ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ  ᠭᠤᠸ ᠬᠤᠸᠠᠢ ᠵᠢᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/8/29
      8 ᠳ᠋ᠤᠭᠠᠷ ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠤᠨ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃
W020240829338307856466.jpg
           ᠬᠤᠷᠠᠯ ᠳᠡᠭᠡᠷ᠎ᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠳᠤ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠲᠤᠬᠠᠢ ᠰᠠᠨᠠᠯ︾᠂ ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ ᠤᠨ ᠠᠵᠢᠯ ᠤᠨ ᠬᠤᠷᠠᠯ ᠤᠨ ᠴᠢᠬᠤᠯᠠ ᠵᠣᠬᠢᠶᠠᠯ ᠪᠣᠯᠬᠤ ︽ᠰᠦᠯᠵᠢᠶᠡᠨ ᠤ ᠬᠠᠤᠯᠢ ᠪᠠᠷ ᠵᠠᠰᠠᠬᠤ ᠴᠢᠨᠠᠷ ᠰᠠᠶᠢᠲᠠᠢ ᠬᠥᠭᠵᠢᠯᠲᠡ ᠪᠠᠷ ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ ᠪᠠᠲᠤᠯᠠᠬᠤ︾ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠬᠤᠷᠢᠶ᠎ᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠰᠤᠷᠤᠯᠴᠠᠨ ᠪᠣᠯᠪᠠᠰᠤᠷᠠᠭᠤᠯᠬᠤ ᠪᠠ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠨᠡᠪᠲᠡᠷᠬᠡᠢ ᠭᠦᠨᠵᠡᠭᠡᠢ ᠣᠶᠢᠯᠠᠭᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠠᠬᠢᠭᠤᠯᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠡᠮᠬᠢᠯᠡᠨ᠂ ᠮᠠᠨ ᠤ ᠬᠤᠰᠢᠭᠤᠨ ᠤ ᠪᠣᠳᠠᠲᠠᠢ ᠲᠠᠢ ᠨᠢᠭᠲᠠ ᠤᠶᠠᠯᠳᠤᠭᠤᠯᠵᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠡᠯ᠎ᠡ ᠵᠦᠢᠯ ᠤᠨ ᠡᠭᠦᠷᠭᠡ ᠶᠢᠨ ᠤᠷᠤᠭᠰᠢᠲᠠᠢ ᠡᠮᠬᠢ ᠵᠢᠷᠤᠮ ᠲᠠᠢ ᠠᠬᠢᠬᠤ ᠶᠢ ᠪᠠᠲᠤᠯᠠᠬᠤ ᠬᠡᠷᠡᠭᠲᠡᠢ᠃ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠨᠡᠩ ᠤᠯᠠᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ︽ᠵᠢᠷᠭᠤᠭᠠᠨ ᠢᠨᠵᠧᠨᠧᠷᠢᠩ︾ ᠤᠨ ᠣᠨ ᠤ ᠡᠭᠦᠷᠭᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ᠃ ᠳᠣᠣᠷ᠎ᠠ ᠬᠠᠭᠠᠰ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠵᠢᠯ ᠤᠨ ᠠᠵᠢᠯ ᠤᠨ ᠬᠠᠷᠠᠯᠲᠠ ᠪᠠᠨ ᠪᠡᠶᠡᠯᠡᠭᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ ᠤ ᠪᠥᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠲᠤᠬᠠᠢ ᠣᠲᠤᠭ ᠬᠤᠰᠢᠭᠤᠨ ᠤ ᠨᠠᠮ ᠤᠨ ᠬᠤᠷᠢᠶᠠᠨ ᠤ ᠬᠡᠷᠡᠭᠵᠢᠭᠦᠯᠬᠦ ᠰᠠᠨᠠᠯ︾ ᠤᠨ ᠡᠬᠡ ᠨᠣᠣᠷᠠᠭ ᠢ ᠰᠤᠳᠤᠯᠪᠠ᠃ ᠬᠤᠷᠠᠯ ᠳᠡᠭᠡᠷ᠎ᠡ ᠪᠥᠬᠦᠳᠡ ᠬᠤᠷᠠᠯ ᠢ 8 ᠳ᠋ᠤᠭᠠᠷ ᠰᠠᠷ᠎ᠠ ᠶᠢᠨ 29 ᠤ ᠡᠳᠦᠷ ᠤᠯᠠᠭᠠᠨᠪᠠᠯᠭᠠᠰᠤ ᠳᠤ ᠬᠤᠷᠠᠯᠳᠤᠭᠤᠯᠤᠨ᠎ᠠ᠂ ᠭᠤᠣᠯ ᠡᠭᠦᠷᠭᠡ ᠪᠣᠯ ᠬᠤᠰᠢᠭᠤ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠤᠨ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ ᠭᠡᠵᠦ ᠲᠣᠭᠲᠠᠭᠠᠪᠠ᠃      ᠬᠤᠷᠠᠯ ᠳᠡᠭᠡᠷ᠎ᠡ᠂ 2023 ᠣᠨ ᠤ ᠳᠣᠣᠷ᠎ᠠ ᠬᠠᠭᠠᠰ ᠵᠢᠯ ᠠᠴᠠ ᠨᠠᠭᠠᠰᠢᠬᠢ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠬᠢᠬᠦ᠂ ᠠᠵᠢᠯ ᠲᠥᠷᠥᠯ ᠤᠨ ᠬᠢᠨ ᠥᠪᠡᠷ ᠢ ᠪᠠᠨ ᠱᠠᠭᠠᠷᠳᠠᠬᠤ᠂ ᠨᠡᠶᠢᠭᠡᠮ ᠠᠴᠠ ᠬᠢᠨᠠᠯᠲᠠ ᠲᠠᠯᠪᠢᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ ︽ᠲᠣᠮᠣ ᠰᠦᠯᠵᠢᠶᠡᠨ ᠤ ᠮᠡᠳᠡᠭᠡ ᠵᠠᠩᠭᠢ︾ ᠶᠢᠨ ᠠᠵᠢᠯ ᠤᠨ ᠪᠠᠶᠢᠷᠢᠰᠢᠯ ᠢ ᠬᠦᠴᠦᠯᠡᠨ ᠪᠦᠷᠢᠯᠳᠦᠭᠦᠯᠬᠦ ᠬᠡᠷᠡᠭᠲᠡᠢ᠃ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠤᠯᠢ ᠶᠣᠰᠣᠭᠠᠷ ᠰᠦᠯᠵᠢᠶ᠎ᠡ ᠶᠢ ᠵᠠᠰᠠᠬᠤ ᠶᠢ ᠭᠦᠨᠵᠡᠭᠡᠶᠢᠷᠡᠭᠦᠯᠦᠨ᠂ ︽ᠡᠷᠡᠭᠦᠯ ᠠᠭᠤᠯᠭ᠎ᠠ ᠲᠠᠢ ᠪᠠᠶᠢᠬᠤ︾᠂ ︽ᠰᠦᠯᠵᠢᠶ᠎ᠡ ᠶᠢ ᠴᠡᠪᠡᠷᠯᠡᠬᠦ︾ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠦᠯᠵᠢᠶᠡᠨ ᠤ ᠠᠮᠢ ᠠᠬᠤᠢ ᠣᠷᠴᠢᠨ ᠲᠣᠭᠤᠷᠢᠨ ᠢ ᠬᠦᠴᠦᠯᠡᠨ ᠴᠡᠪᠡᠷᠰᠢᠭᠦᠯᠬᠦ ᠬᠡᠷᠡᠭᠲᠡᠢ᠃ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯ ᠢ ᠲᠦᠭᠡᠮᠡᠯᠵᠢᠭᠦᠯᠬᠦ ᠶᠢ ᠲᠣᠭᠲᠠᠭᠤᠨ ᠢᠶᠠᠷ ᠠᠬᠢᠭᠤᠯᠤᠨ᠂ ᠬᠤᠪᠢ ᠶᠢᠨ ᠵᠠᠭᠤᠴᠢᠯᠠᠭᠤᠷ᠂ ᠰᠦᠯᠵᠢᠶᠡᠨ ᠤ ᠭᠤᠣᠯ ᠨᠡᠪᠲᠡᠷᠡᠭᠦᠯᠦᠭᠴᠢ ᠵᠡᠷᠭᠡ ᠰᠢᠨ᠎ᠡ ᠬᠡᠯᠪᠡᠷᠢ ᠶᠢᠨ ᠰᠦᠯᠵᠢᠶᠡᠨ ᠤ ᠬᠠᠮᠲᠤᠯᠢᠭ ᠤᠨ ᠬᠠᠮᠢᠶᠠᠷᠤᠯᠲᠠ ᠦᠢᠯᠡᠴᠢᠯᠡᠭᠡ ᠶᠢ ᠰᠠᠶᠢᠲᠤᠷ ᠠᠳᠬᠤᠵᠤ᠂ ᠦᠢᠯᠡᠴᠢᠯᠡᠭᠡ ᠶᠢᠨ ᠳᠤᠮᠳᠠ ᠬᠦᠮᠦᠰ ᠢ ᠨᠥᠯᠥᠭᠡᠯᠡᠨ᠂ ᠬᠦᠮᠦᠰ ᠢ ᠬᠥᠲᠥᠯᠥᠨ ᠳᠠᠭᠠᠭᠤᠯᠵᠤ᠂ ᠬᠦᠮᠦᠰ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠡᠩᠨᠡᠭᠡ ᠶᠢ ᠬᠦᠴᠦᠷᠬᠡᠭᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠲᠡᠮᠦᠷ ᠴᠡᠷᠢᠭ ᠢ ᠲᠦᠷᠭᠡᠨ ᠳᠠᠪᠲᠠᠨ ᠪᠣᠯᠪᠠᠰᠤᠷᠠᠭᠤᠯᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠬᠢᠨᠠᠨ ᠪᠠᠶᠢᠴᠠᠭᠠᠭᠰᠠᠨ ᠪᠠᠶᠢᠳᠠᠯ ᠪᠠ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠶᠢᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠭᠳᠠᠨ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠴᠠᠭᠳᠠᠨ ᠪᠠᠶᠢᠴᠠᠭᠠᠬᠤ ᠠᠵᠢᠯ ᠤᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠪᠠᠶᠢᠷᠢᠰᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠠᠭᠳᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠴᠠᠭᠳᠠᠨ ᠪᠠᠶᠢᠴᠠᠭᠠᠯᠲᠠ ᠶᠢ ᠨᠡᠶᠢᠳᠡᠮ ᠥᠷᠨᠢᠭᠦᠯᠬᠦ ᠠᠵᠢᠯ ᠢ ᠴᠢᠨᠠᠷ ᠰᠠᠶᠢᠲᠠᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠶᠢ ᠴᠢᠩᠭᠠᠳᠬᠠᠵᠤ᠂ ᠴᠠᠭᠳᠠᠨ ᠪᠠᠶᠢᠴᠠᠭᠠᠯᠲᠠ ᠶᠢᠨ ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠣᠨᠣᠪᠴᠢᠲᠠᠢ ᠢᠯᠡᠷᠡᠭᠦᠯᠬᠦ ᠪᠠ ᠰᠢᠢᠳᠪᠦᠷᠢᠯᠡᠬᠦ ᠶᠢ ᠠᠬᠢᠭᠤᠯᠤᠨ᠂ ᠦᠨᠡᠨ ᠪᠣᠳᠠᠲᠠᠢ ᠬᠢᠨᠠᠯᠲᠠ ᠶᠢᠨ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠤᠳᠤᠭ ᠤᠨ ᠦᠢᠯᠡᠳᠦᠯᠭᠡ ᠳᠠᠬᠢ ᠬᠠᠷᠰᠢ ᠰᠠᠭᠠᠳ ᠢ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ 
ᠢᠷᠡᠯᠲᠡ᠄ ᠲᠣᠲᠣᠷᠬᠠᠢ ᠦᠭᠡᠢ