ᠰᠣ᠋ ᡁᠢ ᠰᠢᠶᠦ᠋ᠡᠭ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/30
      8 ᠳ᠋ᠤᠭᠠᠷ ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠵᠤ᠂ ᠬᠤᠰᠢᠭᠤ ᠳᠡᠳ᠋ ᠳᠠᠷᠤᠭ᠎ᠠ ᠨᠠᠰᠤᠨᠳᠡᠯᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃      ᠰᠣ᠋ ᡁᠢ ᠰᠢᠶᠦ᠋ᠡᠭ ᠠᠷᠵᠠᠢ ᠠᠭᠤᠢ ᠶᠢ ᠬᠠᠮᠠᠭᠠᠯᠠᠨ ᠠᠰᠢᠭᠯᠠᠬᠤ ᠲᠥᠬᠦᠭᠡᠷᠦᠮᠵᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠬᠠᠭᠤᠴᠢ ᠰᠤᠳᠤᠯᠤᠯ ᠢ ᠢᠯᠡᠷᠡᠭᠦᠯᠬᠦ᠂ ᠬᠠᠨ᠎ᠠ ᠶᠢᠨ ᠵᠢᠷᠤᠭ ᠢ ᠵᠠᠰᠠᠨ ᠰᠡᠷᠭᠦᠭᠡᠬᠦ᠂ ᠡᠷᠬᠢᠨ ᠲᠣᠭᠤᠷᠢᠨ ᠤ ᠣᠷᠴᠢᠨ ᠢ ᠴᠡᠭᠴᠡᠯᠡᠨ ᠵᠠᠰᠠᠬᠤ ᠵᠡᠷᠭᠡ ᠪᠠᠶᠢᠳᠠᠯ ᠢ ᠪᠠᠶᠢᠴᠠᠭᠠᠵᠤ ᠦᠵᠡᠨ᠂ ᠠᠷᠵᠠᠢ ᠠᠭᠤᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠬᠥᠭᠵᠢᠭᠦᠯᠬᠦ ᠲᠥᠯᠦᠪᠵᠢᠭᠦᠯᠭᠡ ᠶᠢ ᠨᠠᠷᠢᠨ ᠰᠣᠨᠣᠰᠴᠠᠢ᠃ ᠲᠡᠷᠡ ᠬᠡᠯᠡᠬᠦ ᠳᠡᠭᠡᠨ᠂ ᠲᠡᠦᠬᠡ ᠶᠢᠨ ᠳᠤᠷᠠᠰᠬᠠᠯᠲᠤ ᠵᠦᠢᠯᠡᠰ ᠪᠣᠯ ᠲᠡᠦᠬᠡ ᠶᠢᠨ ᠭᠡᠷᠡᠴᠢᠯᠡᠯ᠂ ᠰᠣᠶᠣᠯ ᠤᠨ ᠠᠴᠢᠶᠠᠯᠠᠪᠤᠷᠢ ᠮᠥᠨ᠂ ᠲᠠᠬᠢᠨ ᠡᠭᠦᠰᠴᠦ ᠪᠣᠯᠣᠰᠢ ᠦᠭᠡᠢ ᠬᠤᠪᠣᠷ ᠨᠠᠨᠳᠢᠨ ᠡᠬᠢ ᠪᠠᠶᠠᠯᠢᠭ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠡᠭ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠪᠠ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ  ᠲᠣᠭᠤᠰᠢᠯᠠᠭᠤᠯᠵᠤ᠂ ᠲᠡᠦᠬᠡ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠠᠰᠢᠭᠯᠠᠬᠤ ᠴᠢᠬᠤᠯᠠ ᠶᠡᠭᠡ ᠡᠭᠦᠷᠭᠡ ᠶᠢ ᠡᠷᠡᠰ ᠡᠭᠦᠷᠭᠡᠯᠡᠨ᠂ ᠪᠥᠬᠦ ᠬᠤᠰᠢᠭᠤᠨ ᠤ ᠦᠯᠡᠳᠡᠭᠳᠡᠯ ᠪᠠᠭᠤᠷᠢ ᠶᠢ ᠬᠠᠮᠠᠭᠠᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠬᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ ᠤᠨ ᠲᠡᠦᠬᠡ ᠶᠢᠨ ᠦᠨᠡᠨ ᠪᠣᠳᠠᠲᠤ ᠴᠢᠨᠠᠷ᠂ ᠳᠦᠷᠰᠦ ᠪᠠᠶᠢᠳᠠᠯ ᠤᠨ ᠪᠦᠷᠢᠨ ᠪᠦᠲᠦᠨ ᠴᠢᠨᠠᠷ᠂ ᠰᠣᠶᠣᠯ ᠤᠨ ᠦᠷᠭᠦᠯᠵᠢᠯᠡᠬᠦ ᠴᠢᠨᠠᠷ ᠢ ᠦᠨᠡᠨᠬᠦ ᠰᠠᠶᠢᠲᠤᠷ  ᠬᠠᠮᠠᠭᠠᠯᠠᠬᠤ ᠬᠡᠷᠡᠭᠲᠡᠢ᠃ ︽ᠬᠠᠮᠠᠭᠠᠯᠠᠬᠤ ᠪᠠᠷ ᠭᠤᠣᠯ ᠪᠣᠯᠭᠠᠬᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠣᠬᠢᠰᠲᠠᠢ ᠠᠰᠢᠭᠯᠠᠬᠤ᠂ ᠬᠠᠮᠢᠶᠠᠷᠤᠯᠲᠠ ᠶᠢ ᠴᠢᠩᠭᠠᠳᠬᠠᠬᠤ︾ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠣᠳᠣᠬᠢᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠡᠳᠦᠷ ᠲᠤᠳᠤᠮ ᠤᠨ ᠬᠢᠨᠠᠨ ᠬᠡᠮᠵᠢᠬᠦ᠂ ᠲᠣᠭᠤᠷᠢᠨ ᠪᠠᠶᠢᠴᠠᠭᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠢᠨᠠᠨ ᠬᠠᠮᠢᠶᠠᠷᠬᠤ ᠵᠡᠷᠭᠡ ᠠᠵᠢᠯ ᠢ ᠰᠠᠶᠢᠲᠤᠷ ᠬᠢᠵᠦ᠂ ᠣᠨᠴᠠᠭᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠵᠢᠴᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠳᠠᠭᠠᠭᠠᠮᠠᠭᠠᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠳᠤ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠢ ᠨᠠᠶᠢᠳᠠᠪᠤᠷᠢᠵᠢᠭᠤᠯᠤᠨ᠂ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠲᠣᠬᠢᠷᠠᠭᠤᠯᠤᠨ ᠵᠣᠬᠢᠴᠠᠭᠤᠯᠬᠤ ᠶᠢ ᠴᠢᠩᠭᠠᠳᠬᠠᠨ᠂ ᠵᠠᠷᠤᠳᠠᠯ ᠢ ᠰᠠᠶᠢᠲᠤᠷ ᠪᠠᠲᠤᠯᠠᠵᠤ᠂ ᠲᠤᠰᠬᠠᠢ ᠮᠡᠷᠭᠡᠵᠢᠯ ᠤᠨ ᠰᠤᠳᠤᠯᠭᠠᠨ ᠤ ᠬᠦᠴᠦᠨ ᠪᠠ ᠴᠢᠳᠠᠪᠤᠷᠢᠲᠠᠨ ᠤ ᠡᠩᠨᠡᠭᠡ ᠶᠢ  ᠲᠡᠭᠦᠯᠳᠡᠷᠵᠢᠭᠦᠯᠦᠨ᠂ ᠰᠣᠶᠣᠯ ᠤᠨ ᠥᠪ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠰᠠᠶᠢᠨ ᠬᠦᠷᠲᠡᠭᠡᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠦᠴᠦᠨ ᠨᠡᠮᠡᠷᠢᠯᠡᠬᠦ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ