢᠩ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠬᠤᠯᠪᠣᠭᠳᠠᠯ ᠪᠦᠬᠦᠢ ᠨᠢᠭᠡᠴᠢ ᠪᠠ ᠰᠠᠯᠠᠭ᠎ᠠ ᠮᠥᠴᠢᠷ ᠤᠳ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ  ᠲᠣᠬᠢᠷᠠᠭᠤᠯᠤᠨ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠴᠠᠭ ᠲᠤᠬᠠᠢ ᠳᠤᠨᠢ ᠳᠠᠭᠤᠰᠬᠠᠨ᠂ ᠤᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠣᠶᠤᠨᠴᠢ ᠳᠤᠯᠠᠭᠠᠯᠠᠭ᠎ᠠ ᠬᠠᠩᠭᠠᠬᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠶᠢᠲᠡᠯᠢᠭ ᠰᠠᠭᠤᠭᠠᠯᠢ ᠲᠣᠭᠤᠷᠢᠭ᠂ ᠠᠰᠠᠷ᠂ ᠭᠡᠷ ᠪᠠᠶᠢᠰᠢᠩ ᠢ ᠬᠢᠨᠠᠨ ᠬᠡᠮᠵᠢᠬᠦ ᠴᠡᠭ ᠢ ᠨᠡᠮᠡᠨ ᠪᠠᠶᠢᠭᠤᠯᠵᠤ᠂ ᠰᠠᠭᠤᠭᠠᠯᠢ ᠠᠷᠠᠳ ᠤᠨ ᠭᠡᠷ ᠤᠨ ᠳᠤᠯᠠᠭᠠᠨ ᠢ ᠰᠦᠯᠵᠢᠶᠡᠨ ᠳᠡᠭᠡᠷ᠎ᠡ ᠨᠠᠷᠢᠯᠢᠭ ᠣᠨᠣᠪᠴᠢᠲᠠᠢ ᠪᠠᠷ ᠬᠢᠨᠠᠨ ᠬᠡᠮᠵᠢᠬᠦ ᠶᠢ ᠪᠡᠶᠡᠯᠡᠭᠦᠯᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ︽ᠳᠤᠯᠠᠭᠠᠨ ᠢᠨᠵᠧᠨᠧᠷᠢᠩ︾ ᠤᠨ ᠦᠢᠯᠡᠴᠢᠯᠡᠭᠡᠨ ᠤ ᠬᠠᠯᠠᠮᠰᠢᠯ ᠤᠲᠠᠰᠤ ᠭᠠᠷᠭᠠᠬᠤ ᠶᠢᠨ ᠬᠠᠮᠲᠤ ᠦᠢᠯᠡᠴᠢᠯᠡᠭᠡᠨ ᠤ ᠠᠩᠭᠢ ᠶᠢ ᠵᠣᠬᠢᠶᠠᠨ  ᠪᠠᠶᠢᠭᠤᠯᠤᠨ᠂ ᠣᠯᠠᠨ ᠲᠦᠮᠡᠨ ᠤ ᠲᠤᠰᠬᠠᠭᠰᠠᠨ ᠳᠤᠯᠠᠭᠠᠯᠠᠭ᠎ᠠ ᠬᠠᠩᠭᠠᠬᠤ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤ ᠥᠭᠴᠦ ᠰᠢᠢᠳᠪᠦᠷᠢᠯᠡᠨ᠂ ᠳᠤᠯᠠᠭᠠᠯᠠᠭ᠎ᠠ ᠬᠠᠩᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠳᠤᠯᠠᠭᠠᠯᠠᠭ᠎ᠠ ᠬᠠᠩᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ  ᠲᠣᠭᠲᠠᠭᠠᠵᠤ ᠲᠡᠭᠦᠯᠳᠡᠷᠵᠢᠭᠦᠯᠦᠨ᠂ ᠣᠨᠴᠠᠭᠠᠢ ᠴᠠᠭ ᠠᠭᠤᠷ ᠢ ᠠᠷᠭᠠᠴᠠᠭᠠᠬᠤ ᠪᠠ ᠳᠤᠯᠠᠭᠠᠯᠭ᠎ᠠ ᠬᠠᠩᠭᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠤᠯᠠᠮ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠰᠢᠭᠤᠨ ᠤ ᠤᠳᠤᠷᠢᠳᠤᠯᠭ᠎ᠠ ᠵᠢᠶᠠ ᠷᠦᠢ᠂ ᠯᠢᠦ ᡁᠢ ᠵᠢᠶᠦ᠋ᠨ᠂ ᠯᠢ ᡁᠢ ᠪᠢᠶᠣᠣ᠂ ᠯᠢᠦ ᠷᠦᠢ᠂ ᠮᠠ ᠽᠢ ᠳ᠋ᠦᠩ᠂ ᠭᠦᠸᠧ ᠵᠣᠣ ᠬᠤᠶ᠂ ᠨᠠᠰᠤᠨᠳᠡᠯᠭᠡᠷ ᠬᠤᠷᠠᠯ ᠳᠤ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ