ᠲᠠᠩᠭᠤᠳ ᠬᠠᠷᠮᠠᠭ ︵ᠴᠠᠭᠠᠨ ᠲᠣᠪᠤᠡᠭ︶
ᠨᠡᠶᠢᠲᠡᠯᠡᠭᠰᠡᠨ ᠴᠠᠭ᠄
2024/8/2
      ᠢᠮᠠᠭᠠᠨ ᠵᠠᠩᠭᠤᠤ ᠶᠢᠨ ᠢᠵᠠᠭᠤᠷ᠂ ᠬᠠᠷᠮᠠᠭ ᠤᠨ ᠲᠥᠷᠥᠯ᠃ ᠪᠣᠳᠠ ᠮᠣᠳᠣ᠂ 5 — 6 ᠳ᠋ᠤᠭᠠᠷ ᠰᠠᠷ᠎ᠠ ᠳᠤ ᠴᠡᠴᠡᠭᠯᠡᠵᠦ᠂ 7 — 8 ᠳ᠋ᠤᠭᠠᠷ ᠰᠠᠷ᠎ᠠ ᠳᠤ ᠵᠢᠮᠢᠰ ᠰᠠᠭᠤᠨ᠎ᠠ᠃      ᠭᠠᠩᠰᠠᠭ ᠤᠷᠭᠤᠮᠠᠯ ᠪᠣᠯᠣᠨ᠎ᠠ᠃ ᠠᠷᠪᠠᠰ ᠤᠨ ᠠᠭᠤᠯᠠ᠂ ᠲᠣᠰᠣᠲᠦ ᠶᠢᠨ ᠭᠤᠣᠯ ᠤᠨ ᠤᠷᠤᠰᠬᠠᠯ ᠳᠠᠭᠠᠤ ᠣᠷᠣᠨ ᠪᠠ ᠡᠯ᠎ᠡ ᠬᠤᠵᠢᠷᠯᠢᠭ ᠱᠠᠩᠳᠠ ᠭᠠᠵᠠᠷ ᠲᠤ ᠤᠷᠭᠤᠳᠠᠭ᠃      ᠡᠯᠡᠰᠦ ᠶᠢ ᠲᠣᠭᠲᠠᠪᠤᠷᠢᠵᠢᠭᠤᠯᠬᠤ ᠴᠢᠳᠠᠯ ᠨᠢ ᠣᠨᠴᠠ ᠰᠠᠶᠢᠨ᠂ ᠡᠯᠡᠰᠦ ᠶᠢ ᠲᠣᠭᠲᠠᠪᠤᠷᠢᠵᠢᠭᠤᠯᠬᠤ ᠴᠢᠬᠤᠯᠠ ᠤᠷᠭᠤᠮᠠᠯ ᠮᠥᠨ᠃ ᠵᠢᠮᠢᠰ ᠨᠢ ᠬᠦᠴᠢᠯᠯᠢᠭ ᠠᠮᠲᠠ ᠲᠠᠢ᠂ ᠢᠳᠡᠵᠦ ᠪᠣᠯᠣᠨ᠎ᠠ᠃ ᠬᠤᠨᠢ ᠢᠮᠠᠭ᠎ᠠ ᠨᠠᠮᠠᠭ᠎ᠠ ᠨᠠᠪᠴᠢ ᠶᠢ ᠨᠢ ᠢᠳᠡᠨ᠎ᠡ᠂ ᠲᠡᠮᠡᠭᠡ ᠬᠠᠲᠠᠭᠰᠠᠨ ᠰᠠᠯᠠᠭ᠎ᠠ ᠨᠠᠮᠠᠭ᠎ᠠ ᠶᠢ ᠨᠢ ᠢᠳᠡᠨ᠎ᠡ᠃ ᠦᠷ᠎ᠡ ᠵᠢᠮᠢᠰ ᠨᠢ ᠡᠮ ᠳᠤ ᠣᠷᠣᠨ᠎ᠠ᠃                          ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ