ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ︽ᠠᠷᠠᠳ ᠠᠴᠠ ᠡᠵᠡᠩᠨᠡᠭᠰᠡᠨ ᠠᠵᠤ ᠠᠬᠤᠢ ᠶᠢ ᠬᠥᠭᠵᠢᠭᠦᠯᠵᠦ ᠪᠤᠵᠠᠭᠠᠶᠢᠷᠠᠭᠤᠯᠬᠤ ᠶᠢ | ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠣᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ | ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠤᠳᠠᠭᠠᠨ ᠤ ᠲᠠᠪᠤᠳᠤᠭᠠᠷ ᠪᠥᠬᠦᠳᠡ | ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠤᠰᠠᠳᠡ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ﹀ ᠶᠢᠨ | ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠵᠤ | ᠲᠣᠭᠲᠠᠭᠤᠨ ᠤ ᠳᠤᠮᠳᠠ ᠰᠢᠯᠢᠳᠡᠭ ᠪᠣᠯᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ | ᠲᠠᠩᠰᠠ︾ ᠶᠢᠨ ᠵᠣᠷᠢᠭ ᠰᠠᠨᠠᠭ᠎ᠠ ᠶᠢ ᠦᠨᠳᠦᠰᠦᠯᠡᠵᠦ᠂ ︽ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ ᠰᠢᠨ᠎ᠡ ᠶᠢ ᠡᠭᠦᠳᠦᠨ | ᠬᠥᠭᠵᠢᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠨᠠᠮ ᠤᠨ ᠬᠤᠷᠢᠶ᠎ᠠ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠲᠤᠭ ᠨᠠᠮ ᠲᠠᠷᠬᠠᠭᠠᠭᠰᠠᠨ ﹇2023﹈ 8 ᠳ᠋ᠤᠭᠠᠷ ᠲᠣᠭᠠᠲᠤ︶ ᠲᠠᠢ ᠤᠶᠠᠯᠳᠤᠭᠤᠯᠤᠨ᠂ | ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠤᠯᠠᠮ ᠬᠥᠭᠵᠢᠭᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ | ᠵᠣᠷᠢᠭᠵᠢᠭᠤᠯᠤᠨ ᠳᠡᠮᠵᠢᠵᠦ᠂ ᠲᠣᠭᠲᠠᠭᠤᠨ ᠤ ᠳᠤᠮᠳᠠ ᠤᠷᠤᠭᠰᠢᠯᠠᠭᠤᠯᠤᠭᠰᠠᠨ ᠰᠠᠭᠤᠷᠢᠨ ᠳᠡᠭᠡᠷ᠎ᠡ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠵᠦ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠬᠡᠮᠵᠢᠶ᠎ᠡ ᠶᠢ ᠪᠠᠭᠤᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠪᠠᠷ ᠰᠤᠳᠤᠯᠤᠨ ᠶᠠᠷᠢᠯᠴᠠᠭᠠᠳ ᠲᠣᠰ | ᠠᠷᠭ᠎ᠠ ᠶᠢ ᠲᠣᠭᠲᠠᠭᠠᠪᠠ᠃ | ᠨᠢᠭᠡ᠂ ᠳᠡᠮᠵᠢᠬᠦ ᠲᠥᠷᠥᠯ ᠵᠦᠢᠯ ᠤᠨ ᠲᠥᠷᠥᠯ ᠬᠡᠯᠪᠡᠷᠢ | ︵ᠨᠢᠭᠡ︶ ᠠᠵᠤ ᠦᠢᠯᠡᠰ ᠤᠨ ᠲᠥᠷᠥᠯ ᠵᠦᠢᠯ ᠢ ᠥᠷᠭᠡᠳᠬᠡᠬᠦ ᠵᠢᠴᠢ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ | ᠴᠢᠩᠭᠠᠳᠬᠠᠬᠤ ᠲᠥᠷᠥᠯ ᠵᠦᠢᠯ | ⒈ ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠳᠤ ᠨᠡᠶᠢᠴᠡᠬᠦ ᠦᠢᠯᠡᠳᠬᠦ | ᠦᠢᠯᠡᠰ ᠤᠨ ᠲᠥᠷᠥᠯ ᠢ ᠥᠷᠭᠡᠳᠬᠡᠬᠦ ᠲᠥᠷᠥᠯ ᠵᠦᠢᠯ ︵ᠠᠵᠤ ᠦᠢᠯᠡᠰ ᠤᠨ ᠵᠢᠯᠣᠭᠤᠳᠤᠯᠭ᠎ᠠ ᠶᠢᠨ ᠭᠠᠷᠴᠠᠭ ᠢᠶᠠᠷ ᠯᠠᠪᠯᠠᠯᠲᠠ ᠪᠣᠯᠭᠠᠨ᠎ᠠ︶ ᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ 1% ᠪᠠᠷ ᠱᠠᠩᠨᠠᠨ ᠬᠥᠬᠢᠭᠦᠯᠵᠦ᠂ ᠨᠢᠭᠡᠳᠦᠯᠲᠡᠢ ᠪᠡᠯᠡ ᠣᠷᠣᠭᠤᠯᠤᠯᠲᠠ ᠶᠢᠨ ᠲᠤᠭ᠎ᠠ ᠵᠢᠴᠢ ᠪᠣᠳᠠᠲᠠᠢ ᠠᠬᠢᠴᠠ ᠪᠠᠷ | ᠪᠦᠯᠦᠭ ᠬᠤᠪᠢᠶᠠᠨ ᠣᠯᠭᠤᠨ᠎ᠠ᠂ ᠲᠠᠩ ᠭᠠᠭᠴᠠ ᠲᠥᠷᠥᠯ ᠵᠦᠢᠯ ᠢ 5000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ | ⒉ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠶᠢᠭᠤᠯᠵᠤ ᠪᠠᠶᠢᠭ᠎ᠠ ᠪᠠ ᠰᠢᠨ᠎ᠡ ᠪᠠᠷ | ᠪᠠᠶᠢᠭᠤᠯᠬᠤ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠲᠥᠷᠥᠯ ᠵᠦᠢᠯ ᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ 2% ᠢᠶᠠᠷ ᠱᠠᠩᠨᠠᠨ ᠬᠥᠬᠢᠭᠦᠯᠵᠦ᠂ ᠨᠢᠭᠡᠳᠦᠯᠲᠡᠢ ᠪᠡᠯᠡ ᠣᠷᠣᠭᠤᠯᠤᠯᠲᠠ ᠶᠢᠨ ᠲᠤᠭ᠎ᠠ ᠬᠢᠭᠡᠳ ᠪᠣᠳᠠᠲᠠᠢ ᠠᠬᠢᠴᠠ ᠪᠠᠷ ᠪᠦᠯᠦᠭ ᠬᠤᠪᠢᠶᠠᠨ | ᠣᠯᠭᠤᠨ᠎ᠠ᠂ ᠲᠠᠩ ᠭᠠᠭᠴᠠ ᠲᠥᠷᠥᠯ ᠵᠦᠢᠯ ᠢ 5000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ | ᠳᠡᠭᠡᠷᠡᠬᠢ ᠬᠤᠶᠠᠷ ᠵᠦᠢᠯ ᠢ ᠳᠠᠪᠬᠤᠷᠳᠠᠭᠤᠯᠵᠤ ᠪᠣᠯᠬᠤ ᠦᠭᠡᠢ᠃ | ︵ᠬᠤᠶᠠᠷ︶ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠲᠣᠭᠲᠠᠪᠤᠷᠢᠵᠢᠭᠤᠯᠵᠤ ᠪᠠᠭᠠᠰᠬᠠᠬᠤ ᠲᠥᠷᠥᠯ ᠵᠦᠢᠯ | ⒈ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠪᠠᠶᠢᠭᠤᠯᠵᠤ ᠪᠠᠶᠢᠭ᠎ᠠ ᠪᠠ ᠰᠢᠨ᠎ᠡ ᠪᠠᠷ | ᠪᠠᠶᠢᠭᠤᠯᠬᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠤᠨ ᠠᠰᠢᠭᠯᠠᠬᠤ ᠪᠤᠶᠤ ᠰᠥᠭᠡᠷᠭᠦ ᠨᠡᠭᠦᠷᠡᠰᠦᠲᠥ᠋ᠷᠥᠭᠴᠢ ᠶᠢᠨ ᠲᠥᠷᠥᠯ ᠵᠦᠢᠯ ᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ 5% ᠪᠠᠷ ᠱᠠᠩᠨᠠᠨ ᠬᠥᠬᠢᠭᠦᠯᠵᠦ᠂ ᠲᠠᠩ ᠭᠠᠭᠴᠠ ᠲᠥᠷᠥᠯ ᠵᠦᠢᠯ ᠤᠨ ᠱᠠᠩᠨᠠᠯ ᠢ 1000 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠃ | ⒉ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠨᠢᠭᠡ ᠯᠠ ᠤᠳᠠᠭ᠎ᠠ | ᠳᠡᠭᠡᠷ᠎ᠡ 200 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ | ⒊ ᠨᠢᠭᠡᠴᠢ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠤᠷᠠᠭᠤᠯᠤᠭᠰᠠᠨ ᠮᠥᠷᠲᠡᠭᠡᠨ ᠵᠢᠯ ᠤᠨ | ᠭᠠᠳᠠᠭᠰᠢᠯᠠᠭᠤᠯᠤᠯᠲᠠ ᠶᠢ 10 ᠲᠦᠮᠡᠨ ᠲᠣᠨ ᠠᠴᠠ ᠳᠡᠭᠡᠭᠰᠢ ᠪᠠᠭᠠᠰᠬᠠᠭᠰᠠᠨ ᠠᠰᠢᠭᠯᠠᠯᠲᠠ ᠳᠤ ᠣᠷᠣᠭᠤᠯᠤᠭᠰᠠᠨ ᠲᠥᠷᠥᠯ ᠵᠦᠢᠯ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 1 ᠲᠤᠨ ᠪᠠᠭᠠᠰᠬᠠᠬᠤ ᠪᠦᠷᠢ 10 ᠲᠥᠭᠦᠷᠢᠭ ᠢᠶᠠᠷ ᠱᠠᠩᠨᠠᠨ ᠬᠥᠬᠢᠭᠦᠯᠵᠦ᠂ ᠲᠠᠩ ᠭᠠᠭᠴᠠ ᠲᠥᠷᠥᠯ ᠵᠦᠢᠯ ᠤᠨ | ᠱᠠᠩᠨᠠᠯ ᠢ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ | ᠠᠳᠠᠯᠢ ᠨᠢᠭᠡᠨ ᠲᠥᠷᠥᠯ ᠵᠦᠢᠯ ᠤᠨ ᠭᠤᠣᠯ ᠴᠣᠭᠴᠠ ᠳᠤ ᠳᠡᠭᠡᠷᠡᠬᠢ 3 ᠵᠦᠢᠯ ᠢ ᠳᠠᠪᠬᠤᠷᠳᠠᠭᠤᠯᠵᠤ ᠪᠣᠯᠬᠤ ᠦᠭᠡᠢ᠃ | ᠡᠭᠦᠨ ᠠᠴᠠ ᠭᠠᠳᠠᠨ᠎ᠠ᠂ ᠠᠳᠠᠯᠢ ᠨᠢᠭᠡ ᠲᠥᠷᠥᠯ ᠵᠦᠢᠯ ᠨᠢ ᠪᠡᠯᠡ ᠣᠷᠣᠭᠤᠯᠤᠯᠲᠠ ᠶᠢᠨ ᠱᠠᠩᠨᠠᠯ ᠢ ᠵᠥᠪᠬᠡᠨ ᠨᠢᠭᠡ ᠯᠡ ᠤᠳᠠᠭ᠎ᠠ ᠭᠥᠷᠳᠡᠨ᠎ᠡ᠂ ᠠᠳᠠᠯᠢ ᠨᠢᠭᠡ | ᠲᠥᠷᠥᠯ ᠵᠦᠢᠯ ᠳᠤ ᠱᠠᠩᠨᠠᠯ ᠤᠨ ᠪᠡᠯᠡ ᠮᠥᠩᠭᠦ ᠶᠢ ᠤᠯᠠᠨ ᠵᠢᠯ ᠢᠶᠠᠷ ᠭᠤᠶᠤᠴᠢᠯᠠᠨ ᠮᠡᠳᠡᠭᠦᠯᠵᠦ ᠪᠣᠯᠬᠤ ᠦᠭᠡᠢ᠃ | ᠬᠤᠶᠠᠷ᠂ ᠳᠡᠮᠵᠢᠬᠦ ᠲᠥᠷᠥᠯ ᠵᠦᠢᠯ ᠤᠨ ᠨᠥᠬᠦᠴᠡᠯ | ︵ᠨᠢᠭᠡ︶ ᠣᠲᠤᠭ ᠬᠤᠰᠢᠭᠤᠨ ᠳᠤ ᠬᠠᠤᠯᠢ ᠶᠣᠰᠣᠭᠠᠷ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ᠂ | ᠪᠦᠷᠢᠳᠬᠡᠯ ᠤᠨ ᠳᠠᠩᠰᠠᠯᠠᠯᠲᠠ ᠬᠢᠵᠦ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ | ᠨᠡᠶᠢᠭᠡᠮ ᠤᠨ ᠪᠦᠯᠬᠦᠮ᠃ | ︵ᠬᠤᠶᠠᠷ︶ ᠵᠠᠷᠴᠢᠮ ᠳᠡᠭᠡᠷ᠎ᠡ ᠪᠠᠨ ᠪᠠᠶᠢᠭᠤᠯᠬᠤ ᠪᠠᠷ ᠪᠠᠶᠢᠭ᠎ᠠ᠂ ᠪᠠᠶᠢᠭᠤᠯᠵᠤ ᠪᠠᠶᠢᠭ᠎ᠠ ᠲᠥᠷᠥᠯ ᠵᠦᠢᠯ ᠢ ᠳᠠᠮᠵᠢᠨ᠎ᠡ᠂ ᠪᠠᠷᠢᠯᠭ᠎ᠠ ᠳᠠᠭᠤᠰᠴᠤ | ᠪᠠᠶᠢᠭᠤᠯᠤᠭᠰᠠᠨ ᠲᠥᠷᠥᠯ ᠵᠦᠢᠯ ᠢ ᠳᠡᠮᠵᠢᠬᠦ ᠦᠭᠡᠢ᠃ ︵ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠲᠣᠭᠲᠠᠪᠤᠷᠢᠵᠢᠭᠤᠯᠵᠤ ᠪᠠᠭᠠᠰᠬᠠᠬᠤ ᠭᠤᠷᠪᠠᠳᠤᠭᠠᠷ | ᠵᠤᠷᠪᠤᠰ ᠠᠴᠠ ᠭᠠᠳᠠᠨ᠎ᠠ︶ | ︵ᠭᠤᠷᠪᠠ︶ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠵᠢᠭᠰᠠᠭᠠᠭᠳᠠᠭᠰᠠᠨ ᠢ ᠤᠷᠢᠳᠠᠪᠠᠷ ᠳᠡᠮᠵᠢᠨ᠎ᠡ︔ | ᠠᠬᠢᠴᠠ ᠪᠠᠷ ᠨᠡᠯᠢᠶᠡᠳ ᠲᠦᠷᠭᠡᠨ᠂ ᠮᠠᠨ ᠤ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠤ ᠨᠡᠯᠢᠶᠡᠳ ᠶᠡᠭᠡ ᠬᠤᠪᠢ ᠨᠡᠮᠡᠷᠢ | ᠦᠵᠡᠭᠦᠯᠦᠭᠰᠡᠨ ᠲᠥᠷᠥᠯ ᠵᠦᠢᠯ᠃ | ︵ᠳᠥᠷᠪᠡ︶ ᠣᠯᠠᠨ ᠲᠠᠯ᠎ᠠ ᠪᠠᠷ ᠳᠡᠮᠵᠢᠬᠦ ᠨᠥᠬᠦᠴᠡᠯ ᠳᠤ ᠨᠡᠶᠢᠴᠡᠬᠦ ᠠᠳᠠᠯᠢ ᠨᠢᠭᠡᠨ ᠨᠢᠭᠡᠴᠢ ᠶᠢᠨ ᠠᠳᠠᠯᠢ ᠨᠢᠭᠡᠨ ᠲᠥᠷᠥᠯ ᠵᠦᠢᠯ ᠳᠤ ᠪᠡᠯᠡ ᠮᠥᠩᠭᠦ ᠶᠢᠨ | ᠱᠠᠩᠨᠠᠯ ᠬᠥᠬᠢᠭᠦᠯᠦᠯ ᠢ ᠳᠠᠪᠬᠤᠷᠳᠠᠭᠤᠯᠤᠨ ᠣᠯᠭᠤᠵᠤ ᠪᠣᠯᠬᠤ ᠦᠭᠡᠢ᠂ ᠵᠥᠪᠬᠡᠨ ᠨᠢᠭᠡ ᠯᠡ ᠵᠦᠢᠯ ᠤᠨ ᠱᠠᠩᠨᠠᠯ ᠬᠥᠬᠢᠭᠦᠯᠦᠯ ᠢ ᠭᠤᠶᠣᠴᠢᠯᠠᠨ ᠮᠡᠳᠡᠭᠦᠯᠦᠨ᠎ᠡ᠃ | ︵ᠲᠠᠪᠤ︶ ᠲᠥᠷᠥᠯ ᠵᠦᠢᠯ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ︵ᠨᠢᠭᠡᠴᠢ︶ ᠨᠢ ᠣᠶᠢᠷ᠎ᠠ ᠶᠢᠨ ᠭᠤᠷᠪᠠᠨ ᠵᠢᠯ ᠳᠤ ᠨᠡᠯᠢᠶᠡᠳ ᠶᠡᠭᠡ ᠠᠮᠤᠷ | ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠶᠠᠰᠤ ᠴᠢᠨᠠᠷ ᠤᠨ ᠠᠳᠡᠯ ᠭᠠᠷᠭᠠᠭᠰᠠᠨ ᠦᠭᠡᠢ ᠪᠠᠶᠢᠬᠤ ᠬᠡᠷᠡᠭᠲᠡᠢ᠃ | ︵ᠵᠢᠷᠭᠤᠭ᠎ᠠ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠲᠥᠷᠥᠯ ᠵᠦᠢᠯ ᠤᠨ ᠳᠡᠮᠵᠢᠯᠭᠡ ᠣᠯᠭᠤᠬᠤ ᠦᠭᠡᠢ᠄ | ⒈ ᠳᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠪᠠᠷ ᠳᠠᠩ ᠭᠠᠭᠴᠠ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢᠨ ᠲᠥᠷᠥᠯ ᠵᠦᠢᠯ ᠠᠴᠠ ᠭᠠᠷᠭᠠᠭᠰᠠᠨ | ᠳᠦᠷᠦᠯ ᠵᠦᠢᠯ︔ | ⒉ᠠᠵᠤ ᠠᠬᠤᠶᠢᠯᠠᠯ ᠤᠨ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ ᠨᠢ ᠤᠯᠤᠰ ᠤᠨ ᠡᠨᠧᠷᠭᠢ ᠶᠢᠨ ᠬᠤᠷᠣᠭᠳᠠᠯ ᠤᠨ ᠬᠢᠵᠠᠭᠠᠷᠯᠠᠭᠰᠠᠨ | ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ ᠦᠭᠡᠢ᠂ ᠨᠢᠭᠡᠴᠢ ᠦᠢᠯᠡᠳᠬᠦᠨ ᠤ ᠤᠰᠤᠨ ᠤ ᠬᠤᠷᠣᠭᠳᠠᠯ ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠱᠠᠭᠠᠷᠳᠠᠯᠭ᠎ᠠ ᠳᠤ ᠬᠦᠷᠦᠭᠰᠡᠨ ᠦᠭᠡᠢ︔ | ⒊ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠪᠡᠯᠡ ᠮᠥᠩᠭᠦ ᠶᠢ ᠬᠡᠷᠡᠭᠯᠡᠨ ᠪᠡᠯᠡ ᠣᠷᠣᠭᠤᠯᠤᠨ ᠪᠦᠲᠦᠭᠡᠨ | ᠪᠠᠶᠢᠭᠤᠯᠤᠭᠰᠠᠨ ᠪᠤᠶᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠵᠠᠰᠠᠭ ᠤᠨ ᠣᠷᠳᠣᠨ ᠤ ᠨᠥᠬᠦᠪᠦᠷᠢ ᠶᠢ ᠣᠯᠵᠤ ᠡᠵᠡᠩᠨᠡᠭᠰᠡᠨ | ᠲᠥᠷᠥᠯ ᠵᠦᠢᠯ︔ | ⒋ᠲᠥᠷᠥᠯ ᠵᠦᠢᠯ ᠨᠢ ᠬᠠᠤᠯᠢ ᠶᠣᠰᠣᠨ ᠤ ᠭᠠᠷᠳᠠᠮ ᠣᠯᠣᠭᠰᠠᠨ ᠦᠭᠡᠢ᠂ ᠵᠥᠪᠰᠢᠶᠡᠷᠡᠭᠦᠯᠦᠭᠰᠡᠨ ᠦᠭᠡᠢ ᠪᠠᠷ ᠤᠷᠢᠳᠠᠪᠠᠷ ᠪᠠᠶᠢᠭᠤᠯᠤᠭᠰᠠᠨ᠂ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠲᠠᠢ ᠲᠥᠷᠥᠯ ᠵᠦᠢᠯ︔ | ⒌ᠲᠥᠷᠥᠯ ᠵᠦᠢᠯ ᠤᠨ ᠨᠢᠭᠡᠴᠢ ᠶᠢ ᠢᠲᠡᠭᠡᠯ ᠠᠯᠳᠠᠭᠰᠠᠳ ᠤᠨ ᠨᠡᠷᠡᠰ ᠲᠤ ᠣᠷᠣᠭᠤᠯᠤᠭᠰᠠᠨ ᠪᠤᠶᠤ ᠢᠲᠡᠭᠡᠮᠵᠢ ᠶᠢᠨ ᠮᠡᠳᠡᠭᠡ ᠵᠠᠩᠭᠢ ᠶᠢ ᠣᠷᠳᠣ | ᠬᠤᠭᠤᠴᠠᠭ᠎ᠠ ᠪᠠᠷ ᠵᠠᠰᠠᠨ ᠰᠡᠷᠭᠦᠭᠡᠳᠦᠢ ᠲᠥᠷᠥᠯ ᠵᠦᠢᠯ︔ | ⒍ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠠᠴᠠ ᠬᠢᠨᠠᠨ ᠵᠥᠪᠯᠡᠭᠡᠳ ᠳᠡᠮᠵᠢᠯᠭᠡ ᠦᠵᠡᠭᠦᠯᠬᠦ ᠦᠭᠡᠢ ᠲᠥᠷᠥᠯ ᠵᠦᠢᠯ᠃ | ᠭᠤᠷᠪᠠ᠂ ᠮᠡᠳᠡᠭᠦᠯᠬᠦ ᠶᠠᠪᠤᠴᠠ ᠵᠢᠴᠢ ᠱᠠᠭᠠᠷᠳᠠᠯᠭ᠎ᠠ | ︵ᠨᠢᠭᠡ︶ ᠮᠡᠳᠡᠭᠦᠯᠬᠦ ᠴᠠᠭ᠄ ᠵᠢᠯ ᠪᠦᠷᠢ ᠶᠢᠨ 9 ᠳ᠋ᠦ᠋ᠭᠡᠷ ᠰᠠᠷ᠎ᠠ ᠶᠢᠨ 12 ᠤᠨ ᠡᠳᠦᠷ ᠠᠴᠠ 9 ᠳ᠋ᠦ᠋ᠭᠡᠷ ᠰᠠᠷ᠎ᠠ ᠶᠢᠨ 25 ᠤ ᠡᠳᠦᠷ ᠪᠣᠯᠲᠠᠯ᠎ᠠ᠃ | ︵ᠬᠤᠶᠠᠷ︶ ᠲᠤᠰᠢᠶᠠᠬᠤ ᠮᠠᠲ᠋ᠧᠷᠢᠶᠠᠯ᠄ | ⒈ᠲᠥᠷᠥᠯ ᠵᠦᠢᠯ ᠤᠨ ᠵᠢᠭᠠᠪᠤᠷᠢ ᠠᠪᠤᠭᠰᠠᠨ ᠪᠢᠴᠢᠭ ᠮᠠᠲ᠋ᠧᠷᠢᠶᠠᠯ ᠪᠠ ᠪᠡᠯᠡ ᠮᠥᠩᠭᠦ ᠭᠤᠶᠤᠴᠢᠯᠠᠭᠰᠠᠨ ᠮᠡᠳᠡᠭᠦᠯᠦᠯᠲᠡ | ⒉ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠵᠠᠬᠢᠳᠠᠯ | ⒊ᠢᠵᠢ ᠪᠦᠷᠢᠳᠦᠭᠦᠯᠬᠦ ᠪᠡᠯᠡ ᠮᠥᠩᠭᠦ ᠶᠢᠨ ᠠᠮᠠᠯᠠᠯᠲᠠ ᠶᠢᠨ ᠵᠠᠬᠢᠳᠠᠯ | ⒋ᠲᠥᠷᠥᠯ ᠵᠦᠢᠯ ᠤᠨ ᠪᠠᠶᠢᠳᠠᠯ ᠤᠨ ᠲᠣᠳᠣᠷᠬᠠᠶᠢᠯᠠᠯᠲᠠ | ⒌ᠠᠮᠵᠢᠯᠲᠠ ᠪᠦᠲᠦᠮᠵᠢ ᠶᠢᠨ ᠬᠠᠷᠠᠯᠲᠠ ᠶᠢᠨ ᠭᠤᠶᠤᠴᠢᠯᠠᠯ ᠤᠨ ᠬᠦᠰᠦᠨᠦᠭᠲᠦ | ⒍ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠭᠰᠠᠨ ᠮᠡᠳᠡᠭᠦᠯᠦᠯᠲᠡ ︵ᠢᠲᠡᠭᠡᠮᠵᠢ ᠶᠢᠨ ᠳᠤᠮᠳᠠᠳᠤ ᠤᠯᠤᠰ︶ | ︵ᠭᠤᠷᠪᠠ︶ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ ᠵᠢᠴᠢ ᠪᠡᠯᠡ ᠮᠥᠩᠭᠦ ᠰᠠᠯᠭᠠᠨ ᠥᠭᠬᠦ | ⒈ᠮᠠᠲ᠋ᠧᠷᠢᠶᠠᠯ ᠭᠥᠯᠢᠶᠡᠨ ᠠᠪᠴᠤ ᠰᠢᠢᠳᠪᠦᠷᠢᠯᠡᠬᠦ᠃ ᠭᠤᠶᠤᠴᠢᠯᠠᠨ ᠮᠡᠳᠡᠭᠦᠯᠬᠦ ᠭᠤᠣᠯ ᠴᠣᠭᠴᠠ ᠨᠢ ᠳᠡᠮᠵᠢᠯᠭᠡ ᠣᠯᠬᠤ ᠬᠦᠷᠢᠶ᠎ᠡ ᠬᠡᠪᠴᠢᠶ᠎ᠡ ᠶᠢᠨ | ᠶᠣᠰᠣᠭᠠᠷ ᠣᠲᠤᠭ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠭᠤᠶᠤᠴᠢᠯᠠᠬᠤ ᠮᠠᠲ᠋ᠧᠷᠢᠶᠠᠯ ᠢᠶᠠᠨ ᠲᠣᠭᠲᠠᠭᠰᠠᠨ ᠴᠠᠭ ᠲᠠᠭᠠᠨ | ᠲᠤᠰᠢᠶᠠᠵᠤ᠂ ᠠᠩᠬ᠎ᠠ ᠠᠯᠬᠤᠮ ᠤᠨ ᠬᠠᠷᠭᠤᠭᠤᠯᠤᠯᠲᠠ ᠪᠠᠷ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠮᠠᠲ᠋ᠧᠷᠢᠶᠠᠯ ᠢ ᠨᠢ ᠬᠤᠷᠢᠶᠠᠨ ᠠᠪᠤᠨ᠎ᠠ︔ ᠨᠥᠬᠦᠴᠡᠯ | ᠨᠡᠶᠢᠴᠡᠬᠦ ᠦᠭᠡᠢ ᠪᠠᠶᠢᠪᠠᠯ᠂ ᠮᠠᠲ᠋ᠧᠷᠢᠶᠠᠯ ᠢ ᠨᠥᠬᠦᠪᠦᠷᠢᠯᠡᠨ ᠵᠠᠯᠠᠷᠠᠭᠤᠯᠬᠤ ᠱᠠᠭᠠᠷᠳᠠᠯᠭ᠎ᠠ ᠶᠢ ᠲᠡᠷᠡ ᠳᠠᠷᠤᠢ ᠳᠤᠨᠢ ᠮᠡᠳᠡᠭᠳᠡᠨ᠎ᠡ᠃ | ⒉ᠮᠠᠲ᠋ᠧᠷᠢᠶᠠᠯ ᠢ ᠬᠢᠨᠠᠨ ᠬᠠᠷᠭᠤᠭᠤᠯᠬᠤ | ᠨᠢᠭᠡ ᠳᠤ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠪᠠ ᠠᠩᠬ᠎ᠠ ᠬᠢᠨᠠᠬᠤ᠃ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ | ᠬᠡᠯᠬᠢᠶ᠎ᠡ ᠶᠢ ᠴᠢᠩᠭᠠᠳᠬᠠᠬᠤ ᠲᠠᠯ᠎ᠠ ᠶᠢᠨ ᠲᠥᠷᠥᠯ ᠵᠦᠢᠯ ᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠵᠤ ᠲᠥᠷᠥᠯ ᠵᠦᠢᠯ ᠢ | ᠲᠤᠬᠠᠢ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠲᠥᠷᠥᠯ ᠵᠦᠢᠯ ᠤᠨ ᠨᠢᠭᠡᠴᠢ ᠶᠢᠨ ᠬᠠᠩᠭᠠᠭᠰᠠᠨ ᠮᠠᠲ᠋ᠧᠷᠢᠶᠠᠯ ᠢ ᠠᠩᠬ᠎ᠠ ᠬᠢᠨᠠᠨ᠎ᠠ︔ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠲᠣᠭᠲᠠᠪᠤᠷᠢᠵᠢᠭᠤᠯᠵᠤ ᠪᠠᠭᠠᠰᠬᠠᠬᠤ ᠲᠠᠯ᠎ᠠ ᠶᠢᠨ ᠲᠥᠷᠥᠯ ᠵᠦᠢᠯ ᠢ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠲᠦᠷᠦᠭᠦᠯᠡᠨ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠵᠤ ᠲᠥᠷᠥᠯ ᠵᠦᠢᠯ ᠢ ᠲᠤᠬᠠᠢ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠲᠥᠷᠥᠯ ᠵᠦᠢᠯ ᠤᠨ | ᠨᠢᠭᠡᠴᠢ ᠶᠢᠨ ᠬᠠᠩᠭᠠᠭᠰᠠᠨ ᠮᠠᠲ᠋ᠧᠷᠢᠶᠠᠯ ᠢ ᠠᠩᠬ᠎ᠠ ᠬᠢᠨᠠᠨ᠎ᠠ᠃ | ᠬᠤᠶᠠᠷ ᠲᠤ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ᠃ ᠠᠩᠬᠠᠨ ᠤ ᠬᠢᠨᠠᠯᠲᠠ ᠶᠢ ᠥᠩᠭᠡᠷᠡᠭᠡᠭᠰᠡᠨ ᠲᠥᠷᠥᠯ ᠵᠦᠢᠯ ᠢ ᠬᠤᠰᠢᠭᠤᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠵᠢᠴᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠲᠤᠰᠬᠠᠢ | ᠮᠡᠷᠭᠡᠵᠢᠯᠲᠡᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠢ ᠤᠷᠢᠵᠤ ᠬᠢᠨᠠᠨ ᠲᠣᠭᠲᠠᠭᠠᠯᠲᠠ ᠬᠢᠯᠭᠡᠬᠦ ᠶᠢᠨ ᠬᠠᠮᠲᠤ ᠬᠢᠨᠠᠨ ᠲᠣᠭᠲᠠᠭᠠᠯᠲᠠ ᠶᠢᠨ ᠰᠠᠨᠠᠯ ᠭᠠᠷᠭᠠᠨ᠎ᠠ᠂ | ᠲᠥᠷᠥᠯ ᠵᠦᠢᠯ ᠤᠨ ᠨᠢᠭᠡᠴᠢ ᠬᠢᠨᠠᠨ ᠲᠣᠭᠲᠠᠭᠠᠯᠲᠠ ᠶᠢᠨ ᠰᠠᠨᠠᠯ ᠢ ᠣᠯᠣᠭᠰᠠᠨ ᠤ ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ᠂ ᠲᠤᠰᠬᠠᠢ ᠮᠡᠷᠭᠡᠵᠢᠯᠲᠡᠨ ᠤ ᠰᠠᠨᠠᠯ | ᠶᠣᠰᠣᠭᠠᠷ ᠪᠡᠯᠡ ᠮᠥᠩᠭᠦᠨ ᠤ ᠮᠡᠳᠡᠭᠦᠯᠦᠯᠲᠡ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠵᠠᠰᠠᠨ ᠲᠡᠭᠦᠯᠳᠡᠷᠵᠢᠭᠦᠯᠵᠦ᠂ ᠵᠢᠩᠭᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ | ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠭᠤᠶᠤᠴᠢᠯᠠᠯ ᠭᠠᠷᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠬᠠᠭᠤᠯᠤᠨ ᠬᠦᠷᠭᠡᠨ᠎ᠡ᠃ | ᠭᠤᠷᠪᠠ ᠳᠤ ᠮᠠᠲ᠋ᠧᠷᠢᠶᠠᠯ ᠢ ᠬᠤᠷᠢᠶᠠᠩᠭᠤᠶᠢᠯᠠᠨ ᠡᠮᠬᠢᠳᠬᠡᠬᠦ᠃ ᠲᠥᠷᠥᠯ ᠵᠦᠢᠯ ᠤᠨ ᠨᠢᠭᠡᠴᠢ ᠶᠢᠨ ᠲᠤᠰᠢᠶᠠᠭᠰᠠᠨ ᠮᠠᠲ᠋ᠧᠷᠢᠶᠠᠯ ᠶᠣᠰᠣᠭᠠᠷ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ᠰᠠᠨᠠᠭᠤᠯᠭ᠎ᠠ ᠳᠤᠷᠠᠳᠤᠨ᠎ᠠ᠃ | ⒊ᠪᠡᠯᠡ ᠮᠥᠩᠭᠦ ᠰᠠᠯᠭᠠᠨ ᠥᠭᠬᠦ᠃ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠪᠡᠯᠡ ᠣᠷᠣᠭᠤᠯᠤᠯᠲᠠ ᠶᠢᠨ ᠲᠥᠯᠥᠪᠯᠡᠭᠡ | ᠪᠠᠭᠤᠯᠭᠠᠵᠤ᠂ ᠲᠥᠷᠥᠯ ᠵᠦᠢᠯ ᠤᠨ ᠨᠢᠭᠡᠴᠢ ᠨᠢ ᠪᠡᠯᠡ ᠣᠷᠣᠭᠤᠯᠤᠯᠲᠠ ᠶᠢᠨ ᠲᠥᠯᠥᠪᠯᠡᠭᠡ ᠪᠠᠷ ᠦᠨᠳᠦᠰᠦᠯᠡᠯ ᠪᠣᠯᠭᠠᠨ᠂ ᠬᠤᠰᠢᠭᠤᠨ ᠤ ᠡᠳ᠋ ᠤᠨ ᠵᠠᠰᠠᠭ ᠤᠨ | ᠲᠣᠪᠴᠢᠶ᠎ᠠ ᠠᠴᠠ ᠪᠡᠯᠡ ᠮᠥᠩᠭᠦ ᠰᠠᠯᠭᠠᠨ ᠥᠭᠬᠦ ᠵᠢᠭᠠᠪᠤᠷᠢ ᠠᠪᠤᠨ᠎ᠠ᠃ | ᠳᠥᠷᠪᠡ᠂ ᠲᠥᠷᠥᠯ ᠵᠦᠢᠯ ᠢ ᠬᠠᠮᠢᠶᠠᠷᠴᠤ ᠪᠡᠯᠡ ᠮᠥᠩᠭᠦ ᠶᠢ ᠬᠡᠷᠡᠭᠯᠡᠬᠦ ᠱᠠᠭᠠᠷᠳᠠᠯᠭ᠎ᠠ | ︵ᠨᠢᠭᠡ︶ ᠲᠥᠷᠥᠯ ᠵᠦᠢᠯ ᠢ ᠬᠢᠨᠠᠨ ᠬᠠᠮᠢᠶᠠᠷᠴᠤ ᠲᠣᠬᠢᠷᠠᠭᠤᠯᠬᠤ | ⒈ᠲᠥᠷᠥᠯ ᠵᠦᠢᠯ ᠤᠨ ᠪᠡᠯᠡ ᠮᠥᠩᠭᠦ ᠪᠠᠭᠤᠯᠭᠠᠬᠤ ᠪᠢᠴᠢᠭ ᠮᠠᠲ᠋ᠧᠷᠢᠶᠠᠯ ᠳᠤ ᠲᠥᠷᠥᠯ ᠵᠦᠢᠯ ︵ᠬᠠᠤᠯᠢ ᠶᠢᠨ ᠡᠷᠬᠡᠲᠡᠨ︶ ᠤᠨ ᠨᠢᠭᠡᠴᠢ᠂ ᠲᠥᠷᠥᠯ | ᠵᠦᠢᠯ ᠤᠨ ᠬᠠᠷᠢᠭᠤᠴᠠᠯᠭᠠᠲᠠᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠰᠢᠭᠤᠳ ᠬᠠᠷᠢᠭᠤᠴᠠᠯᠭᠠᠲᠤ ᠨᠢᠭᠡᠴᠢ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢᠨ ᠰᠢᠭᠤᠳ ᠬᠠᠷᠢᠭᠤᠴᠠᠯᠭᠠᠲᠤ ᠨᠢᠭᠡᠴᠢ ᠶᠢᠨ ᠬᠢᠨᠠᠨ ᠬᠠᠮᠢᠶᠠᠷᠬᠤ ᠬᠠᠷᠢᠭᠤᠴᠠᠯᠭᠠᠲᠠᠨ ᠪᠠ ᠲᠥᠷᠥᠯ ᠵᠦᠢᠯ ᠢ ᠰᠢᠯᠭᠠᠨ ᠬᠤᠷᠢᠶᠠᠬᠤ ᠨᠢᠭᠡᠴᠢ ᠶᠢ | ᠳᠤᠲᠤᠷᠬᠠᠶᠢᠯᠠᠬᠤ ᠬᠡᠷᠡᠭᠲᠡᠢ᠃ ᠪᠡᠯᠡ ᠮᠥᠩᠭᠦ ᠶᠢ ᠪᠠᠭᠤᠯᠭᠠᠭᠰᠠᠨ ᠤ ᠳᠠᠷᠠᠭ᠎ᠠ ᠡᠷᠬᠡᠪᠰᠢ ᠲᠤᠰᠬᠠᠢ ᠵᠣᠭᠤᠰ ᠢ ᠲᠤᠰᠬᠠᠢ ᠳᠠᠩᠰᠠ ᠪᠠᠷ ᠬᠠᠮᠢᠶᠠᠷᠤᠨ᠂ ᠲᠤᠰᠬᠠᠢ | ᠳᠠᠩᠰᠠ ᠪᠠᠶᠢᠭᠤᠯᠵᠤ᠂ ᠲᠤᠰᠬᠠᠢ ᠵᠦᠢᠯ ᠢᠶᠠᠷ ᠬᠠᠮᠢᠶᠠᠷᠤᠨ᠂ ᠲᠤᠰᠬᠠᠢ ᠳᠠᠩᠰᠠ ᠪᠠᠷ ᠲᠣᠭᠠᠴᠠᠭ᠎ᠠ ᠬᠢᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ | ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠦᠯᠡᠳᠡᠭᠡᠨ ᠠᠪᠬᠤ᠂ ᠰᠢᠯᠵᠢᠭᠦᠯᠬᠦ ᠪᠤᠶᠤ ᠨᠡᠭᠦᠯᠭᠡᠨ ᠬᠡᠷᠡᠭᠯᠡᠵᠦ ᠪᠣᠯᠬᠤ ᠦᠭᠡᠢ᠃ ᠭᠤᠶᠤᠴᠢᠯᠠᠭᠰᠠᠨ ᠪᠡᠯᠡ | ᠮᠥᠩᠭᠦ ᠶᠢ ᠵᠠᠷᠴᠢᠮ ᠳᠡᠭᠡᠷ᠎ᠡ ᠪᠠᠨ ᠲᠤᠬᠠᠢ ᠶᠢᠨ ᠵᠢᠯ ᠳᠤᠨᠢ ᠥᠭᠴᠦ ᠳᠠᠭᠤᠰᠬᠠᠨ᠎ᠠ᠃ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠰᠢᠭᠤᠳ ᠬᠠᠷᠢᠭᠤᠴᠠᠯᠭᠠᠲᠤ ᠨᠢᠭᠡᠴᠢ᠂ ᠲᠥᠷᠥᠯ ᠵᠦᠢᠯ ᠤᠨ ᠬᠠᠷᠢᠶ᠎ᠠ ᠭᠠᠵᠠᠷ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭᠠᠲᠤ ᠨᠢᠭᠡᠴᠢ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠨᠢᠭᠡᠴᠢ ᠵᠢᠴᠢ ᠬᠠᠷᠢᠭᠤᠴᠠᠯᠭᠠᠲᠠᠨ ᠢ ᠲᠣᠭᠲᠠᠭᠠᠴᠢᠬᠠᠪᠠᠯ | ᠵᠠᠷᠴᠢᠮ ᠳᠡᠭᠡᠷ᠎ᠡ ᠪᠠᠨ ᠲᠣᠬᠢᠷᠠᠭᠤᠯᠤᠯᠲᠠ ᠬᠢᠬᠦ ᠦᠭᠡᠢ᠃ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ᠂ ᠣᠲᠤᠭ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠦ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠶᠢᠨ ᠬᠠᠮᠲᠤ᠂ ᠤᠯᠤᠰ ᠤᠨ ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠪᠠᠷ ᠳᠠᠮᠵᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠰᠢᠨᠡᠳᠬᠡᠨ᠎ᠡ᠃ | ⒉ᠲᠥᠷᠥᠯ ᠵᠦᠢᠯ ᠤᠨ ᠨᠢᠭᠡᠴᠢ ᠪᠡᠯᠡ ᠮᠥᠩᠭᠦᠨ ᠤ ᠲᠤᠬᠠᠢ ᠪᠢᠴᠢᠭ ᠮᠠᠲ᠋ᠧᠷᠢᠶᠠᠯ ᠢ ᠣᠯᠣᠭᠰᠠᠨ ᠤ ᠳᠠᠷᠠᠭ᠎ᠠ 2 ᠠᠵᠢᠯᠯᠠᠬᠤ ᠡᠳᠦᠷ ᠤᠨ ᠳᠣᠲᠣᠷ᠎ᠠ᠂ | ᠤᠯᠤᠰ ᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠳᠤ ᠲᠡᠮᠳᠡᠭᠯᠡᠨ ᠣᠷᠣᠭᠤᠯᠵᠤ᠂ ᠡᠳᠦᠷ ᠲᠤᠲᠤᠮ ᠤᠨ | ᠲᠣᠬᠢᠷᠠᠭᠤᠯᠤᠯᠲᠠ ᠬᠢᠬᠦ ᠵᠢᠴᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠠᠷᠭ᠎ᠠ ᠪᠠᠷ ᠲᠣᠬᠢᠷᠠᠭᠤᠯᠵᠤ ᠬᠢᠨᠠᠨ ᠬᠠᠮᠢᠶᠠᠷᠬᠤ ᠪᠠᠨ ᠴᠢᠩᠭᠠᠳᠬᠠᠨ᠂ ᠠᠰᠠᠭᠤᠳᠠᠯ ᠢ ᠡᠷᠲᠡ | ᠢᠯᠡᠷᠡᠭᠦᠯᠵᠦ᠂ ᠡᠷᠲᠡ ᠰᠢᠢᠳᠪᠦᠷᠢᠯᠡᠨ᠂ ᠠᠵᠢᠯ ᠡᠬᠢᠯᠡᠭᠦᠯᠬᠦ ᠶᠢ ᠤᠳᠠᠭᠠᠰᠢᠷᠠᠭᠤᠯᠬᠤ᠂ ᠪᠡᠯᠡ ᠮᠥᠩᠭᠦ ᠳᠠᠷᠤᠬᠤ ᠵᠡᠷᠭᠡ ᠠᠰᠠᠭᠤᠳᠠᠯ ᠡᠭᠦᠰᠬᠡᠬᠦ ᠶᠢ ᠡᠷᠡᠰ | ᠬᠤᠷᠢᠭᠯᠠᠵᠤ᠂ ᠬᠢᠨᠠᠨ ᠪᠣᠳᠣᠯᠲᠠ᠂ ᠱᠠᠭᠠᠷᠳᠠᠨ ᠪᠠᠶᠢᠴᠠᠭᠠᠯᠲᠠ ᠪᠠᠷ ᠠᠰᠠᠭᠤᠳᠠᠯ ᠢ ᠢᠯᠡᠷᠡᠭᠦᠯᠵᠦ ᠠᠷᠭ᠎ᠠ ᠪᠠᠷᠢᠯ ᠠᠪᠴᠤ ᠰᠢᠢᠳᠪᠦᠷᠢᠯᠡᠭᠦᠯᠬᠦ ᠠᠴᠠ ᠬᠢᠴᠢᠶᠡᠨ᠎ᠡ᠃ | ⒊ᠡᠳᠦᠷ ᠲᠤᠲᠤᠮ ᠤᠨ ᠲᠣᠬᠢᠷᠠᠭᠤᠯᠤᠯᠲᠠ ᠬᠢᠬᠦ ᠳᠠᠷᠤᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠪᠠᠭᠤᠯᠭᠠᠭᠰᠠᠨ ᠤ ᠳᠠᠷᠠᠭ᠎ᠠ ᠬᠠᠷᠢᠭᠤᠴᠠᠯᠭᠠᠲᠤ | ᠰᠠᠯᠠᠭ᠎ᠠ ᠮᠥᠴᠢᠷ ᠤᠯᠠᠷᠢᠯ ᠪᠦᠷᠢ ᠨᠠᠭᠠᠲᠤ ᠵᠠᠬ᠎ᠠ ᠳᠠᠭᠠᠨ 2 ᠤᠳᠠᠭ᠎ᠠ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠬᠦᠷᠴᠦ ᠲᠥᠷᠥᠯ ᠵᠦᠢᠯ ᠤᠨ ᠪᠣᠳᠠᠲᠠᠢ | ᠡᠬᠢᠯᠡᠵᠦ ᠳᠠᠭᠤᠰᠬᠠᠭᠰᠠᠨ ᠪᠠᠶᠢᠳᠠᠯ᠂ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠪᠠᠶᠢᠳᠠᠯ᠂ ᠪᠡᠯᠡ ᠣᠷᠣᠭᠤᠯᠤᠯᠲᠠ ᠶᠢ | ᠪᠡᠶᠡᠯᠡᠭᠦᠯᠦᠭᠰᠡᠨ᠂ ᠵᠣᠭᠤᠰ ᠥᠭᠭᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠨ᠎ᠠ︔ ᠰᠦᠯᠵᠢᠶᠡᠨ ᠳᠡᠭᠡᠷ᠎ᠡ ᠲᠣᠬᠢᠷᠠᠭᠤᠯᠤᠯᠲᠠ ᠬᠢᠬᠦ ᠳᠤ | ᠤᠯᠤᠰ ᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠢᠨᠠᠨ ᠬᠡᠮᠵᠢᠯᠲᠡ ᠬᠢᠵᠦ᠂ | ᠲᠥᠷᠥᠯ ᠵᠦᠢᠯ ᠤᠨ ᠨᠢᠭᠡᠴᠢ ᠶᠢ ᠱᠠᠭᠠᠷᠳᠠᠵᠤ ᠪᠠᠶᠢᠭᠠᠳ ᠰᠠᠷ᠎ᠠ ᠪᠦᠷᠢ ᠶᠢᠨ 8 ᠤ ᠡᠳᠦᠷ ᠠᠴᠠ ᠡᠮᠦᠨ᠎ᠡ ᠤᠯᠤᠰ ᠤᠨ ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠳᠤ ᠲᠥᠷᠥᠯ ᠵᠦᠢᠯ ᠤᠨ ᠪᠣᠳᠠᠲᠠᠢ ᠡᠬᠢᠯᠡᠵᠦ ᠳᠠᠭᠤᠰᠬᠠᠭᠰᠠᠨ ᠪᠠᠶᠢᠳᠠᠯ᠂ ᠪᠦᠲᠦᠭᠡᠨ ᠪᠠᠶᠢᠭᠤᠯᠤᠯᠲᠠ ᠶᠢᠨ | ᠪᠠᠶᠢᠳᠠᠯ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠪᠠᠶᠢᠳᠠᠯ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ᠂ ᠵᠣᠭᠤᠰ ᠥᠭᠭᠦᠭᠰᠡᠨ ᠪᠠᠶᠢᠳᠠᠯ ᠵᠢᠴᠢ ᠣᠷᠣᠰᠢᠵᠤ | ᠪᠠᠶᠢᠭ᠎ᠠ ᠠᠰᠠᠭᠤᠳᠠᠯ ᠢ ᠰᠢᠨᠡᠳᠬᠡᠨ᠎ᠡ᠃ | ︵ᠬᠤᠶᠠᠷ︶ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠦᠨᠡᠯᠡᠬᠦ᠃ ᠪᠡᠯᠡ ᠮᠥᠩᠭᠦ ᠶᠢᠨ ᠳᠡᠮᠵᠢᠯᠭᠡ ᠶᠢ ᠣᠯᠣᠭᠰᠠᠨ ᠲᠥᠷᠥᠯ ᠵᠦᠢᠯ ᠤᠨ ᠠᠮᠵᠢᠯᠲᠠ | ᠪᠦᠲᠦᠮᠵᠢ ᠶᠢ ᠵᠢᠯ ᠳᠤ 2 ᠤᠳᠠᠭ᠎ᠠ ᠦᠨᠡᠯᠡᠨ᠎ᠡ᠃ ᠨᠢᠭᠡ ᠳᠤ ᠲᠥᠷᠥᠯ ᠵᠦᠢᠯ ᠤᠨ ᠨᠢᠭᠡᠴᠢ ᠨᠢ ᠠᠮᠵᠢᠯᠲᠠ ᠪᠦᠲᠦᠮᠵᠢ ᠶᠢᠨ ᠬᠠᠷᠠᠯᠳᠠᠳᠤ ᠬᠦᠰᠦᠨᠦᠭᠲᠦ ᠲᠠᠢ | ᠬᠠᠷᠢᠴᠠᠭᠤᠯᠤᠨ ᠠᠵᠢᠯ ᠤᠨ ᠪᠦᠲᠦᠮᠵᠢ ᠶᠢ ᠥᠪᠡᠰᠦᠪᠡᠨ ᠦᠨᠡᠯᠡᠨ᠂ ᠵᠢᠯ ᠪᠦᠷᠢ ᠶᠢᠨ 6 ᠳ᠋ᠤᠭᠠᠷ ᠰᠠᠷ᠎ᠠ ᠶᠢᠨ 10 ᠤ ᠡᠳᠦᠷ᠂ 12 ᠳ᠋ᠤᠭᠠᠷ ᠰᠠᠷ᠎ᠠ ᠶᠢᠨ 10 ᠤ | ᠡᠳᠦᠷ ᠠᠴᠠ ᠡᠮᠦᠨ᠎ᠡ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠶᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ᠎ᠡ᠃ | ᠬᠤᠶᠠᠷ ᠲᠤ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ | ᠭᠤᠷᠪᠠᠳᠠᠭᠢ ᠡᠲᠡᠭᠡᠳ ᠲᠤ ᠨᠠᠶᠢᠳᠠᠵᠤ ᠬᠢᠨᠠᠨ ᠦᠨᠡᠯᠡᠭᠦᠯᠦᠨᠡ᠂ ᠵᠢᠯ ᠪᠦᠷᠢ ᠶᠢᠨ 6 ᠳ᠋ᠤᠭᠠᠷ ᠰᠠᠷ᠎ᠠ ᠶᠢᠨ 25 ᠤ ᠡᠳᠦᠷ᠂ 12 ᠳ᠋ᠤᠭᠠᠷ ᠰᠠᠷ᠎ᠠ ᠶᠢᠨ 25 ᠤ | ᠡᠳᠦᠷ ᠠᠴᠠ ᠡᠮᠦᠨ᠎ᠡ ᠠᠮᠵᠢᠯᠲᠠ ᠪᠦᠲᠦᠮᠵᠢ ᠶᠢᠨ ᠦᠨᠡᠯᠡᠯᠲᠡ ᠶᠢ ᠲᠤᠰᠬᠠᠶᠢᠯᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠳ᠋ ᠤᠨ ᠵᠠᠰᠠᠭ ᠤᠨ | ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ | ︵ᠭᠤᠷᠪᠠ︶ ᠲᠥᠷᠥᠯ ᠵᠦᠢᠯ ᠤᠨ ᠪᠡᠯᠡ ᠮᠥᠩᠭᠦ ᠶᠢ ᠲᠣᠬᠢᠷᠠᠭᠤᠯᠬᠤ ᠪᠠ ᠪᠤᠴᠠᠭᠠᠬᠤ᠃ ᠵᠠᠷᠴᠢᠮ ᠳᠡᠭᠡᠷ᠎ᠡ ᠪᠠᠨ ᠪᠡᠯᠡ ᠮᠥᠩᠭᠦ ᠶᠢ ᠪᠠᠭᠤᠯᠭᠠᠭᠰᠠᠨ ᠤ | ᠳᠠᠷᠠᠭ᠎ᠠ ᠲᠣᠬᠢᠷᠠᠭᠤᠯᠤᠯᠲᠠ ᠬᠢᠬᠦ ᠪᠤᠶᠤ ᠪᠤᠴᠠᠭᠠᠨ ᠥᠭᠬᠦ ᠦᠭᠡᠢ᠂ ᠬᠡᠷᠪᠡ ᠳᠣᠣᠷᠠᠬᠢ ᠪᠠᠶᠢᠳᠠᠯ ᠤᠨ ᠨᠢᠭᠡ ᠨᠢ ᠲᠣᠬᠢᠶᠠᠯᠳᠤᠪᠠᠯ ᠵᠢᠩᠬᠢᠨᠢ ᠪᠢᠴᠢᠭ ᠮᠠᠲ᠋ᠧᠷᠢᠶᠠᠯ ᠤᠨ | ᠬᠡᠯᠪᠡᠷᠢ ᠪᠠᠷ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠳᠤ ᠳᠡᠪᠰᠢᠭᠦᠯᠵᠦ ᠬᠢᠨᠠᠨ | ᠲᠣᠭᠲᠠᠭᠠᠯᠭᠠᠨ᠎ᠠ᠂ ᠵᠢᠩᠬᠢᠨᠢ ᠪᠢᠴᠢᠭ ᠮᠠᠲ᠋ᠧᠷᠢᠶᠠᠯ ᠳᠤ ᠲᠣᠬᠢᠷᠠᠭᠤᠯᠤᠯᠲᠠ ᠬᠢᠬᠦ ᠪᠡᠯᠡ ᠮᠥᠩᠭᠦ᠂ ᠳᠡᠮᠵᠢᠬᠦ ᠬᠡᠪᠴᠢᠶᠡᠨ ᠳᠤ ᠪᠠᠶᠢᠭ᠎ᠠ ᠲᠣᠬᠢᠷᠠᠭᠤᠯᠤᠯᠲᠠ ᠬᠢᠬᠦ ᠲᠥᠷᠥᠯ | ᠵᠦᠢᠯ ᠪᠤᠶᠤ ᠪᠤᠴᠠᠭᠠᠨ ᠥᠭᠬᠦ ᠪᠡᠯᠡ ᠮᠥᠩᠭᠦ ᠶᠢ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠲᠣᠳᠣᠷᠬᠠᠶᠢᠯᠠᠨ᠎ᠠ᠃ ᠬᠤᠷᠠᠯ ᠠᠴᠠ ᠬᠢᠨᠠᠨ | ᠲᠣᠭᠲᠠᠭᠠᠵᠤ ᠵᠥᠪᠰᠢᠶᠡᠷᠡᠭᠰᠡᠨ ᠤ ᠳᠠᠷᠠᠭ᠎ᠠ 2 ᠠᠵᠢᠯᠯᠠᠬᠤ ᠡᠳᠦᠷ ᠤᠨ ᠳᠣᠲᠣᠷ᠎ᠠ᠂ ᠲᠥᠷᠥᠯ ᠵᠦᠢᠯ ᠤᠨ ᠨᠢᠭᠡᠴᠢ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠭᠤᠶᠤᠴᠢᠯᠠᠯ ᠢᠶᠠᠨ ᠳᠡᠪᠰᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠭᠤᠯᠤᠨ ᠬᠦᠷᠭᠡᠨ᠎ᠡ᠃ | ᠨᠢᠭᠡ ᠳᠤ ᠲᠥᠷᠥᠯ ᠵᠦᠢᠯ ᠤᠨ ᠨᠢᠭᠡᠴᠢ ᠨᠢ ᠬᠤᠷᠠᠯ ᠤᠨ ᠰᠢᠢᠳᠪᠦᠷᠢᠲᠦ ᠪᠣᠳᠣᠯᠭ᠎ᠠ ᠪᠠᠷ ᠳᠠᠮᠵᠢᠭᠤᠯᠤᠨ ᠲᠤᠬᠠᠢ ᠶᠢᠨ ᠵᠢᠯ ᠳᠤ ᠬᠡᠷᠡᠭᠵᠢᠭᠦᠯᠬᠦ ᠦᠭᠡᠢ | ᠲᠥᠷᠥᠯ ᠵᠦᠢᠯ ᠤᠨ ᠪᠡᠯᠡ ᠮᠥᠩᠭᠦ ᠶᠢ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠰᠠᠨ ᠤ ᠳᠠᠷᠠᠭ᠎ᠠ ᠪᠤᠴᠠᠭᠠᠬᠤ ᠲᠠᠰ ᠳᠠᠷᠠᠭᠠᠯᠠᠯ ᠢᠶᠠᠷ ᠪᠤᠴᠠᠭᠠᠨ᠎ᠠ︔ ᠬᠤᠶᠠᠷ ᠲᠤ | ᠲᠥᠷᠥᠯ ᠵᠦᠢᠯ ᠤᠨ ᠨᠢᠭᠡᠴᠢ ᠨᠢ ᠬᠤᠷᠠᠯ ᠤᠨ ᠰᠢᠢᠳᠪᠦᠷᠢᠲᠦ ᠪᠣᠳᠣᠯᠭ᠎ᠠ ᠪᠠᠷ ᠳᠠᠮᠵᠢᠭᠤᠯᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠪᠠᠷᠢᠮᠵᠢᠶ᠎ᠠ ᠪᠠ | ᠠᠭᠤᠯᠭ᠎ᠠ ᠳᠤ ᠨᠡᠯᠢᠶᠡᠳ ᠶᠡᠭᠡ ᠬᠤᠪᠢᠷᠠᠯᠲᠠ ᠭᠠᠷᠤᠭᠰᠠᠨ ᠠᠴᠠ ᠲᠥᠷᠥᠯ ᠵᠦᠢᠯ ᠤᠨ ᠨᠢᠭᠡᠨᠲᠡ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ | ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠵᠦ ᠳᠡᠶᠢᠯᠬᠦ ᠦᠭᠡᠢ ᠪᠠᠶᠢᠪᠠᠯ᠂ ᠲᠣᠰ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢ ᠬᠤᠷᠠᠯ ᠢᠶᠠᠷ ᠬᠢᠨᠠᠨ | ᠵᠥᠪᠯᠡᠭᠦᠯᠵᠦ ᠪᠠᠲᠤᠯᠠᠭᠰᠠᠨ ᠤ ᠳᠠᠷᠠᠭ᠎ᠠ ᠲᠣᠬᠢᠷᠠᠭᠤᠯᠤᠯᠲᠠ ᠬᠢᠬᠦ ᠪᠤᠶᠤ ᠪᠤᠴᠠᠭᠠᠬᠤ ᠲᠠᠰ ᠳᠠᠷᠠᠭᠠᠯᠠᠯ ᠢᠶᠠᠷ ᠪᠤᠴᠠᠭᠠᠨ᠎ᠠ᠃ | ᠲᠠᠪᠤ᠂ ᠲᠦᠷᠦᠯ ᠵᠦᠢᠯ ᠢ ᠰᠢᠯᠭᠠᠨ ᠬᠤᠷᠢᠶᠠᠬᠤ | ᠲᠥᠷᠥᠯ ᠵᠦᠢᠯ ᠳᠠᠭᠤᠰᠤᠭᠰᠠᠨ ᠤ ᠳᠠᠷᠠᠭ᠎ᠠ᠂ ︽ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠰᠤᠷᠭᠠᠨ | ᠬᠥᠮᠦᠵᠢᠯ ᠤᠨ ᠲᠢᠩᠬᠢᠮ ᠵᠡᠷᠭᠡ 17 ᠰᠠᠯᠠᠭ᠎ᠠ ᠮᠥᠴᠢᠷ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠤᠨ ᠲᠥᠰᠥᠪ ᠤᠨ ᠳᠣᠲᠣᠷᠠᠬᠢ | ᠲᠤᠰᠬᠠᠢ ᠲᠥᠷᠥᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ | ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠥᠰᠥᠭ ﹇2022﹈ 715 ᠳ᠋ᠤᠭᠠᠷ ᠲᠣᠭᠠᠲᠤ︶ ᠢᠶᠠᠷ ᠯᠠᠪᠯᠠᠯᠲᠠ ᠪᠣᠯᠭᠠᠵᠤ᠂ ᠠᠵᠢᠯ | ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠯᠭᠠᠨ ᠬᠤᠷᠢᠶᠠᠬᠤ ᠶᠢ ᠵᠣᠬᠢᠶᠠᠨ | ᠪᠠᠶᠢᠭᠤᠯᠵᠤ᠂ ᠰᠢᠯᠭᠠᠨ ᠬᠤᠷᠢᠶᠠᠭᠰᠠᠨ ᠮᠡᠳᠡᠭᠦᠯᠦᠯᠲᠡ ᠭᠠᠷᠭᠠᠭᠰᠠᠨ ᠤ ᠳᠠᠷᠠᠭ᠎ᠠ ᠲᠣᠰ ᠲᠣᠰ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ | ᠵᠢᠷᠭᠤᠭ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ | ︵ᠨᠢᠭᠡ︶ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠨ ᠤ ᠪᠡᠯᠡ | ᠮᠥᠩᠭᠦ ᠬᠡᠷᠡᠭᠯᠡᠬᠦ ᠲᠥᠯᠥᠪᠯᠡᠭᠡ ᠶᠢ ᠲᠣᠭᠲᠠᠭᠠᠵᠤ᠂ ᠣᠨ ᠤ ᠴᠤᠭᠯᠠᠭᠤᠯᠤᠭᠰᠠᠨ ᠲᠥᠷᠥᠯ ᠵᠦᠢᠯ ᠢ ᠦᠨᠳᠦᠰᠦᠯᠡᠨ ᠭᠤᠷᠪᠠᠳᠤᠭᠠᠷ ᠡᠲᠡᠭᠡᠳ ᠤᠨ ᠲᠤᠰᠬᠠᠢ | ᠪᠠᠶᠢᠭᠤᠯᠤᠮᠵᠢ ᠳᠤ ᠨᠠᠶᠢᠳᠠᠵᠤ ᠬᠢᠨᠠᠨ ᠰᠢᠯᠭᠠᠷᠠᠭᠤᠯᠤᠯᠲᠠ ᠬᠢᠯᠭᠡᠬᠦ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠪᠠᠶᠢᠴᠠᠭᠠᠵᠤ᠂ ᠬᠠᠮᠤᠭ | ᠡᠴᠦᠰ ᠲᠤ ᠣᠨ ᠤ ᠪᠡᠯᠡ ᠮᠥᠩᠭᠦ ᠶᠢᠨ ᠲᠥᠰᠥᠯ ᠭᠠᠷᠭᠠᠨ᠎ᠠ᠃ | ︵ᠬᠤᠶᠠᠷ︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠨᠧᠷᠬᠢ ᠠᠷᠪᠢᠯᠠᠬᠤ ᠪᠡᠯᠡ ᠮᠥᠩᠭᠦ ᠶᠢᠨ ᠣᠨ ᠤ ᠲᠥᠰᠥᠪ ᠢ ᠲᠣᠬᠢᠷᠠᠭᠤᠯᠬᠤ᠂ ᠪᠡᠯᠡ | ᠮᠥᠩᠭᠦ ᠰᠠᠯᠭᠠᠨ ᠥᠭᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ︵ᠭᠤᠷᠪᠠ︶ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠠᠵᠢᠯ ᠲᠥᠷᠥᠯ ᠤᠨ ᠬᠦᠷᠢᠶᠡᠨ ᠳᠠᠬᠢ ᠡᠨᠧᠷᠭᠢ | ᠠᠷᠪᠢᠯᠠᠬᠤ ᠲᠥᠷᠥᠯ ᠵᠦᠢᠯ ᠢ ᠴᠤᠭᠯᠠᠭᠤᠯᠬᠤ᠂ ᠲᠠᠨᠢᠯᠴᠠᠭᠤᠯᠬᠤ᠂ ᠬᠢᠨᠠᠯᠲᠠ ᠲᠠᠯᠪᠢᠬᠤ ᠪᠠ ᠦᠨᠡᠯᠡᠨ ᠵᠢᠱᠢᠵᠦ ᠰᠢᠯᠭᠠᠨ ᠬᠤᠷᠢᠶᠠᠬᠤ ᠳᠤ ᠣᠷᠣᠯᠴᠠᠨ᠎ᠠ᠃ | ᠲᠣᠰ ᠠᠷᠭ᠎ᠠ ᠨᠢ ᠵᠥᠪᠬᠡᠨ ︽ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠠᠷᠭ᠎ᠠ | ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠨᠠᠮ ᠤᠨ ᠬᠤᠷᠢᠶ᠎ᠠ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ᠳᠤ ᠵᠢᠭᠰᠠᠭᠠᠭᠰᠠᠨ 3 ᠳ᠋ᠤᠭᠠᠷ ᠵᠦᠢᠯ᠂ 7 ᠳ᠋ᠤᠭᠠᠷ ᠵᠦᠢᠯ ᠤᠨ ᠲᠥᠷᠥᠯ ᠵᠦᠢᠯ ᠳᠤ ᠲᠣᠬᠢᠷᠠᠨ᠎ᠠ᠂ ᠲᠣᠰ ᠪᠢᠴᠢᠭ | ᠮᠠᠲ᠋ᠧᠷᠢᠶᠠᠯ ᠢ 2023 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2 ᠵᠢᠯ᠂ 2025 | ᠣᠨ ᠤ 8 ᠳ᠋ᠤᠭᠠᠷ ᠰᠠᠷ᠎ᠠ ᠶᠢᠨ 1 ᠤ ᠡᠳᠦᠷ ᠲᠣᠰ ᠠᠷᠭ᠎ᠠ ᠨᠢ ︽ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ ᠰᠢᠨ᠎ᠡ ᠶᠢ ᠡᠭᠦᠳᠦᠨ | ᠬᠥᠭᠵᠢᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠨᠠᠮ ᠤᠨ ᠬᠤᠷᠢᠶ᠎ᠠ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠢ ᠳᠠᠭᠠᠯᠳᠤᠨ ᠠᠶᠠᠨᠳᠠᠭᠠᠨ ᠬᠦᠴᠦᠨ ᠦᠭᠡᠢ ᠪᠣᠯᠣᠨ᠎ᠠ᠃ | | | |