ᠭᠤᠤ ᠬᠤᠸᠠᠢ ᠵᠢᠩ ᠪᠣᠯᠣᠨ ᠵᠢᠩ ᠳ᠋ᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠤᠯᠪᠣᠭᠳᠠᠯ ᠪᠦᠬᠦᠢ ᠤᠳᠤᠷᠢᠳᠤᠯᠭ᠎ᠠ ᠶᠢᠨ ᠰᠠᠭᠤᠳᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/16
      8 ᠳ᠋ᠤᠭᠠᠷ ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠪᠣᠯᠣᠨ ᠵᠢᠩ ᠳ᠋ᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠤᠯᠪᠣᠭᠳᠠᠯ ᠪᠦᠬᠦᠢ ᠤᠳᠤᠷᠢᠳᠤᠯᠭ᠎ᠠ ᠶᠢᠨ ᠰᠠᠭᠤᠳᠠᠯ ᠤᠨ ᠬᠤᠷᠠᠯ ᠢ ᠬᠤᠷᠠᠯᠳᠤᠭᠤᠯᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠬᠤ ᠲᠦᠷᠦᠯ ᠵᠦᠢᠯ ᠤᠨ ᠲᠣᠭᠤᠷᠢᠨ ᠳᠤ ᠭᠦᠨᠵᠡᠭᠡᠢ ᠰᠠᠨᠠᠯ ᠢᠶᠠᠨ ᠰᠣᠯᠢᠯᠴᠠᠪᠠ᠃
1.jpg
           ᠭᠤᠤ ᠬᠤᠸᠠᠢ ᠵᠢᠩ᠂ ᠵᠢᠩ ᠳ᠋ᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠲᠤᠭ ᠬᠤᠰᠢᠭᠤ ᠨᠢ ᠲᠠᠷᠢᠶᠠᠯᠠᠩ ᠮᠠᠯ ᠠᠵᠤ ᠠᠬᠤᠢ ᠶᠢᠨ ᠲᠣᠮᠣ ᠬᠤᠰᠢᠭᠤ ᠪᠣᠯᠤᠭᠰᠠᠨ ᠤ ᠬᠤᠪᠢ ᠳᠤ᠂ ᠠᠵᠤ ᠦᠢᠯᠡᠰ ᠤᠨ ᠰᠠᠭᠤᠷᠢ ᠪᠠᠲᠤ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠵᠦᠢᠯ ᠡᠯᠪᠡᠭ᠂ ᠵᠠᠬ᠎ᠠ ᠳᠡᠯᠭᠡᠭᠦᠷ ᠤᠨ ᠢᠷᠡᠭᠡᠳᠦᠢ ᠰᠠᠷᠠᠭᠤᠯ ᠳᠠᠷᠳᠠᠩ ᠪᠠᠶᠢᠳᠠᠭ᠃ ᠣᠶᠢᠷ᠎ᠠ ᠶᠢᠨ ᠵᠢᠯ ᠤᠳ ᠲᠤ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠯᠲᠠ ᠪᠠᠷ ᠰᠠᠭᠤᠷᠢ ᠪᠣᠯᠭᠠᠵᠤ᠂ ︽ᠮᠸᠡᠭ︾ ᠦᠰᠦᠭᠲᠦ ᠲᠡᠮᠳᠡᠭ ᠤᠨ ᠭᠡᠷᠡᠴᠢᠯᠡᠭᠡ ᠪᠠᠷ ᠬᠥᠲᠥᠯᠥᠮᠵᠢ ᠪᠣᠯᠭᠠᠨ᠂ ᠨᠠᠷᠠᠲᠤ ᠲᠡᠮᠳᠡᠭ ᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ᠡᠷᠴᠢᠮᠵᠢᠭᠰᠡᠨ᠂ ᠬᠡᠪᠴᠢᠶᠡᠵᠢᠭᠰᠡᠨ᠂ ᠨᠠᠷᠠᠲᠤ ᠲᠥᠷᠥᠯ ᠲᠡᠮᠳᠡᠭᠴᠢᠯᠡᠭᠰᠡᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠡᠢ᠃ ᠵᠢᠩ ᠳ᠋ᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠪᠣᠯ ᠵᠢᠩ ᠳ᠋ᠦᠩ ᠪᠦᠯᠦᠭᠯᠡᠯ ᠤᠨ ᠬᠠᠷᠢᠶᠠᠨ ᠳᠠᠬᠢ ᠮᠡᠷᠭᠡᠵᠢᠯ ᠢᠶᠠᠷ ᠠᠵᠤ ᠦᠢᠯᠡᠰ ᠲᠤ ᠦᠢᠯᠡᠴᠢᠯᠡᠬᠦ ᠲᠤᠬᠠᠶᠢᠯᠠᠭᠰᠠᠨ ᠠᠵᠢᠯ ᠤᠨ ᠪᠦᠯᠦᠭᠯᠡᠯ ᠪᠣᠯᠣᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠣᠳᠠᠲᠤ ᠴᠣᠭᠴᠠ ᠶᠢᠨ ᠠᠵᠤ ᠦᠢᠯᠡᠰ ᠢ ᠭᠦᠨᠵᠡᠭᠡᠢ ᠠᠭᠤᠰᠤᠯᠴᠠᠭᠤᠯᠤᠭᠰᠠᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠪᠣᠯᠣᠨ᠎ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠠᠷᠢᠶᠠᠯᠠᠩ ᠮᠠᠯ ᠠᠵᠤ ᠠᠬᠤᠢ ᠶᠢᠨ ᠲᠣᠭᠠᠴᠢᠯᠠᠭᠰᠠᠨ ᠬᠡᠷᠡᠭᠯᠡᠭᠡ ᠪᠣᠯᠣᠨ ᠳᠡᠭᠡᠭᠰᠢᠯᠡᠯᠲᠡ ᠵᠡᠷᠭᠡ ᠲᠠᠯ᠎ᠠ ᠪᠠᠷ ᠪᠠᠶᠠᠯᠢᠭ ᠲᠤᠷᠰᠢᠯᠭ᠎ᠠ ᠲᠠᠢ ᠪᠠᠶᠢᠵᠤ᠂ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠬᠠᠮᠲᠤᠷᠠᠯᠴᠠᠭ᠎ᠠ ᠨᠢ ︽ᠲᠣᠭᠠᠴᠢᠯᠠᠭᠰᠠᠨ ᠬᠤᠯᠪᠣᠯᠳᠤᠯ︾ ᠤᠨ ᠳᠠᠪᠠᠭᠤᠯᠢᠭ ᠢ ᠬᠠᠮᠲᠤᠪᠠᠷ ᠡᠳ᠋ᠯᠡᠬᠦ᠂ ︽ᠠᠵᠤ ᠦᠢᠯᠡᠰ ᠤᠨ ᠬᠤᠯᠪᠣᠯᠳᠤᠯ︾ ᠤᠨ ᠭᠠᠷ ᠬᠤᠯᠪᠣᠨ ᠬᠠᠮᠲᠤᠪᠠᠷ ᠤᠷᠤᠭᠰᠢᠯᠠᠬᠤ ᠶᠢ ᠪᠡᠶᠡᠯᠡᠭᠦᠯᠬᠦ ᠪᠣᠯᠣᠨ᠎ᠠ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠰᠠᠭᠤᠳᠠᠯ ᠤᠨ ᠬᠤᠷᠠᠯ ᠢᠶᠠᠷ ᠲᠣᠬᠢᠶᠠᠯ ᠪᠣᠯᠭᠠᠵᠤ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠰᠢᠰᠲ᠋ᠧᠮ ᠢ ᠪᠠᠶᠢᠭᠤᠯᠬᠤ᠂ ᠨᠡᠷᠡᠲᠦ ᠲᠡᠮᠳᠡᠭ ᠢ ᠳᠡᠯᠭᠡᠷᠡᠭᠦᠯᠦᠨ ᠡᠵᠡᠩᠨᠡᠬᠦ ᠵᠡᠷᠭᠡ ᠲᠠᠯ᠎ᠠ ᠪᠠᠷ ᠬᠢ ᠬᠤᠷᠰᠢᠯᠴᠠᠭ᠎ᠠ ᠪᠠᠨ ᠴᠢᠩᠭᠠᠳᠬᠠᠨ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠤᠷᠳᠤ ᠬᠤᠭᠤᠴᠠᠭᠠᠨ ᠤ ᠲᠥᠯᠦᠪᠵᠢᠭᠦᠯᠭᠡ ᠶᠢ ᠰᠠᠶᠢᠲᠤᠷ ᠬᠢᠵᠦ᠂ ᠬᠠᠮᠲᠤᠪᠠᠷ ᠠᠰᠢᠭ ᠬᠦᠷᠳᠡᠬᠦ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃      ᠵᠢᠩ ᠳ᠋ᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠠᠴᠠ ᠪᠦᠯᠦᠭᠯᠡᠯ ᠤᠨ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠶᠢᠨ ᠪᠠᠶᠢᠳᠠᠯ ᠢ  ᠲᠠᠨᠢᠯᠴᠠᠭᠤᠯᠤᠭᠰᠠᠨ ᠪᠥᠭᠡᠳ ᠤᠲᠤᠭ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠰᠠᠶᠢᠨ ᠪᠠᠶᠢᠨ᠎ᠠ ᠭᠡᠵᠦ ᠢᠯᠡᠳᠬᠡᠪᠡ᠃ ᠠᠵᠤ ᠠᠬᠤᠶᠢᠯᠠᠯ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠰᠢᠨ᠎ᠡ ᠣᠶᠢᠯᠠᠭᠠᠭᠳᠠᠬᠤᠨ᠂ ᠰᠢᠨ᠎ᠡ ᠵᠠᠭᠪᠤᠷ᠂ ᠰᠢᠨ᠎ᠡ ᠮᠡᠷᠭᠡᠵᠢᠯ ᠢ ᠣᠲᠤᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠦᠢᠯᠡᠳᠦᠯᠭᠡ ᠳᠤ ᠠᠭᠤᠰᠤᠯᠴᠠᠭᠤᠯᠵᠤ᠂ ᠣᠲᠤᠭ ᠬᠤᠰᠢᠭᠤᠨ ᠤ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠣᠭᠠᠴᠢᠯᠠᠯᠲᠠ᠂ ᠨᠠᠷᠠᠲᠤ ᠲᠡᠮᠳᠡᠭᠴᠢᠯᠡᠯᠲᠡ᠂ ᠳᠡᠭᠡᠳᠦ ᠲᠡᠰ ᠤᠨ ᠬᠥᠭᠵᠢᠯᠲᠡ ᠶᠢ ᠪᠡᠶᠡᠯᠡᠭᠦᠯᠬᠦ ᠳᠤ ᠬᠦᠴᠦ ᠨᠡᠮᠡᠷᠢᠯᠡᠨ᠎ᠡ ᠭᠡᠪᠡ᠃      ᠬᠤᠰᠢᠭᠤᠨ ᠤ ᠤᠳᠤᠷᠢᠳᠤᠯᠭ᠎ᠠ ᠮᠥᠩᠭᠦᠨᠬᠤᠸᠠᠷ᠂ ᠭᠦᠸᠧ ᠵᠣᠣ ᠬᠤᠶ ᠵᠢᠴᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ