ᠰᠣᠨᠳᠤᠤᠳᠤ ᠬᠦᠵᠢ ᠡᠪᠡᠰᠦ
ᠨᠡᠶᠢᠲᠡᠯᠡᠭᠰᠡᠨ ᠴᠠᠭ᠄
2024/8/27
      ᠰᠥᠯᠥ ᠴᠡᠴᠡᠭ ᠤᠨ ᠢᠵᠠᠭᠤᠷ᠂ ᠬᠦᠵᠢ ᠡᠪᠡᠰᠦᠨ ᠤ ᠲᠥᠷᠥᠯ᠃ ᠵᠢᠵᠢᠭ ᠬᠠᠭᠠᠰ ᠪᠣᠳᠠ ᠮᠣᠳᠣ᠂ 6 ᠳ᠋ᠤᠭᠠᠷ ᠰᠠᠷ᠎ᠠ ᠳᠤ ᠴᠡᠴᠡᠭᠯᠡᠵᠦ᠂ 7 — 8 ᠳ᠋ᠤᠭᠠᠷ ᠰᠠᠷ᠎ᠠ ᠳᠤ ᠦᠷᠡᠯᠡᠨ᠎ᠡ᠃      ᠣᠨᠴᠠ ᠭᠠᠩᠰᠠᠭ ᠤᠷᠭᠤᠮᠠᠯ ᠪᠣᠯᠣᠨ᠎ᠠ᠃ ᠠᠷᠪᠠᠰ ᠤᠨ ᠠᠭᠤᠯᠠᠨ ᠳᠤ ᠤᠷᠭᠤᠵᠤ ᠪᠠᠶᠢᠨ᠎ᠠ᠃      ᠵᠡᠭᠦᠨ ᠠᠯᠠᠱᠠᠨ ᠤ ᠠᠭᠤᠯᠠᠷᠬᠠᠭ ᠭᠠᠵᠠᠷ ᠲᠤ ᠣᠨᠴᠠ ᠪᠠᠶᠢᠳᠠᠭ ᠲᠦᠷᠰᠦ ᠮᠥᠨ᠂ ᠨᠡᠯᠢᠶᠡᠳ ᠥᠨᠳᠥᠷ ᠰᠢᠨᠵᠢᠯᠡᠬᠦ ᠤᠬᠠᠭᠠᠨ ᠤ ᠦᠨ᠎ᠡ ᠴᠡᠨ᠎ᠡ ᠲᠠᠢ᠂ ᠮᠥᠨ ᠴᠤ ᠬᠡᠭᠡᠷ᠎ᠡ ᠶᠢᠨ ᠴᠡᠴᠡᠭ ᠤᠨ ᠡᠬᠢ ᠪᠠᠶᠠᠯᠢᠭ ᠮᠥᠨ᠃ ᠲᠤᠭ᠎ᠠ ᠨᠢ ᠢᠳᠡᠭ ᠢᠳᠡᠭ ᠢᠶᠠᠷ ᠪᠠᠭᠠᠰᠴᠤ᠂ ᠤᠰᠠᠳᠬᠤ ᠰᠢᠬᠠᠭᠰᠠᠨ ᠪᠠᠶᠢᠳᠠᠯ ᠲᠠᠢ ᠪᠠᠶᠢᠵᠦ᠂ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠥᠷᠥᠯ ᠤᠨ ᠬᠠᠮᠠᠭᠠᠯᠠᠯᠲᠠ ᠶᠢᠨ ᠤᠷᠭᠤᠮᠠᠯ ᠢᠶᠠᠷ ᠲᠣᠭᠲᠠᠭᠠᠭᠳᠠᠵᠠᠢ᠃                    ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ