ᠬᠠᠭᠤᠴᠢᠨ ᠭᠠᠷ ᠤᠲᠠᠰᠤ ᠶᠢ ᠰᠢᠨ᠎ᠡ ᠪᠠᠷ ᠰᠣᠯᠢᠬᠤ ᠳᠤ ᠰᠠᠨᠠᠭᠤᠯᠬᠤ ᠨᠢ
ᠨᠡᠶᠢᠲᠡᠯᠡᠭᠰᠡᠨ ᠴᠠᠭ᠄
2024/8/19
      ᠬᠠᠭᠤᠴᠢᠨ ᠭᠠᠷ ᠤᠲᠠᠰᠤ ᠶᠢ ᠰᠢᠨ᠎ᠡ ᠪᠠᠷ ᠰᠣᠯᠢᠬᠤ ᠳᠤ ᠡᠨᠡ ᠬᠤᠶᠠᠷ ᠵᠦᠢᠯ ᠢ ᠠᠩᠬᠠᠷᠤᠮᠤ︕      ᠲᠠ ᠬᠠᠭᠤᠴᠢᠨ ᠭᠠᠷ ᠤᠲᠠᠰᠤ ᠪᠠᠨ ᠰᠢᠨ᠎ᠡ ᠪᠠᠷ ᠰᠣᠯᠢᠬᠤ ᠪᠠᠷ ᠪᠠᠶᠢᠨ᠎ᠠ ᠤᠤ︖ ᠡᠨᠡ ᠵᠢᠯ ᠠᠴᠠ ᠨᠠᠭᠠᠰᠢ᠂ ᠬᠠᠭᠤᠴᠢᠨ ᠬᠡᠷᠡᠭᠯᠡᠭᠡᠨ ᠤ ᠵᠦᠢᠯᠡᠰ ᠢ ᠰᠢᠨ᠎ᠡ ᠪᠠᠷ ᠰᠣᠯᠢᠬᠤ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠨᠢ ᠲᠠᠰᠤᠷᠠᠯᠲᠠ ᠦᠭᠡᠢ ᠥᠷᠭᠡᠵᠢᠨ ᠡᠷᠴᠢᠮ ᠨᠢ ᠲᠠᠰᠤᠷᠠᠯᠲᠠ ᠦᠭᠡᠢ ᠴᠢᠩᠭᠠᠷᠠᠭᠰᠠᠭᠠᠷ ᠢᠷᠡᠵᠡᠢ᠃ ᠬᠡᠷᠪᠡ ᠲᠠ ᠬᠠᠭᠤᠴᠢᠨ ᠭᠠᠷ ᠤᠲᠠᠰᠤ ᠪᠠᠨ ᠰᠢᠨ᠎ᠡ ᠪᠠᠷ ᠰᠣᠯᠢᠬᠤ ᠶᠢ ᠪᠣᠳᠣᠯᠬᠢᠯᠠᠵᠤ ᠪᠠᠶᠢᠪᠠᠯ ᠳᠠᠷᠠᠭᠠᠬᠢ ᠵᠦᠢᠯᠡᠰ ᠢ ᠠᠩᠬᠠᠷᠪᠠᠯ ᠵᠣᠬᠢᠨ᠎ᠠ᠄ ① ᠭᠠᠷ ᠤᠲᠠᠰᠤᠨ ᠤ ᠳ᠋ᠤᠭᠠᠷ ᠢᠶᠠᠨ ᠠᠶᠤᠯ ᠦᠭᠡᠢ ᠪᠠᠷ ᠰᠢᠯᠵᠢᠭᠦᠯᠬᠦ ᠪᠤᠶᠤ ᠬᠦᠴᠦᠨ ᠦᠭᠡᠢ ᠪᠣᠯᠭᠠᠬᠤ ᠶᠢ ᠠᠩᠬᠠᠷᠤᠭᠠᠷᠠᠢ᠃ᠬᠡᠷᠪᠡ ᠭᠠᠷ ᠤᠲᠠᠰᠤᠨ ᠤ ᠰᠢᠨ᠎ᠡ ᠳ᠋ᠤᠭᠠᠷ ᠠᠪᠬᠤ ᠪᠤᠶᠤ ᠣᠫᠧᠷᠠᠲ᠋ᠣᠷ ᠢᠶᠠᠨ ᠰᠣᠯᠢᠬᠤ ᠴᠢᠬᠤᠯᠠ ᠲᠠᠢ ᠪᠣᠯ ᠤᠷᠢᠳ ᠢᠶᠠᠷ ᠥᠪᠡᠷ ᠤᠨ ᠪᠡᠶ᠎ᠡ ᠶᠢᠨ ᠦᠨᠡᠮᠯᠡᠯ ᠲᠠᠢ ᠪᠠᠨ ᠬᠤᠯᠪᠤᠭᠰᠠᠨ ᠭᠠᠷ ᠤᠲᠠᠰᠤᠨ ᠤ ᠳ᠋ᠤᠭᠠᠷ ᠬᠡᠳᠦᠢ ᠪᠠᠶᠢᠬᠤ ᠭᠡᠳᠡᠭ ᠢᠶᠠᠨ ᠪᠠᠶᠢᠴᠠᠭᠠᠨ ᠦᠵᠡᠵᠦ᠂ ᠳᠠᠷᠠᠭᠠᠴᠢ ᠪᠠᠷ ᠣᠫᠧᠷᠠᠲ᠋ᠣᠷ ᠲᠠᠢ ᠬᠠᠷᠢᠯᠴᠠᠵᠤ ᠪᠠᠶᠢᠭᠠᠳ ᠭᠠᠷ ᠤᠲᠠᠰᠤᠨ ᠤ ᠳ᠋ᠤᠭᠠᠷ ᠢᠶᠠᠨ ᠰᠢᠯᠵᠢᠭᠦᠯᠬᠦ ᠪᠤᠶᠤ ᠬᠦᠴᠦᠨ ᠦᠭᠡᠢ ᠳᠤ ᠪᠣᠯᠭᠠᠬᠤ ᠳᠤ ᠳᠦᠭᠦᠮ ᠪᠣᠯᠭᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ ᠪᠢᠴᠢᠯ ᠫᠷᠣᠭ᠍ᠷᠠᠮ ︽ᠭᠠᠷ ᠤᠲᠠᠰᠤᠨ ᠤ ᠺᠠᠷᠲ ᠢ ᠨᠢᠭᠡ ᠯᠠ ᠦᠨᠡᠮᠯᠡᠯ ᠢᠶᠠᠷ ᠨᠡᠶᠢᠳᠡᠮ ᠳᠤ ᠨᠢ ᠪᠠᠶᠢᠴᠠᠭᠠᠬᠤ︾ ᠦᠢᠯᠡᠴᠢᠯᠡᠭᠡ ᠪᠠᠷ ᠲᠡᠷᠡ ᠳᠠᠷᠤᠢ ᠳᠤ ᠨᠢ ᠪᠠᠶᠢᠴᠠᠭᠠᠨ ᠯᠠᠪᠯᠠᠬᠤ ᠳᠤ ᠳᠥᠭᠦᠮ ᠪᠠᠶᠢᠳᠠᠭ᠃ ② ᠮᠡᠷᠭᠡᠵᠢᠯ ᠤᠨ ᠪᠥᠭᠡᠳ ᠡᠷᠬᠡ ᠰᠦᠷᠲᠦ ᠠᠷᠠᠯᠵᠢᠶᠠᠯᠠᠬᠤ ᠲᠠᠪᠴᠠᠩ ᠢ ᠰᠣᠩᠭᠤᠵᠤ᠂ ᠳ᠋ᠠᠶᠢᠲ᠋ᠠ ᠪᠠᠨ ᠵᠠᠳᠠᠷᠠᠭᠤᠯᠬᠤ ᠠᠴᠠ ᠰᠡᠷᠭᠡᠶᠢᠯᠡᠭᠡᠷᠡᠢ᠃      ᠭᠠᠷ ᠤᠲᠠᠰᠤᠨ ᠳᠤ ᠬᠤᠪᠢ ᠬᠥᠮᠥᠨ ᠤ ᠨᠢᠭᠤᠴᠠ ᠮᠡᠳᠡᠭᠡ ᠵᠠᠩᠭᠢ ᠣᠯᠠᠨ ᠬᠠᠳᠠᠭᠠᠯᠠᠭᠳᠠᠵᠤ ᠪᠠᠶᠢᠳᠠᠭ᠂ ᠬᠠᠭᠤᠴᠢᠨ ᠭᠠᠷ ᠤᠲᠠᠰᠤ ᠪᠠᠨ ᠰᠣᠯᠢᠬᠤ ᠳᠤ ᠵᠥᠪᠬᠡᠨ ᠬᠠᠭᠤᠴᠢᠨ ᠭᠠᠷ ᠤᠲᠠᠰᠤᠨ ᠤ ︽ᠡᠯᠡᠭᠳᠡᠯ ᠦᠨ᠎ᠡ︾ ᠶᠢ ᠯᠠ ᠠᠩᠬᠠᠷᠤᠭᠠᠳ ᠪᠠᠶᠢᠵᠤ ᠪᠣᠯᠬᠤ ᠦᠭᠡᠢ᠂ ᠡᠷᠬᠡᠪᠰᠢ ᠮᠡᠷᠭᠡᠵᠢᠯ ᠤᠨ ᠪᠥᠭᠡᠳ ᠡᠷᠬᠡ ᠰᠦᠷᠲᠦ ᠲᠠᠪᠴᠠᠩ ᠢ ᠰᠣᠩᠭᠤᠨ ᠠᠷᠠᠯᠵᠢᠶᠠᠯᠠᠬᠤ ᠬᠡᠷᠡᠭᠲᠡᠢ᠃      ᠡᠭᠦᠨ ᠢ ᠰᠢᠷᠪᠢᠵᠦ ︽ᠭᠠᠷ ᠤᠲᠠᠰᠤᠨ ᠤ ᠺᠠᠷᠲ ᠢ ᠨᠢᠭᠡ ᠯᠠ ᠦᠨᠡᠮᠯᠡᠯ ᠢᠶᠠᠷ ᠨᠡᠶᠢᠳᠡᠮ ᠳᠤ ᠨᠢ ᠪᠠᠶᠢᠴᠠᠭᠠᠬᠤ︾ ᠦᠢᠯᠡᠴᠢᠯᠡᠭᠡ ᠪᠠᠷ ᠦᠢᠯᠡᠴᠢᠯᠡᠭᠦᠯᠦᠭᠡᠷᠡᠢ
6385968502347852856204618.png
  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ