ᠨᠣᠴᠣᠭᠠᠨ᠎ᠠ ︵ᠣᠴᠢ︶
ᠨᠡᠶᠢᠲᠡᠯᠡᠭᠰᠡᠨ ᠴᠠᠭ᠄
2024/8/19
      ᠢᠮᠠᠭᠠᠨ ᠵᠠᠩᠭᠤᠤ ᠶᠢᠨ ᠢᠵᠠᠭᠤᠷ᠂ ᠢᠮᠠᠭᠠᠨ ᠵᠠᠩᠭᠤᠤ ᠶᠢᠨ ᠲᠥᠷᠥᠯ᠃ ᠨᠠᠪᠴᠢ ᠵᠤᠯᠭᠠᠷᠠᠬᠤ ᠵᠢᠵᠢᠭ ᠪᠣᠳᠠ ᠮᠣᠳᠣ᠂ 5 ᠳ᠋ᠤᠭᠠᠷ ᠰᠠᠷ᠎ᠠ ᠶᠢᠨ ᠬᠤᠷᠢᠳ ᠠᠴᠠ 6 ᠳ᠋ᠤᠭᠠᠷ ᠰᠠᠷ᠎ᠠ ᠶᠢᠨ ᠠᠷᠪᠠᠳ ᠤᠨ ᠬᠤᠭᠤᠴᠠᠭᠠᠨ ᠳᠤ ᠴᠡᠴᠡᠭᠯᠡᠵᠦ᠂ 7 ᠳ᠋ᠤᠭᠠᠷ ᠰᠠᠷ᠎ᠠ ᠳᠤ ᠦᠷᠡᠯᠡᠨ᠎ᠡ᠃      ᠣᠨᠴᠠ ᠭᠠᠩᠰᠠᠭ ᠤᠷᠭᠤᠮᠠᠯ ᠪᠣᠯᠣᠨ᠎ᠠ᠃ ᠠᠷᠪᠠᠰ ᠤᠨ ᠠᠭᠤᠯᠠᠨ ᠳᠤ ᠤᠷᠭᠤᠳᠠᠭ᠃      ᠨᠣᠴᠣᠭᠠᠨ᠎ᠠ ᠪᠣᠯ ᠵᠡᠭᠦᠨ ᠠᠯᠠᠱᠠᠨ ᠤ ᠴᠥᠯ ᠳᠤ ᠣᠨᠴᠠ ᠪᠠᠶᠢᠳᠠᠭ ᠳᠠᠩ ᠲᠥᠷᠥᠯ ᠤᠨ ᠤᠷᠭᠤᠮᠠᠯ ᠶᠤᠮ᠂ ᠥᠪᠥᠷ ᠮᠣᠩᠭᠤᠯ ᠳᠤ ᠯᠠ ᠪᠠᠶᠢᠳᠠᠭ ᠨᠢᠭᠡᠨ ᠣᠨᠴᠠ ᠭᠠᠭᠴᠠ ᠲᠦᠷᠰᠦ ᠲᠠᠢ ᠲᠥᠷᠥᠯ ᠪᠣᠯᠣᠨ᠎ᠠ᠂ ᠮᠥᠨ ᠴᠤ ᠮᠣᠩᠭᠤᠯ ᠤᠨ ᠦᠨᠳᠦᠷᠯᠢᠭ᠂ ᠠᠽᠢᠶ᠎ᠠ ᠲᠢᠪ ᠤᠨ ᠳᠤᠮᠳᠠᠳᠤ ᠬᠡᠰᠡᠭ ᠤᠨ ᠣᠨᠴᠠᠯᠢᠭᠲᠤ ᠲᠥᠷᠥᠯ ᠤᠨ ᠨᠢᠭᠡ ᠨᠢ ᠪᠣᠯᠣᠨ᠎ᠠ᠃ ᠡᠷᠲᠡᠨ ᠤ ᠭᠠᠵᠠᠷ ᠤᠨ ᠳᠤᠮᠳᠠᠳᠤ ᠲᠠᠩᠭᠢᠰ ᠤᠨ ᠡᠮᠦᠨ᠎ᠡ ᠡᠷᠭᠢ ᠶᠢᠨ ᠬᠠᠯᠠᠭᠤᠨ ᠪᠦᠰᠡ ᠶᠢᠨ ᠪᠦᠷᠢᠯᠳᠦᠬᠦᠨ ᠤ ᠭᠠᠭᠴᠠᠬᠠᠨ ᠦᠯᠡᠳᠡᠭᠳᠡᠯ ᠲᠦᠷᠰᠦ ᠬᠡᠮᠡᠭᠳᠡᠭᠰᠡᠨ ᠨᠣᠴᠣᠭᠠᠨ᠎ᠠ ᠨᠢ ᠡᠷᠲᠡᠨ ᠤ ᠠᠮᠢᠳᠤ ᠪᠣᠳᠠᠰ᠂ ᠡᠷᠲᠡᠨ ᠤ ᠭᠠᠵᠠᠷ ᠵᠦᠢ ᠬᠢᠭᠡᠳ ᠤᠷᠭᠤᠮᠠᠯ ᠤᠨ ᠲᠥᠷᠥᠯ ᠬᠤᠪᠢᠶᠠᠯᠲᠠ ᠶᠢ ᠰᠤᠳᠤᠯᠬᠤ ᠳᠤ ᠰᠢᠨᠵᠢᠯᠡᠬᠦ ᠤᠬᠠᠭᠠᠨ ᠤ ᠦᠨ᠎ᠡ ᠴᠡᠨ᠎ᠡ ᠲᠠᠢ ᠶᠤᠮ᠃ ᠲᠡᠷᠡ ᠪᠣᠯ ᠤᠷᠭᠤᠮᠠᠯ ᠤᠨ ᠳᠣᠲᠣᠷᠠᠬᠢ ᠬᠤᠪᠣᠷ ᠴᠤᠬᠠᠭ ᠡᠷᠳᠡᠨᠢ ᠮᠥᠨ᠃ ᠠᠮᠢ ᠠᠬᠤᠢ ᠶᠢᠨ ᠣᠷᠴᠢᠨ ᠲᠣᠭᠤᠷᠢᠨ ᠮᠠᠭᠤᠳᠠᠵᠤ᠂ ᠠᠵᠤ ᠦᠢᠯᠡᠳᠪᠦᠷᠢ ᠥᠳᠲᠡᠷ ᠲᠦᠷᠭᠡᠨ ᠬᠥᠭᠵᠢᠭᠰᠡᠨ ᠪᠠ ᠲᠤᠰ ᠭᠠᠵᠠᠷ ᠤᠨ ᠰᠠᠭᠤᠭᠠᠯᠢ ᠠᠷᠠᠳ ᠣᠭᠲᠣᠯᠵᠤ ᠴᠠᠪᠴᠢᠭᠰᠠᠨ ᠠᠴᠠ ᠥᠷᠭᠡᠨ ᠲᠠᠯᠠᠪᠠᠢ ᠶᠢᠨ ᠨᠣᠴᠣᠭᠠᠨ᠎ᠠ ᠶᠢ ᠡᠪᠳᠡᠨ ᠰᠦᠢᠳᠬᠡᠵᠦ᠂ ᠲᠠᠷᠬᠠᠯᠲᠠ ᠶᠢᠨ ᠬᠡᠪᠴᠢᠶ᠎ᠡ ᠨᠢ ᠢᠳᠡᠭ ᠢᠳᠡᠭ ᠢᠶᠠᠷ ᠪᠠᠭᠠᠰᠴᠤ᠂ ᠲᠤᠭ᠎ᠠ ᠬᠡᠮᠵᠢᠶ᠎ᠡ ᠨᠢ ᠡᠳᠦᠷ ᠢᠷᠡᠬᠦᠶ᠎ᠡ ᠴᠥᠭᠡᠷᠡᠨ ᠤᠰᠠᠳᠬᠤ ᠰᠢᠬᠠᠭᠰᠠᠨ ᠪᠠᠶᠢᠳᠠᠯ ᠲᠠᠢ ᠪᠠᠶᠢᠵᠦ᠂ ᠨᠢᠭᠡᠨᠲᠡ ᠤᠯᠤᠰ ᠤᠨ ᠬᠤᠶᠠᠳᠤᠭᠠᠷ ᠲᠡᠰ ᠤᠨ ᠭᠤᠣᠯᠳᠠᠯᠭ᠎ᠠ ᠲᠠᠢ ᠬᠠᠮᠠᠭᠠᠯᠠᠬᠤ ᠤᠷᠭᠤᠮᠠᠯ ᠢᠶᠠᠷ ᠲᠣᠭᠲᠠᠭᠠᠭᠳᠠᠭᠰᠠᠨ ᠪᠠᠶᠢᠨ᠎ᠠ᠃ ᠲᠡᠭᠦᠨ ᠢ ᠪᠣᠷᠳᠤᠭ᠎ᠠ ᠪᠣᠯᠭᠠᠵᠤ ᠪᠣᠯᠣᠨ᠎ᠠ᠂ ᠰᠠᠯᠬᠢ ᠡᠯᠡᠰᠦ ᠶᠢ ᠬᠤᠷᠢᠭᠯᠠᠬᠤ ᠦᠢᠯᠡᠳᠦᠯ ᠲᠠᠢ᠃                    ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ