ᠭᠤᠤ ᠬᠤᠸᠠᠢ ᠵᠢᠩ ︽ᠳᠤᠯᠠᠭᠠᠨ ᠢᠨᠵᠧᠨᠧᠷᠢᠩ︾ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/8/23
      8 ᠳ᠋ᠤᠭᠠᠷ ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠴᠢ ᠫᠠᠨ ᠵᠢᠩ ᠪᠠᠯᠭᠠᠰᠤ᠂ ᠤᠯᠠᠭᠠᠨᠪᠠᠯᠭᠠᠰᠤᠨ ᠤ ᠬᠡᠰᠡᠭ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ᠂ ᠢᠯᠴᠢ ᠰᠣᠯᠢᠯᠴᠠᠬᠤ ᠥᠷᠲᠡᠭᠡ᠂ ᠳᠤᠯᠠᠭᠠᠯᠠᠭ᠎ᠠ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠠᠵᠢᠯ ᠤᠨ ᠲᠤᠬᠠᠢ ᠶᠢᠨ ᠲᠠᠯᠠᠪᠠᠶ ᠳᠤ ᠭᠦᠨᠵᠡᠭᠡᠶᠢᠷᠡᠵᠦ᠂ ︽ᠳᠤᠯᠠᠭᠠᠨ ᠢᠨᠵᠧᠨᠧᠷᠢᠩ︾ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤ ᠤᠳᠤᠷᠢᠳᠤᠯᠭ᠎ᠠ ᠯᠢᠦ ᠷᠦᠢ᠂ ᠨᠠᠰᠤᠨᠳᠡᠯᠭᠡᠷ᠂ ᠭᠤᠸ ᡁᠢ ᠨᠠᠷ ᠣᠷᠣᠯᠴᠠᠪᠠ᠃      ᠭᠤᠣ ᠬᠤᠸᠠᠢ ᠵᠢᠩ ᠴᠢ ᠫᠠᠨ ᠵᠢᠩ ᠪᠠᠯᠭᠠᠰᠤᠨ ᠤ ᠶᠢᠨ ᠱᠢ ᠵᠢᠢ᠂ ᠴᠠᠩ ᠴᠧᠩ ᠵᠢᠶᠠ ᠶᠤᠸᠠᠨ᠂ ᠲᠠᠢ ᠰᠢᠶᠠᠩ ᠭᠦᠸᠧ ᠵᠢᠢ ᠵᠡᠷᠭᠡ ᠰᠠᠭᠤᠭᠠᠯᠢ ᠠᠷᠠᠳ ᠤᠨ ᠲᠣᠭᠤᠷᠢᠭ ᠢᠶᠠᠷ ᠬᠦᠷᠴᠦ᠂ ᠢᠯᠴᠢ ᠰᠣᠯᠢᠯᠴᠠᠬᠤ ᠦᠷᠳᠡᠭᠡ᠂ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠬᠤ ᠠᠵᠢᠯ ᠤᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠲᠣᠶᠢᠮᠣ ᠪᠠᠶᠢᠳᠠᠯ᠂ ᠬᠤᠭᠤᠯᠠᠢ ᠶᠢᠨ ᠮᠠᠲ᠋ᠧᠷᠢᠶᠠᠯ ᠤᠨ ᠶᠠᠰᠤ ᠴᠢᠨᠠᠷ ᠪᠠ ᠠᠵᠢᠯ ᠳᠠᠭᠤᠰᠬᠤ ᠴᠠᠭ ᠢ ᠨᠠᠷᠢᠨ ᠠᠰᠠᠭᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠷᠢᠯᠭ᠎ᠠ ᠶᠢᠨ ᠨᠢᠭᠡᠴᠢ ᠶᠢ ᠬᠢᠨᠠᠨ ᠬᠠᠮᠢᠶᠠᠷᠴᠤ ᠵᠢᠯᠤᠭᠤᠳᠬᠤ ᠪᠠᠨ ᠴᠢᠩᠭᠠᠳᠬᠠᠵᠤ᠂ ᠪᠠᠷᠢᠯᠭ᠎ᠠ ᠶᠢᠨ ᠠᠮᠤᠷ ᠲᠦᠪᠰᠢᠨ ᠪᠠ ᠶᠠᠰᠤ ᠴᠢᠨᠠᠷ ᠢ ᠴᠢᠩᠭ᠎ᠠ ᠪᠠᠲᠤᠯᠠᠭᠰᠠᠨ ᠤᠷᠢᠲᠠᠯ ᠳᠣᠣᠷ᠎ᠠ᠂ ᠬᠦᠴᠦᠨ ᠢᠶᠠᠨ ᠲᠥᠪᠯᠡᠷᠡᠭᠦᠯᠦᠨ᠂ ᠱᠠᠯᠠᠪᠳᠠᠨ ᠠᠵᠢᠯᠯᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠯ᠎ᠡ ᠵᠦᠢᠯ ᠤᠨ ᠪᠠᠷᠢᠯᠭ᠎ᠠ ᠶᠢᠨ ︽ᠰᠡᠬᠦᠯ ᠬᠤᠷᠢᠶᠠᠬᠤ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠭᠤᠤ ᠬᠤᠸᠠᠢ ᠵᠢᠩ ᠬᠡᠯᠡᠬᠦ ᠳᠡᠭᠡᠨ᠂ ᠡᠨᠡ ᠵᠢᠯ ᠤᠨ ᠳᠤᠯᠠᠭᠠᠯᠭ᠎ᠠ ᠬᠠᠩᠭᠠᠬᠤ ᠤᠯᠠᠷᠢᠯ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠨ᠂ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠠᠯᠤᠰ ᠬᠡᠳᠤ ᠶᠢ ᠪᠣᠳᠣᠯᠬᠢᠯᠠᠨ ᠳᠤᠯᠠᠭᠠᠯᠠᠭ᠎ᠠ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠤᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠣᠶᠣᠨᠴᠢ ᠳᠤᠯᠠᠭᠠᠯᠠᠭ᠎ᠠ ᠬᠠᠩᠭᠠᠬᠤ ᠲᠠᠪᠴᠠᠩ ᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠳᠤᠯᠠᠭᠠᠯᠠᠭ᠎ᠠ ᠬᠠᠩᠭᠠᠬᠤ ᠬᠡᠯᠬᠢᠶ᠎ᠡ ᠶᠢᠨ ᠲᠡᠭᠦᠰᠬᠡᠯ ᠤᠨ ᠳᠠᠷᠤᠯᠲᠠ ᠪᠠ ᠳᠤᠯᠠᠭᠠᠨ ᠤ ᠬᠡᠮᠵᠢᠶ᠎ᠡ ᠶᠢ ᠬᠢᠨᠠᠨ ᠬᠡᠮᠵᠢᠬᠦ ᠶᠢ ᠴᠢᠩᠭᠠᠳᠬᠠᠨ᠂ ︽ᠨᠠᠷᠢᠯᠢᠭ ᠣᠨᠣᠪᠴᠢᠲᠠᠢ ᠪᠠᠷ ᠳᠤᠯᠠᠭᠠᠯᠠᠭ᠎ᠠ ᠬᠠᠩᠭᠠᠬᠤ︾᠂ ︽ᠬᠡᠷᠡᠭᠴᠡᠭᠡ ᠪᠠᠷ ᠳᠤᠯᠠᠭᠠᠯᠠᠭ᠎ᠠ ᠬᠠᠩᠭᠠᠬᠤ︾ ᠶᠢ ᠪᠡᠶᠡᠯᠡᠭᠦᠯᠬᠦ ᠬᠡᠷᠡᠭᠲᠡᠢ᠃ ᠰᠤᠮᠤ ᠪᠠᠯᠭᠠᠰᠤ ᠪᠠᠷ ᠨᠢᠭᠡᠴᠢ ᠪᠣᠯᠭᠠᠵᠤ᠂ ᠪᠦᠬᠦ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠢ ᠬᠠᠮᠤᠷᠤᠭᠰᠠᠨ 24 ᠴᠠᠭ ᠤᠨ ᠳᠤᠯᠠᠭᠠᠯᠠᠭ᠎ᠠ ᠶᠢᠨ ᠦᠢᠯᠡᠴᠢᠯᠡᠭᠡᠨ ᠤ ᠤᠲᠠᠰᠤ ᠭᠠᠷᠭᠠᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠡᠷᠦᠬᠡ ᠪᠦᠷᠢ ᠶᠢᠨ ᠳᠤᠯᠠᠭᠠᠯᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠢᠯᠠᠩᠭᠤᠶ᠎ᠠ ᠰᠠᠭᠤᠭᠠᠯᠢ ᠠᠷᠠᠳ ᠤᠨ ᠲᠤᠰᠬᠠᠭᠰᠠᠨ ᠠᠰᠠᠭᠤᠳᠠᠯ ᠨᠡᠯᠢᠶᠡᠳ ᠲᠥᠪᠯᠡᠷᠡᠭᠰᠡᠨ ᠰᠠᠭᠤᠭᠠᠯᠢ ᠲᠣᠭᠤᠷᠢᠭ ᠤᠨ ᠠᠰᠠᠷ ᠤᠨ ᠭᠤᠳᠤᠮᠵᠢ ᠵᠢᠴᠢ ᠣᠷᠣᠢ ᠶᠢᠨ ᠠᠰᠠᠷ᠂ ᠵᠠᠬ᠎ᠠ ᠶᠢᠨ ᠡᠷᠦᠬᠡ᠂ ᠨᠢᠭᠡᠳᠦᠭᠡᠷ ᠳᠠᠪᠬᠤᠷᠭ᠎ᠠ ᠶᠢᠨ ᠡᠷᠦᠬᠡ ᠵᠡᠷᠭᠡ ᠶᠢ ᠨᠢᠭᠲᠠ ᠠᠩᠬᠠᠷᠴᠤ᠂ ᠴᠡᠭ ᠲᠣᠭᠲᠠᠭᠠᠨ ᠠᠰᠠᠭᠤᠳᠠᠯ ᠢ ᠰᠤᠳᠤᠯᠵᠤ ᠰᠢᠢᠳᠪᠦᠷᠢᠯᠡᠨ᠂ ᠠᠷᠠᠳ ᠤᠯᠠᠨ ᠢ ᠰᠡᠳᠬᠢᠯ ᠬᠠᠨᠤᠮᠵᠢᠲᠠᠢ ᠪᠠᠶᠢᠯᠭᠠᠬᠤ ︽ᠬᠠᠨᠤᠮᠵᠢ ᠶᠢᠨ ᠬᠠᠭᠤᠳᠠᠰᠤ︾ ᠶᠢ ᠲᠤᠰᠢᠶᠠᠬᠤ ᠬᠡᠷᠡᠭᠲᠡᠢ ᠭᠡᠪᠡ᠃      ᠭᠤᠤ ᠬᠤᠸᠠᠢ ᠵᠢᠩ ᠤᠷᠢᠳ ᠬᠤᠵᠢᠳ ᠸᠠᠩ ᠹᠦ᠋ ᠬᠤᠸᠠ ᠶᠤᠸᠠᠨ ᠰᠠᠭᠤᠭᠠᠯᠢ ᠲᠣᠭᠤᠷᠢᠭ ᠤᠨ ᠢᠯᠴᠢ ᠰᠣᠯᠢᠯᠴᠠᠬᠤ ᠦᠷᠳᠡᠭᠡ᠂ ᠵᠧᠩ ᠱᠧᠩ ᠳᠤᠯᠠᠭᠠᠯᠠᠭ᠎ᠠ ᠬᠠᠩᠭᠠᠬᠤ ᠺᠣᠮᠫᠠᠨᠢ ᠵᠢᠴᠢ ᠬᠤᠳᠠᠯᠳᠤᠭᠠᠨ ᠤ ᠲᠠᠯᠠᠪᠤᠷ ᠤᠨ ᠡᠮᠦᠨ᠎ᠡ ᠵᠡᠭᠡᠯᠢ᠂ ᠭᠠᠵᠠᠷ ᠰᠢᠨᠵᠢᠯᠡᠭᠡᠨ ᠤ ᠮᠦᠽᠧᠢ᠂ ᠹᠸᠡᠭ ᠬᠤᠸᠠ ᠬᠤᠤ ᠶᠤᠸᠠᠨ ᠰᠠᠭᠤᠭᠠᠯᠢ ᠲᠣᠭᠤᠷᠢᠭ ᠤᠨ ᠪᠠᠷᠠᠭᠤᠨ ᠲᠠᠯ᠎ᠠ ᠶᠢᠨ ᠬᠤᠭᠤᠯᠠᠢ ᠲᠣᠣᠷ ᠢ ᠥᠭᠡᠷᠡᠴᠢᠯᠡᠨ ᠪᠠᠶᠢᠭᠤᠯᠬᠤ ᠠᠵᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠥᠭᠡᠷᠡᠴᠢᠯᠡᠨ ᠪᠠᠶᠢᠭᠤᠯᠬᠤ ᠠᠵᠢᠯ ᠤᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠵᠤ ᠦᠵᠡᠨ᠂ ᠢᠯᠡᠷᠡᠭᠦᠯᠦᠭᠰᠡᠨ ᠳᠤᠲᠠᠭᠤᠳᠠᠯ ᠢ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠢ ᠳᠤ ᠲᠤᠰᠢᠶᠠᠵᠤ ᠰᠢᠢᠳᠪᠦᠷᠢᠯᠡᠭᠦᠯᠪᠡ᠃ ᠭᠤᠸ ᠬᠤᠸᠠᠢ ᠵᠢᠩ ᠬᠡᠯᠡᠬᠦ ᠳᠡᠭᠡᠨ᠂ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠳᠤᠯᠠᠭᠠᠯᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠢᠨᠵᠧᠨᠧᠷᠢᠩ ᠤᠨ ᠠᠬᠢᠴᠠ ᠶᠢ ᠲᠦᠷᠭᠡᠳᠬᠡᠵᠦ᠂ ᠴᠠᠭ ᠲᠤᠬᠠᠢ ᠳᠤᠨᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠥᠭᠡᠷᠡᠴᠢᠯᠡᠵᠦ᠂ ᠡᠪᠦᠯ ᠤᠨ ᠤᠯᠠᠷᠢᠯ ᠤᠨ ᠲᠣᠭᠲᠠᠭᠤᠨ ᠪᠥᠭᠡᠳ ᠥᠨᠳᠥᠷ ᠪᠦᠲᠦᠮᠵᠢᠲᠡᠶ ᠪᠠᠷ ᠳᠤᠯᠠᠭᠠᠯᠠᠭ᠎ᠠ ᠬᠠᠩᠭᠠᠬᠤ ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ᠃ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠺᠠᠳ᠋ᠷ ᠠᠵᠢᠯᠲᠠᠨ ᠢᠳᠡᠪᠬᠢᠲᠡᠢ ᠪᠠᠷ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠰᠠᠭᠤᠭᠠᠯᠢ ᠲᠣᠭᠤᠷᠢᠭ᠂ ᠠᠰᠠᠷ᠂ ᠡᠷᠦᠬᠡ ᠳᠠᠷᠠᠭᠠᠯᠠᠨ ᠳᠤᠯᠠᠭᠠᠯᠠᠭ᠎ᠠ ᠶᠢᠨ ᠢᠷᠡᠯᠲᠡ ᠶᠢᠨ ᠪᠠᠲᠤᠯᠠᠭ᠎ᠠ᠂ ᠬᠤᠭᠤᠯᠠᠢ ᠲᠣᠣᠷ ᠤᠨ ᠡᠷᠭᠢᠯᠲᠡ᠂ ᠠᠰᠠᠷ ᠤᠨ ᠳᠤᠯᠠᠭᠠᠨ ᠤ ᠬᠠᠮᠠᠭᠠᠯᠠᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠪᠥᠬᠦ ᠲᠠᠯ᠎ᠠ ᠪᠠᠷ ᠨᠠᠷᠢᠨ ᠪᠠᠶᠢᠴᠠᠭᠠᠵᠤ᠂ ᠲᠥᠷᠥᠯ ᠬᠤᠪᠢᠶᠠᠨ ᠰᠢᠢᠳᠪᠦᠷᠢᠯᠡᠬᠦ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠢ᠃ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠳ ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠳᠤᠯᠠᠭᠠᠯᠠᠭ᠎ᠠ ᠬᠠᠩᠭᠠᠯᠭ᠎ᠠ ᠶᠢᠨ ᠠᠮᠤᠷ ᠲᠣᠭᠲᠠᠭᠤᠨ ᠢ ᠦᠨᠡᠨᠬᠦ ᠪᠠᠲᠤᠯᠠᠬᠤ ᠶᠢᠨ ᠬᠠᠮᠲᠤ ᠨᠡᠭᠦᠷᠡᠰᠦ ᠰᠢᠲᠠᠭᠠᠬᠤ ᠭᠦᠸᠧᠯᠦ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠠᠬᠢᠴᠠ ᠶᠢ ᠦᠷᠭᠦᠯᠵᠢᠯᠡᠨ ᠲᠦᠷᠭᠡᠳᠬᠡᠵᠦ᠂ ᠳᠤᠯᠠᠭᠠᠯᠠᠭ᠎ᠠ ᠶᠢᠨ ᠠᠵᠢᠯ ᠲᠥᠷᠥᠯ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠣᠶᠤᠨᠴᠢ ᠳᠤᠯᠠᠭᠠᠯᠠᠭ᠎ᠠ ᠬᠠᠩᠭᠠᠬᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ᠂ ᠣᠶᠤᠨᠴᠢ ᠡᠵᠡᠩᠨᠡᠯᠲᠡ᠂ ᠣᠶᠤᠨᠴᠢ ᠲᠣᠬᠢᠷᠠᠭᠤᠯᠤᠯ ᠡᠵᠡᠮᠳᠡᠯ ᠢ ᠪᠡᠶᠡᠯᠡᠭᠦᠯᠦᠨ᠂ ᠳᠤᠯᠠᠭᠠᠯᠠᠭ᠎ᠠ ᠬᠠᠩᠭᠠᠬᠤ ᠶᠠᠰᠤ ᠴᠢᠨᠠᠷ ᠪᠣᠯᠣᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃      ᠳᠠᠷᠠᠭ᠎ᠠ ᠨᠢ᠂ ᠭᠤᠤ ᠬᠤᠸᠠᠢ ᠵᠢᠩ ᠪᠠᠰᠠ ᠤᠯᠠᠭᠠᠨᠪᠠᠯᠭᠠᠰᠤ ᠶᠢᠨ ᠬᠡᠰᠡᠭ ᠵᠠᠮ ᠳᠤ ᠬᠦᠷᠴᠦ᠂ ᠵᠡᠭᠡᠯᠢ ᠳᠠᠭᠠᠤ ᠬᠤᠭᠤᠯᠠᠢ ᠲᠣᠣᠷ ᠤᠨ ᠥᠭᠡᠷᠡᠴᠢᠯᠡᠯᠲᠡ ᠶᠢᠨ ᠠᠬᠢᠴᠠ ᠶᠢ ᠪᠠᠶᠢᠴᠠᠭᠠᠨ᠂ ᠥᠭᠡᠷᠡᠴᠢᠯᠡᠭᠰᠡᠨ ᠤ ᠳᠠᠷᠠᠭᠠᠬᠢ ᠬᠤᠭᠤᠯᠠᠢ ᠲᠣᠣᠷ ᠤᠨ ᠡᠷᠭᠢᠯᠲᠡ ᠶᠢᠨ ᠬᠠᠮᠢᠶᠠᠷᠤᠯᠲᠠ ᠶᠢ ᠨᠠᠷᠢᠨ ᠵᠣᠬᠢᠴᠠᠭᠤᠯᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠦᠨ᠂ ᠪᠦᠲᠦᠮᠵᠢᠲᠡᠢ ᠠᠵᠢᠯᠯᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠣᠲᠤᠭ ᠨᠡᠶᠢᠲᠡᠯᠡᠯ