ᠣᠲᠤᠭ ᠬᠤᠰᠢᠭᠤᠨ ᠤ 1︱7 ᠳ᠋ᠤᠭᠠᠷ ᠰᠠᠷ᠎ᠠ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠡᠷᠭᠢᠯᠲᠡ ᠶᠢᠨ ᠪᠠᠶᠢᠳᠠᠯ ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2024/8/30
     ᠣᠲᠤᠭ ᠬᠤᠰᠢᠭᠤᠨ ᠤ 1︱7 ᠳ᠋ᠤᠭᠠᠷ ᠰᠠᠷ᠎ᠠ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠡᠷᠭᠢᠯᠲᠡ ᠶᠢᠨ ᠪᠠᠶᠢᠳᠠᠯ ᠤᠨ ᠲᠣᠪᠴᠢ ᠮᠡᠳᠡᠭᠡ        1︱7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 8.6 ᠨᠢᠭᠡᠴᠢ ᠥᠨᠳᠥᠷ ᠪᠣᠯᠵᠤ᠂ ᠳᠡᠭᠡᠷ᠎ᠡ ᠰᠠᠷ᠎ᠠ ᠶᠢᠨ ᠬᠢ ᠠᠴᠠ ᠵᠠᠭᠤᠨ ᠤ 1 ᠨᠢᠭᠡᠴᠢ ᠲᠦᠷᠭᠡᠰᠪᠡ᠃       ᠭᠤᠷᠪᠠᠨ ᠶᠡᠭᠡ ᠲᠦᠷᠦᠯ ᠵᠦᠢᠯ ᠤᠨ ᠬᠤᠶᠠᠷ ᠨᠢ ᠨᠡᠮᠡᠭᠳᠡᠵᠦ ᠨᠢᠭᠡ ᠨᠢ ᠲᠡᠩᠴᠡᠭᠦᠦ ᠪᠣᠯᠪᠠ᠃ 1︱7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠲᠠᠢ ᠪᠠᠨ ᠦᠨᠳᠦᠰᠦᠨ ᠳᠡᠭᠡᠨ ᠲᠡᠩᠴᠡᠪᠡ᠃       ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠠᠵᠢᠯ ᠲᠦᠷᠦᠯ ᠤᠨ ᠨᠡᠮᠡᠭᠳᠡᠯ ᠦᠷᠲᠡᠭ ᠤᠨ ᠨᠡᠮᠡᠭᠳᠡᠯ ᠤᠨ ᠬᠡᠪᠴᠢᠶ᠎ᠡ ᠦᠷᠭᠡᠳᠪᠡ᠃ 1︱7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 17 ᠭᠤᠣᠯ ᠠᠵᠢᠯ ᠲᠥᠷᠥᠯ ᠤᠨ ᠳᠣᠲᠣᠷᠠᠬᠢ 13 ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 76.5% ᠬᠦᠷᠦᠨ᠂ ᠳᠡᠭᠡᠷ᠎ᠡ ᠰᠠᠷ᠎ᠠ ᠶᠢᠨ ᠬᠢ ᠠᠴᠠ 5.9% ᠪᠠᠷ ᠨᠡᠮᠡᠭᠳᠡᠪᠡ᠃ ᠡᠭᠦᠨ ᠳᠤ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ 13.0% ᠪᠠᠷ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ 8.3% ᠪᠠᠷ ᠨᠡᠮᠡᠭᠳᠡᠪᠡ︔ ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠦᠢᠯᠡᠰ 4.2% ᠢᠶᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9.6% ᠪᠠᠷ ᠨᠡᠮᠡᠭᠳᠡᠪᠡ︔ ᠲᠡᠮᠦᠷᠯᠢᠭ ᠪᠤᠰᠤ ᠠᠭᠤᠷᠬᠠᠢ ᠶᠢᠨ ᠬᠦᠳᠡᠷ ᠰᠢᠯᠢᠬᠦ ᠦᠢᠯᠡᠰ 13.5% ᠪᠠᠷ ᠨᠡᠮᠡᠭᠳᠡᠪᠡ︔ ᠲᠡᠮᠦᠷᠯᠢᠭ ᠤᠨ ᠪᠦᠲᠦᠭᠡᠭᠳᠡᠬᠦᠨ ᠤ ᠦᠢᠯᠡᠰ 7.3% ᠪᠠᠷ ᠨᠡᠮᠡᠭᠳᠡᠪᠡ︔ ᠭᠤᠮ ᠪᠣᠯᠣᠨ ᠰᠦᠯᠢᠶᠥᠦ ᠪᠦᠲᠦᠭᠡᠭᠳᠡᠬᠦᠨ ᠤ ᠦᠢᠯᠡᠰ 6.8% ᠪᠠᠷ ᠨᠡᠮᠡᠭᠳᠡᠪᠡ︔ ᠨᠡᠬᠡᠮᠡᠯ ᠤᠨ ᠠᠵᠤ ᠦᠢᠯᠡᠳᠪᠦᠷᠢ 29.4% ᠪᠠᠷ ᠨᠡᠮᠡᠭᠳᠡᠪᠡ︔ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 16.1%  ᠪᠠᠷ ᠨᠡᠮᠡᠭᠳᠡᠪᠡ︔ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠢᠯᠡᠰ 100.4% ᠪᠠᠷ ᠨᠡᠮᠡᠭᠳᠡᠪᠡ︔ ᠬᠠᠷ᠎ᠠ ᠲᠡᠮᠦᠷᠯᠢᠭ ᠢ ᠪᠣᠯᠪᠠᠰᠤᠷᠠᠭᠤᠯᠬᠤ ᠪᠠ ᠳᠠᠷᠤᠵᠤ ᠬᠠᠪᠲᠠᠭᠠᠶᠢᠷᠠᠭᠤᠯᠤᠨ ᠪᠣᠯᠪᠠᠰᠤᠷᠠᠭᠤᠯᠬᠤ ᠠᠵᠤ ᠦᠢᠯᠡᠳᠪᠦᠷᠢ 5.6% ᠪᠠᠷ ᠨᠡᠮᠡᠭᠳᠡᠪᠡ︔ ᠢᠳᠡᠭᠡᠨ ᠪᠣᠯᠪᠠᠰᠤᠷᠠᠭᠤᠯᠬᠤ ᠦᠢᠯᠡᠰ 38.5% ᠪᠠᠷ ᠨᠡᠮᠡᠭᠳᠡᠪᠡ︔ ᠬᠢᠮᠢ ᠶᠢᠨ ᠰᠢᠷᠬᠡᠭ ᠦᠢᠯᠡᠳᠬᠦ ᠦᠢᠯᠡᠰ 9.5% ᠪᠠᠷ ᠨᠡᠮᠡᠭᠳᠡᠪᠡ᠃       ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠲᠣᠭᠲᠠᠭᠤᠨ ᠢᠶᠠᠷ ᠰᠡᠷᠭᠦᠪᠡ᠃ 1︱7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ 18 ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 11 ᠵᠦᠢᠯ ᠤᠨ ᠦᠢᠯᠡᠳᠬᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ 1 ᠵᠦᠢᠯ ᠤᠨ ᠦᠢᠯᠡᠳᠬᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠲᠠᠢ ᠪᠠᠨ ᠲᠡᠩᠴᠡᠪᠡ᠃ ᠡᠭᠦᠨ ᠳᠤ ᠰᠢᠭᠡᠰᠦᠯᠢᠭ ᠡᠳ᠋ 44.3 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠪᠡ︔ ᠴᠠᠬᠢᠯᠠᠭᠤᠷ ᠴᠢᠯᠠᠭᠤ 249.6 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠪᠠᠷ ᠨᠡᠮᠡᠭᠳᠡᠪᠡ︔ ᠢᠳᠡᠮᠡᠬᠡᠢ ᠬᠤᠵᠢᠷ 86.9 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 22.0% ᠪᠠᠷ ᠨᠡᠮᠡᠭᠳᠡᠪᠡ︔ PVC107.3 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠪᠡ︔ ᠣᠨᠴᠠ ᠲᠥᠷᠥᠯ ᠤᠨ ᠰᠢᠷᠬᠡᠭ 0.4 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 38% ᠪᠠᠷ ᠨᠡᠮᠡᠭᠳᠡᠪᠡ︔ ᠴᠠᠬᠢᠭᠤᠷ ᠮᠠᠩᠭᠠᠨ 13.2 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 89.6% ᠪᠠᠷ ᠨᠡᠮᠡᠭᠳᠡᠪᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ