ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠢᠶᠠᠷ ᠬᠢᠨᠠᠨ ᠵᠥᠪᠯᠡᠵᠦ ᠪᠠᠲᠤᠯᠠᠭᠰᠠᠨ ︽ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠬᠦ ᠲᠤᠬᠠᠢ ᠠᠯᠢ ᠤᠯᠠᠨ ᠰᠢᠨ᠎ᠡ ᠪᠠᠶᠢᠷᠢᠯᠠᠭᠤᠯᠤᠯᠲᠠ ᠬᠢᠪᠡ᠃ ᠡᠭᠦᠨ ᠳᠤ ︽ᠴᠢᠨᠠᠷ ᠰᠠᠶᠢᠲᠠᠢ ᠪᠠᠷ ᠭᠦᠢᠴᠡᠳ ᠠᠵᠢᠯ ᠣᠯᠭᠤᠬᠤ ᠪᠠᠨ | ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ︾ ᠱᠠᠭᠠᠷᠳᠠᠯᠭ᠎ᠠ ᠶᠢ ᠨᠢ ᠠᠵᠢᠯ ᠣᠯᠭᠤᠯᠲᠠ ᠶᠢᠨ ᠶᠡᠷᠦᠩᠬᠡᠢ ᠬᠡᠪᠴᠢᠶᠡᠨ ᠤ ᠳᠠᠷᠤᠯᠲᠠ ᠪᠠ ᠪᠦᠲᠦᠴᠡ ᠶᠢᠨ ᠴᠢᠨᠠᠷᠲᠠᠢ | ᠵᠥᠷᠢᠴᠡᠯ ᠵᠡᠷᠭᠡ ᠪᠠᠷ ᠣᠷᠣᠰᠢᠵᠤ ᠪᠠᠶᠢᠭ᠎ᠠ ᠠᠬᠤᠢ ᠪᠠᠶᠢᠳᠠᠯ ᠳᠤ ᠶᠠᠭᠠᠬᠢᠵᠤ ᠨᠠᠶᠢᠳᠠᠪᠤᠷᠢᠵᠢᠭᠤᠯᠪᠠᠯ ᠵᠣᠬᠢᠬᠤ ᠪᠤᠢ︖ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠠᠶᠢᠳ ᠸᠠᠩ ᠰᠢᠶᠤᠤ ᠫᠢᠩ᠄ ︽ᠴᠢᠨᠠᠷ ᠰᠠᠶᠢᠲᠠᠶ ᠪᠠᠷ ᠭᠦᠢᠴᠡᠳ | ᠠᠵᠢᠯ ᠣᠯᠭᠤᠬᠤ ᠪᠠᠨ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠤ ᠠᠵᠢᠯ ᠣᠯᠭᠤᠯᠲᠠ ᠶᠢᠨ ᠠᠵᠢᠯ ᠤᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ | ᠡᠭᠦᠷᠭᠡ ᠬᠠᠷᠢᠭᠤᠴᠠᠯᠭ᠎ᠠ ᠪᠣᠯᠣᠨ᠎ᠠ᠃ ᠳᠠᠷᠠᠭᠠᠴᠢ ᠶᠢᠨ ᠠᠯᠬᠤᠮ ᠳᠤ ︽ᠲᠣᠭᠲᠠᠭᠠᠯ︾ ᠤᠨ ᠪᠠᠶᠢᠷᠢᠯᠠᠭᠤᠯᠤᠯᠲᠠ ᠶᠣᠰᠣᠭᠠᠷ᠂ ᠴᠢᠨᠠᠷ ᠰᠠᠶᠢᠲᠠᠢ ᠪᠠᠷ ᠭᠦᠢᠴᠡᠳ ᠠᠵᠢᠯ | ᠣᠯᠭᠤᠬᠤ ᠪᠠᠨ ᠠᠬᠢᠭᠤᠯᠬᠤ ᠪᠠᠷ ᠬᠠᠷᠠᠯᠲᠠ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠵᠢᠯᠤᠭᠤᠳᠤᠯᠭ᠎ᠠ᠂ | ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠤᠳᠤᠯᠭ᠎ᠠ ᠶᠢ ᠴᠢᠩᠭᠠᠷᠠᠭᠤᠯᠬᠤ ᠪᠠᠷ ᠭᠠᠷᠳᠠᠴᠠ᠂ ᠠᠵᠢᠯ ᠣᠯᠭᠤᠯᠲᠠ ᠶᠢᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠦᠳᠡᠯᠭᠡᠭᠴᠢ ᠬᠦᠴᠦᠨ ᠪᠣᠯᠭᠠᠨ᠂ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠶᠢ ᠪᠦᠲᠦᠮᠵᠢᠲᠡᠢ | ᠰᠠᠶᠢᠵᠢᠷᠠᠭᠤᠯᠬᠤ ᠪᠠ ᠲᠤᠭ᠎ᠠ ᠬᠡᠮᠵᠢᠶ᠎ᠡ ᠪᠠᠨ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ︾ ᠬᠡᠮᠡᠪᠡ᠃ | ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠬᠥᠳᠡᠯᠮᠦᠷᠢᠯᠡᠬᠦ ᠨᠠᠰᠤᠨ ᠤ ᠬᠥᠮᠦᠨ ᠠᠮᠠ ᠲᠠᠰᠤᠷᠠᠯᠲᠠ ᠦᠭᠡᠢ ᠪᠠᠭᠠᠰᠤᠭᠰᠠᠨ ᠪᠣᠯᠪᠠᠴᠤ ᠬᠥᠳᠡᠯᠮᠦᠷᠢ | ᠬᠦᠴᠦᠨ ᠤ ᠶᠡᠷᠦᠩᠬᠡᠢ ᠬᠡᠪᠴᠢᠶ᠎ᠡ ᠮᠥᠨ ᠯᠡ ᠠᠰᠤᠷᠤ ᠶᠡᠭᠡ ᠪᠠᠶᠢᠭ᠎ᠠ ᠪᠣᠯᠬᠤᠷ ᠠᠵᠢᠯ ᠣᠯᠭᠤᠯᠲᠠ ᠶᠢᠨ ᠶᠡᠷᠦᠩᠬᠡᠢ ᠬᠡᠪᠴᠢᠶᠡᠨ ᠤ ᠳᠠᠷᠤᠯᠲᠠ ᠮᠥᠨ ᠣᠷᠣᠰᠢᠭᠰᠠᠭᠠᠷ | ᠪᠠᠶᠢᠨ᠎ᠠ᠃ ᠡᠭᠦᠨ ᠤ ᠬᠠᠮᠲᠤ᠂ ᠬᠥᠳᠡᠯᠮᠦᠷᠢ ᠬᠦᠴᠦᠨ ᠤ ᠪᠦᠲᠦᠴᠡ ᠳᠤ ᠭᠦᠨᠵᠡᠭᠡᠶ ᠬᠤᠪᠢᠷᠠᠯᠲᠠ ᠭᠠᠷᠴᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠤ ᠲᠦᠷᠭᠡᠨ ᠬᠥᠭᠵᠢᠯᠲᠡ᠂ ᠰᠢᠨ᠎ᠡ ᠪᠠᠷ ᠪᠤᠢ ᠪᠣᠯᠣᠬᠰᠠᠨ ᠠᠵᠤ ᠦᠢᠯᠡᠰ ᠤᠨ ᠪᠤᠶᠢᠵᠢᠨ ᠪᠤᠵᠠᠭᠠᠶᠢᠷᠠᠯᠲᠠ ᠪᠠ ᠢᠷᠡᠭᠡᠳᠦᠶ ᠶᠢᠨ ᠠᠵᠤ ᠦᠢᠯᠡᠰ ᠤᠨ | ᠪᠠᠶᠢᠷᠢᠰᠢᠯ ᠤᠨ ᠪᠥᠲᠥᠭᠡᠨ ᠪᠠᠶᠢᠭᠤᠯᠤᠯᠲᠠ ᠵᠡᠷᠭᠡ ᠨᠢ ᠬᠥᠳᠡᠯᠮᠦᠷᠢᠴᠢᠳ ᠤᠨ ᠤᠷ᠎ᠠ ᠮᠡᠷᠭᠡᠰᠢᠯ ᠤᠨ ᠬᠢᠷᠢ ᠲᠦᠪᠰᠢᠨ ᠳᠤ ᠨᠠᠩ ᠥᠨᠳᠥᠷ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ ᠤᠷ᠎ᠠ ᠮᠡᠷᠭᠡᠰᠢᠯᠳᠦ ᠴᠢᠳᠠᠪᠤᠷᠢᠲᠠᠨ ᠳᠤᠲᠠᠭᠳᠠᠬᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠳᠣᠬᠢᠷᠠᠯᠴᠠᠬᠤ | ᠦᠭᠡᠢ᠂ ︽ᠠᠵᠢᠯ ᠪᠠᠶᠢᠪᠠᠴᠤ ᠬᠢᠬᠦ ᠬᠦᠳᠡᠯᠮᠦᠷᠢ ᠬᠦᠴᠦ ᠦᠭᠡᠢ᠂ ᠬᠦᠳᠡᠯᠮᠦᠷᠢ ᠬᠦᠴᠦ ᠪᠠᠶᠢᠪᠠᠴᠤ ᠬᠢᠬᠦ ᠠᠵᠢᠯ ᠦᠭᠡᠢ︾ ᠪᠠᠶᠢᠳᠠᠯ ᠵᠡᠷᠭᠡ ᠪᠠᠷ ᠣᠷᠣᠰᠢᠵᠤ᠂ | ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠡᠳᠦᠷ ᠢᠷᠡᠬᠦᠶ᠎ᠡ ᠲᠤᠪᠤᠶᠢᠮ᠎ᠠ ᠪᠣᠯᠵᠠᠢ᠃ | ᠸᠠᠩ ᠰᠢᠶᠤᠤ ᠫᠢᠩ ᠢᠯᠡᠷᠬᠡᠶᠢᠯᠡᠬᠦ ᠳᠤ ᠪᠠᠨ ︽ᠡᠷᠬᠡᠪᠰᠢ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠶᠢ ᠢᠮᠠᠭᠲᠠ ᠪᠠᠷᠢᠮᠲᠠᠯᠠᠵᠤ᠂ ᠴᠢᠨᠠᠷ ᠰᠠᠶᠢᠲᠠᠶ | ᠬᠥᠭᠵᠢᠯᠲᠡ ᠶᠢᠨ ᠶᠠᠪᠤᠴᠠ ᠶᠢ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠪᠠᠨ ᠰᠠᠶᠢᠵᠢᠷᠠᠭᠤᠯᠤᠨ ᠪᠠᠭᠲᠠᠭᠠᠮᠵᠢ ᠪᠠᠨ ᠥᠷᠭᠡᠳᠬᠡᠬᠦ ᠶᠠᠪᠤᠴᠠ ᠪᠣᠯᠭᠠᠬᠤ ᠬᠡᠷᠡᠭᠲᠡᠶ᠃︾ | ᠡᠳ᠋ ᠤᠨ ᠵᠠᠰᠠᠭ᠂ ᠵᠣᠭᠤᠰ᠂ ᠪᠠᠯᠠ ᠣᠷᠣᠭᠤᠯᠤᠯᠲᠠ᠂ ᠬᠡᠷᠡᠭᠯᠡᠭᠡ᠂ ᠠᠵᠤ ᠦᠢᠯᠡᠰ᠂ ᠣᠷᠣᠨ ᠪᠦᠰᠡ ᠵᠡᠷᠭᠡ ᠶᠢᠨ ᠲᠥᠷᠥ ᠶᠢᠨ ᠪᠣᠳᠣᠯᠭ᠎ᠠ ᠬᠢᠭᠡᠳ ᠠᠵᠢᠯ | ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠵᠣᠬᠢᠴᠠᠯᠳᠤᠨ ᠬᠤᠯᠪᠤᠭᠠᠯᠠᠵᠤ ᠬᠥᠳᠡᠯᠦᠯᠴᠡᠬᠦ ᠶᠢ ᠠᠬᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ | ᠴᠣᠭᠴᠠ ᠶᠢᠨ ᠬᠥᠳᠡᠯᠮᠦᠷᠢ ᠬᠦᠴᠦ ᠶᠢ ᠣᠷᠣᠭᠤᠯᠤᠨ ᠠᠪᠤᠳᠠᠭ ᠭᠤᠤᠯ ᠪᠣᠯᠬᠤ ᠠᠷᠭ᠎ᠠ ᠵᠠᠮ ᠤᠨ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃ ᠡᠭᠦᠨ ᠤ ᠬᠠᠮᠲᠤ | ᠠᠵᠢᠯ ᠣᠯᠭᠤᠯᠲᠠ ᠳᠤ ᠨᠥᠬᠦᠷᠰᠡᠭ ᠬᠡᠯᠪᠡᠷᠢ ᠪᠦᠬᠦᠢ ᠬᠥᠭᠵᠢᠯᠲᠡ ᠶᠢᠨ ᠠᠷᠭ᠎ᠠ ᠪᠠᠷᠢᠯ ᠢ ᠢᠳᠡᠪᠬᠢᠲᠡᠢ ᠪᠤᠢ ᠪᠣᠯᠭᠠᠵᠤ᠂ ᠰᠠᠶᠢᠨ ᠰᠠᠶᠢᠬᠠᠨ ᠠᠵᠢᠯ ᠣᠯᠭᠤᠯᠲᠠ ᠶᠢᠨ | ᠠᠮᠢ ᠠᠬᠤᠢ ᠶᠢ ᠪᠣᠢ ᠪᠣᠯᠭᠠᠨ᠎ᠠ᠃ | ︽ᠲᠣᠭᠲᠠᠭᠠᠯ︾ ᠳᠤ ︽ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠨ᠎ᠡ︾ ᠭᠡᠵᠦ ᠴᠢᠬᠤᠯᠠᠴᠢᠯᠠᠪᠠ᠃ | ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠤᠷ᠎ᠠ ᠮᠡᠷᠭᠡᠰᠢᠯᠳᠦ ᠴᠢᠳᠠᠪᠤᠷᠢᠲᠠᠳ ᠢ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠳᠦᠷᠢᠮ ᠢ | ᠲᠡᠭᠦᠯᠳᠡᠷᠵᠢᠭᠦᠯᠬᠦ ᠶᠠᠪᠤᠳᠠᠯ ᠪᠣᠯᠤᠨ᠎ᠠ᠃ | ︽ᠪᠢᠳᠡ ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠥᠮᠦᠨ ᠤ ᠬᠦᠴᠦᠨ ᠤ ᠡᠬᠢ | ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ ᠲᠣᠭᠲᠠᠴᠠ ᠪᠠᠶᠢᠭᠤᠯᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠪᠠᠨ ᠴᠢᠩᠭᠠᠳᠬᠠᠨ᠎ᠠ᠃ | ᠬᠦᠮᠦᠵᠢᠬᠦᠯᠬᠦ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠬᠦᠳᠴᠥ᠂ ᠠᠵᠦ ᠠᠬᠤᠶᠢᠯᠠᠯ ᠤᠨ ᠬᠦᠮᠦᠵᠢᠬᠦᠯᠥᠨ ᠭᠡᠷᠡᠭᠯᠡᠬᠦ ᠭᠤᠤᠯ ᠴᠣᠠᠠᠴᠠ ᠶᠢᠨ ᠦᠢᠯᠡᠳᠣᠯ ᠢ ᠨᠢ | ᠬᠦᠢᠴᠡᠳ ᠪᠠᠳᠡᠷᠡᠭᠤᠯᠥᠨ᠎ᠠ᠃ ᠤᠷ᠎ᠠ ᠮᠡᠷᠭᠡᠰᠢᠯᠳᠦ ᠴᠢᠳᠠᠪᠤᠷᠢᠲᠠᠳ ᠤᠨ ᠬᠥᠭᠵᠢᠯᠲᠡ ᠶᠢᠨ ᠵᠠᠮ ᠢ ᠰᠢᠯᠤᠭᠤᠳᠬᠠᠵᠤ᠂ ᠤᠷ᠎ᠠ ᠮᠡᠷᠭᠡᠰᠢᠯᠳᠦ ᠴᠢᠳᠠᠪᠤᠷᠢᠲᠠᠳ ᠤᠨ | ᠬᠦᠯᠦᠰᠦ ᠣᠯᠭᠤᠮᠵᠢ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠡᠯ᠎ᠡ ᠲᠦᠷᠦᠯ ᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ | ᠤᠷᠤᠯᠳᠤᠭᠠᠨ ᠨᠤᠭᠤᠳ ᠢ ᠥᠷᠭᠡᠨ ᠢᠶᠠᠷ ᠥᠷᠨᠢᠭᠦᠯᠵᠦ᠂ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ︾ ᠬᠡᠮᠡᠨ ᠸᠠᠩ ᠰᠢᠶᠤᠤ ᠫᠢᠩ ᠬᠡᠯᠡᠪᠡ᠃ | ᠸᠠᠩ ᠰᠢᠶᠣᠤ ᠫᠢᠩ ᠢᠯᠡᠷᠬᠡᠶᠢᠯᠡᠬᠦ ᠳᠤ ᠪᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠢ ᠴᠢᠬᠤᠯᠠ ᠠᠴᠠ ᠴᠢᠬᠤᠯᠠ ᠪᠠᠷ ᠦᠵᠡᠵᠦ᠂ | ᠠᠵᠢᠯ ᠣᠯᠭᠤᠬᠤ ᠣᠷᠣᠨ ᠵᠠᠶ ᠶᠢ ᠨᠢ ᠥᠷᠭᠡᠳᠬᠡᠨ᠂ ᠦᠰᠦᠨ ᠪᠤᠶᠢᠵᠢᠬᠤ ᠵᠠᠮ ᠢ ᠨᠢ ᠰᠢᠯᠤᠭᠤᠳᠬᠠᠵᠤ᠂ ᠦᠢᠯᠡᠴᠢᠯᠡᠭᠡ ᠪᠠ ᠠᠵᠢᠯ ᠤᠯᠬᠤ ᠦᠵᠡᠯᠲᠡ ᠶᠢ ᠨᠢ | ᠬᠥᠲᠥᠯᠥᠨ ᠵᠢᠯᠣᠭᠤᠳᠬᠤ ᠪᠠᠨ ᠴᠢᠩᠭᠠᠷᠠᠭᠤᠯᠤᠨ᠎ᠠ᠃ ᠬᠦᠯᠦᠰᠦᠨ ᠠᠵᠢᠯᠴᠢᠳ ᠤᠨ ᠭᠠᠳᠠᠭᠰᠢ ᠭᠠᠷᠴᠤ ᠠᠵᠢᠯ ᠣᠯᠬᠤ ᠪᠠ ᠲᠤᠬᠠᠢ ᠶᠢᠨ ᠭᠠᠵᠠᠷ ᠪᠤᠶᠤ ᠣᠶᠢᠷ᠎ᠠ | ᠬᠠᠪᠢ ᠳᠤ ᠪᠠᠨ ᠠᠵᠢᠯ ᠣᠯᠬᠤ ᠶᠢ ᠨᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠦᠮᠦᠰ ᠤᠨ ᠬᠦᠳᠡᠯᠮᠦᠷᠢᠯᠡᠬᠦ | ᠬᠡᠪᠴᠢᠶ᠎ᠡ ᠪᠠ ᠬᠦᠳᠡᠯᠮᠦᠷᠢᠯᠡᠭᠰᠡᠨ ᠣᠷᠣᠯᠭ᠎ᠠ ᠶᠢ ᠨᠢ ᠲᠣᠭᠲᠠᠪᠤᠷᠢᠲᠠᠶ ᠪᠠᠶᠢᠯᠭᠠᠨ᠎ᠠ᠃ ᠠᠵᠢᠯ ᠣᠯᠬᠤ ᠳᠤ ᠬᠦᠴᠢᠷᠲᠡᠶ ᠬᠥᠮᠦᠰ ᠤᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠵᠡᠷᠭᠡ ᠪᠠᠲᠤᠯᠠᠵᠤ ᠲᠥᠪᠬᠢᠨᠡᠭᠦᠯᠬᠦ ᠠᠵᠢᠯ ᠢ ᠴᠢᠩᠭᠠᠷᠠᠭᠤᠯᠤᠨ᠎ᠠ ᠭᠡᠵᠦ ᠭᠤᠣᠯᠳᠠᠯᠭ᠎ᠠ ᠪᠣᠯᠬᠤ ᠬᠦᠮᠦᠰ ᠤᠨ ᠠᠵᠢᠯ ᠣᠯᠬᠤ ᠳᠤ | ᠴᠢᠭᠯᠡᠭᠦᠯᠦᠨ ᠬᠡᠯᠡᠪᠡ᠃ | ︽ᠲᠣᠭᠲᠠᠭᠠᠯ︾ ᠳᠤ ᠳᠤᠷᠠᠳᠤᠭᠰᠠᠨ ᠶᠣᠰᠣᠭᠠᠷ᠂ ︽ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠵᠦ︾᠂ ᠠᠯᠢ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠦᠭᠦᠳ ᠢ ᠴᠤ ᠪᠠᠶᠢᠷᠢᠯᠠᠭᠤᠯᠤᠨ ᠠᠬᠢᠭᠤᠯᠵᠤ ᠲᠦᠷᠭ᠊ ᠡᠪᠴᠢᠯᠡᠨ | ᠨᠠᠶᠢᠳᠠᠪᠤᠷᠢᠵᠢᠭᠤᠯᠵᠤ ᠪᠠᠶᠢᠨ᠎ᠠ᠃ | ᠪᠥᠬᠦ ᠤᠯᠤᠰ ᠤᠨ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠲᠠᠪᠴᠠᠩ ᠢ ᠪᠠᠶᠢᠭᠤᠯᠤᠨ ᠰᠠᠶᠢᠲᠤᠷ ᠠᠰᠢᠭᠯᠠᠵᠤ᠂ ︽ | ᠲᠣᠮᠣ ᠳ᠋ᠠᠶᠢᠲ᠋ᠠ + ᠲᠡᠮᠦᠷ ᠤᠯᠠ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ︔ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ | ᠠᠬᠢᠭᠤᠯᠬᠤ ᠲᠦᠷᠢᠮ ᠢᠶᠠᠨ ᠲᠡᠭᠦᠯᠳᠡᠷᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠨᠢᠭᠡᠳᠦᠯᠲᠡᠶ ᠵᠢᠷᠤᠮᠵᠢᠭᠰᠠᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ | ᠪᠦᠷᠢᠨᠰᠢᠭᠦᠯᠦᠨ᠎ᠡ︔ ᠠᠮᠢᠳᠤᠯᠢᠭ ᠢᠶᠠᠷ ᠠᠵᠢᠯ ᠣᠯᠭᠤᠬᠤ ᠪᠠ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠳᠤ ᠳᠣᠬᠢᠷᠠᠭᠰᠠᠨ ᠬᠥᠳᠡᠯᠮᠦᠷᠢ ᠬᠦᠴᠦᠨ ᠤ ᠡᠷᠬᠡ | ᠠᠰᠢᠭ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ ᠁ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠣᠯᠠᠨ ᠲᠠᠯ᠎ᠠ ᠠᠴᠠ ᠵᠡᠷᠭᠡ ᠳᠤ ᠨᠢ ᠦᠢᠯᠡᠴᠢᠯᠡᠭᠡ ᠪᠠᠨ ᠰᠢᠯᠢᠳᠡᠭᠵᠢᠭᠦᠯᠦᠨ᠂ ᠠᠵᠢᠯ ᠣᠯᠭᠤᠯᠲᠠ ᠶᠢᠨ ᠨᠠᠩ ᠡᠷᠬᠡ ᠲᠡᠭᠰᠢ ᠣᠷᠴᠢᠨ | ᠨᠥᠬᠦᠴᠡᠯ ᠢ ᠪᠣᠶ ᠪᠣᠯᠭᠠᠨ᠎ᠠ᠃ | ᠬᠠᠮᠤᠭ ᠤᠨ ᠰᠢᠨ᠎ᠡ ᠲᠤᠭ᠎ᠠ ᠪᠠᠷᠢᠮᠲᠠ ᠠᠴᠠ ᠦᠵᠡᠬᠦ ᠳᠤ ᠡᠨᠡ ᠵᠢᠯ ᠠᠴᠠ ᠨᠠᠭᠠᠰᠢ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ | ᠪᠠᠶᠢᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠨᠢᠳᠤᠨᠤᠨ ᠤ ᠠᠳᠠᠯᠢ ᠬᠤᠭᠤᠴᠠᠭᠠᠨ ᠤ ᠬᠢᠷᠢ ᠲᠦᠪᠰᠢᠨ ᠠᠴᠠ ᠮᠥᠨ | ᠳᠣᠤᠷ᠎ᠠ ᠪᠠᠶᠢᠨ᠎ᠠ᠃ 1 ᠠᠴᠠ 6 ᠳ᠋ᠤᠭᠠᠷ ᠰᠠᠷ᠎ᠠ ᠪᠣᠯᠲᠠᠯ᠎ᠠ᠂ ᠪᠦᠬᠦ ᠤᠯᠤᠰ ᠤᠨ ᠬᠤᠲᠠ ᠪᠠᠯᠭᠠᠰᠤᠨ ᠤ 698 ᠲᠦᠮᠡᠨ ᠬᠥᠮᠦᠨ ᠰᠢᠨ᠎ᠡ ᠪᠠᠷ ᠠᠵᠢᠯ ᠣᠯᠵᠤ᠂ | ᠠᠳᠠᠯᠢ ᠬᠤᠭᠤᠴᠠᠭᠠᠨ ᠤ ᠬᠢ ᠠᠴᠠ 20 ᠲᠦᠮᠡᠨ ᠬᠥᠮᠦᠨ ᠨᠡᠮᠡᠭᠳᠡᠭᠡᠳ ᠪᠦᠬᠦ ᠵᠢᠯ ᠤᠨ ᠬᠠᠷᠠᠯᠲᠠᠲᠤ ᠡᠭᠦᠷᠭᠡ ᠶᠢᠨ ᠢᠶᠠᠨ 58% ᠶᠢ ᠪᠡᠶᠡᠯᠡᠭᠦᠯᠪᠡ᠃ | ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠥᠸᠧ ᠷᠦᠩ | ᠢᠯᠡᠷᠬᠡᠶᠢᠯᠡᠬᠦ ᠳᠤ ᠪᠠᠨ᠂ ︽ᠴᠢᠨᠠᠷ ᠰᠠᠶᠢᠲᠠᠢ ᠪᠠᠷ ᠭᠦᠢᠴᠡᠳ ᠠᠵᠢᠯ ᠣᠯᠭᠤᠬᠤ ᠪᠠᠨ ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠪᠠᠰᠠ ᠴᠤ | ᠨᠢᠭᠡᠨ ᠤᠷᠳᠤ ᠬᠤᠭᠤᠴᠠᠭᠠᠨ ᠤ ᠢᠨᠵᠧᠨᠧᠷᠢᠩ ᠮᠥᠨ᠃︾ ᠪᠠᠶᠢᠭᠤᠯᠤᠯ ᠲᠣᠭᠲᠠᠴᠠ ᠶᠢᠨ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ | ᠣᠯᠭᠤᠯᠲᠠ ᠪᠠᠨ ᠠᠬᠢᠭᠤᠯᠬᠤ ᠶᠢ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠴᠢᠬᠤᠯᠠ ᠡᠭᠦᠷᠭᠡ ᠬᠠᠷᠢᠭᠤᠴᠠᠯᠭ᠎ᠠ ᠪᠣᠯᠭᠠᠨ᠂ ᠰᠠᠯᠠᠭ᠎ᠠ | ᠮᠥᠴᠢᠷ ᠬᠠᠮᠵᠢᠯᠴᠠᠭᠰᠠᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠠᠵᠢᠯ ᠣᠯᠭᠤᠯᠲᠠ ᠶᠢᠨ ᠠᠵᠢᠯ ᠤᠨ ᠲᠣᠭᠲᠠᠯᠴᠠᠭ᠎ᠠ ᠶᠢ ᠪᠠᠶᠢᠭᠤᠯᠬᠤ | ᠬᠡᠷᠡᠭᠲᠡᠢ ᠭᠡᠵᠡᠶ᠃ | ︽ᠡᠷᠬᠡᠪᠰᠢ ᠥᠭᠡᠷᠡᠴᠢᠯᠡᠯᠲᠡ ᠭᠡᠳᠡᠭ ᠡᠨᠡ ᠬᠦ ᠬᠤᠪᠣᠷ ᠡᠷᠳᠡᠨᠢ ᠶᠢ ᠰᠠᠶᠢᠲᠤᠷ ᠠᠰᠢᠭᠯᠠᠵᠤ᠂ ᠭᠠᠳᠠᠭᠠᠳᠤ ᠣᠷᠴᠢᠨ ᠨᠥᠭᠦᠴᠡᠯ ᠤᠨ ᠬᠤᠪᠢᠷᠠᠯᠲᠠ᠂ ᠬᠥᠮᠦᠨ | ᠠᠮᠠ ᠶᠢᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠠᠴᠠ ᠠᠵᠢᠯ ᠣᠯᠭᠤᠯᠲᠠ ᠶᠢᠨ ᠬᠦᠷᠢᠶᠡᠨ ᠳᠤ ᠠᠪᠴᠢᠷᠠᠭᠰᠠᠨ ᠡᠯ᠎ᠡ ᠵᠦᠢᠯ ᠤᠨ ᠲᠦᠭᠰᠢᠭᠦᠷᠢ ᠪᠠ | ᠥᠷᠢᠰᠥᠯᠳᠦᠭᠡᠨ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠵᠢᠯ ᠣᠯᠭᠤᠯᠲᠠ ᠶᠢᠨ ᠬᠥᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠬᠢ ᠰᠢᠨ᠎ᠡ ᠳᠠᠪᠠᠭᠤᠯᠢᠭ ᠢ | ᠲᠠᠰᠤᠷᠠᠯᠲᠠ ᠦᠭᠡᠢ ᠪᠤᠢ ᠪᠣᠯᠭᠠᠨ᠎ᠠ᠃ ᠠᠵᠢᠯ ᠣᠯᠭᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠠᠵᠢᠯᠯᠠᠭᠠᠨ ᠤ ᠲᠥᠯᠥᠪᠵᠢᠭᠦᠯᠭᠡ ᠶᠢ ᠰᠢᠰᠲ᠋ᠧᠮ ᠲᠠᠢ ᠲᠥᠯᠥᠪᠯᠡᠵᠦ᠂ ᠠᠵᠢᠯ ᠣᠯᠭᠤᠯᠲᠠ ᠶᠢᠨ ᠬᠥᠭᠵᠢᠯᠲᠡ ᠳᠠᠬᠢ ᠭᠤᠣᠯᠳᠠᠯᠭ᠎ᠠ ᠪᠣᠯᠬᠤ᠂ ᠬᠦᠴᠢᠷ ᠪᠠ ᠪᠡᠷᠬᠡ | ᠠᠰᠠᠭᠤᠳᠠᠯ ᠤᠳ ᠢ ᠦᠨᠡᠨ ᠬᠦ ᠰᠢᠢᠳᠪᠦᠷᠢᠯᠡᠬᠦ ᠬᠡᠷᠡᠭᠲᠡᠢ︾ ᠬᠡᠮᠡᠨ ᠮᠥᠸᠧ ᠷᠦᠩ ᠬᠡᠯᠡᠪᠡ᠃ | | | | | | |