ᠭᠧ · ᠸᠠᠩᠴᠤᠭᠰᠡᠷᠡᠩ
ᠨᠡᠶᠢᠲᠡᠯᠡᠭᠰᠡᠨ ᠴᠠᠭ᠄
2024/8/29
      ᠮᠣᠩᠭᠤᠯ ᠦᠨᠳᠦᠰᠦᠲᠡᠨ᠂ ᠬᠢᠲᠠᠳ ᠨᠡᠷ᠎ᠡ ᠨᠢ ᠭᠧ ᠭᠦᠸᠧ ᠯᠢᠶᠠᠩ᠂ ᠡᠷᠡᠭᠲᠡᠢ᠂ 1921 ᠣᠨ ᠤ 6 ᠰᠠᠷ᠎ᠠ ᠳᠤ ᠵᠠᠰᠠᠭ ᠬᠤᠰᠢᠭᠤᠨ ︵ᠣᠳᠣ ᠶᠢᠨ ᠡᠵᠡᠨ ᠬᠤᠷᠤᠭ᠎ᠠ ᠬᠤᠰᠢᠭᠤ︶ ᠤ ᠶᠡᠭᠡ ᠲᠠᠯ᠎ᠠ ᠶᠢᠨ ᠠᠩᠴᠢᠨ ᠪᠠᠶᠠᠨᠳᠦ᠋ᠭᠦᠷᠡᠩ ᠤᠨ ᠭᠠᠭᠴᠠ ᠬᠥᠪᠡᠭᠦᠨ ᠪᠣᠯᠣᠨ ᠵᠠᠶᠠᠭᠠᠵᠠᠢ᠃ ᠲᠡᠷᠡ ᠬᠠᠷᠠᠬᠠᠨ ᠪᠠᠭ᠎ᠠ ᠠᠴᠠ ᠪᠠᠨ ᠣᠷᠳᠣᠰ ᠪᠥᠬᠡ ᠶᠢᠨ ᠤᠳᠤᠮᠰᠢᠯ ᠢ ᠵᠠᠯᠭᠠᠮᠵᠢᠯᠠᠨ ᠬᠥᠭᠵᠢᠭᠦᠯᠵᠦ ᠠᠯᠳᠠᠷ ᠨᠡᠷ᠎ᠡ ᠪᠠᠨ ᠮᠠᠨᠳᠤᠭᠤᠯᠵᠤ ᠪᠠᠶᠢᠭᠰᠠᠨ ᠰᠣᠳᠣᠨ ᠢᠷᠭᠡᠨ ᠶᠤᠮ᠃ ᠲᠡᠷᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠠᠴᠠ ᠡᠮᠦᠨ᠎ᠡ᠂ ᠠᠷᠪᠠᠨ ᠵᠢᠯ ᠳᠤ ᠨᠢᠭᠡ ᠤᠳᠠᠭ᠎ᠠ ᠶᠠᠪᠤᠭᠳᠠᠳᠠᠭ ᠶᠡᠭᠡ ᠵᠣᠣ ᠴᠢᠭᠤᠯᠭᠠᠨ ᠤ ᠬᠠᠩᠭᠢᠨ ᠬᠠᠷ᠎ᠠ ᠵᠠᠭᠠᠷᠠᠭ ᠲᠤ ᠪᠣᠯᠣᠭᠰᠠᠨ ᠶᠡᠭᠡ ᠨᠠᠶᠢᠷ ᠲᠤ 256 ᠪᠥᠬᠡ ᠶᠢᠨ ᠠᠪᠤᠷᠭᠤ ᠶᠢ ᠳᠤᠭᠲᠤᠷᠴᠤ︔ 1950 ᠣᠨ ᠳᠤ ᠪᠣᠯᠣᠭᠰᠠᠨ ᠴᠢᠩᠭᠢᠰ ᠤᠨ ᠳᠠᠬᠢᠯᠭ᠎ᠠ ᠶᠢᠨ ᠶᠡᠭᠡ ᠨᠠᠶᠢᠷ ᠲᠤ ᠪᠥᠬᠡ ᠶᠢᠨ ᠲᠡᠷᠢᠭᠦᠨ ᠱᠠᠩ ᠢ ᠲᠣᠰᠴᠤ︔ 1957 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 10 ᠵᠢᠯ ᠤᠨ ᠣᠢ ᠳᠤ ᠣᠷᠳᠣᠰ ᠪᠥᠬᠡ ᠶᠢᠨ ᠦᠵᠡᠭᠦᠯᠦᠯᠭᠡ ᠶᠢᠨ ᠤᠷᠤᠯᠳᠤᠭᠠᠨ ᠤ ᠮᠠᠩᠯᠠᠢ ᠱᠠᠩᠨᠠᠯ ᠢ ᠬᠦᠷᠲᠡᠪᠡ᠃ ᠡᠶᠢᠮᠦ ᠠᠯᠳᠠᠷᠲᠤ ᠪᠦᠬᠡᠴᠢᠨ ᠮᠠᠨᠢ 1976 ᠣᠨ ᠤ 2 ᠰᠠᠷ᠎ᠠ ᠶᠢᠨ 16 ᠳᠤ 55 ᠨᠠᠰᠤᠨ ᠳᠡᠭᠡᠷ᠎ᠡ ᠪᠠᠨ ᠣᠳᠣ ᠶᠢᠨ ᠣᠲᠤᠭ ᠬᠤᠰᠢᠭᠤᠨ ᠤ ᠰᠦᠮᠡᠲᠦ ᠰᠤᠮᠤᠨ ᠤ ᠶᠡᠭᠡ ᠡᠷᠬᠡᠲᠦ ᠭᠠᠴᠠᠭ᠎ᠠ ᠶᠢᠨ ᠬᠥᠬᠡ ᠡᠷᠭᠢ ᠳᠤ ᠬᠢ ᠬᠥᠳᠡᠭᠡ ᠭᠡᠷ ᠲᠤ ᠪᠠᠨ ᠪᠡᠶ᠎ᠡ ᠥᠩᠭᠡᠷᠡᠵᠡᠢ᠃                     ︽ᠣᠲᠤᠭ ᠬᠤᠰᠢᠭᠤᠨ ᠤ ᠦᠨᠳᠦᠰᠦᠲᠡᠨ ᠤ ᠣᠶᠢᠯᠠᠯᠭ᠎ᠠ︾   ︽ᠣᠲᠤᠭ ᠬᠤᠰᠢᠭᠤᠨ ᠤ ᠦᠨᠳᠦᠰᠦᠲᠡᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ