1︱7 ᠳ᠋ᠤᠭᠠᠷ ᠰᠠᠷ᠎ᠠ ᠶᠢᠨ ᠣᠲᠤᠭ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠭᠢᠯᠲᠡ ᠶᠢᠨ ᠪᠠᠶᠢᠳᠠᠯ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2024/8/30
    1︱7 ᠳ᠋ᠤᠭᠠᠷ ᠰᠠᠷ᠎ᠠ ᠶᠢᠨ ᠣᠲᠤᠭ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠭᠢᠯᠲᠡ ᠶᠢᠨ ᠪᠠᠶᠢᠳᠠᠯ ᠤᠨ ᠲᠣᠪᠴᠢ ᠵᠠᠳᠠᠯᠤᠯᠲᠠ        2024 ᠣᠨ ᠤ 1 ︱ 7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ ᠨᠡᠶᠢᠲᠡ 95 ᠪᠠᠶᠢᠵᠤ᠂ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ ᠡᠭᠦᠨ ᠳᠤ᠄ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19.6% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 11.8 ᠨᠢᠭᠡᠴᠢ ᠳᠠᠶᠢᠴᠢᠯᠠᠪᠠ᠃       ᠭᠤᠷᠪᠠᠨ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠳᠤ ᠬᠤᠶᠠᠷ ᠨᠢ ᠨᠡᠮᠡᠭᠳᠡᠵᠦ ᠨᠢᠭᠡ ᠨᠢ ᠪᠠᠭᠤᠷᠠᠪᠠ᠃ ᠨᠢᠭᠡᠳᠦᠭᠡᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 13.8% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 11.8 ᠨᠢᠭᠡᠴᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 47.9% ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢ ᠵᠠᠭᠤᠨ ᠤ 6.3 ᠨᠢᠭᠡᠴᠢ ᠪᠠᠭᠤᠷᠠᠭᠤᠯᠪᠠ᠃        ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠪᠠ᠃ 1︱7 ᠳ᠋ᠤᠭᠠᠷ ᠰᠠᠷ᠎ᠠ ᠳᠤ᠂ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 13.8% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 92.4% ᠬᠤᠪᠢ ᠶᠢᠨ ᠵᠢᠩ ᠢ ᠡᠵᠡᠯᠡᠨ᠂ ᠣᠲᠤᠭ ᠬᠤᠰᠢᠭᠤᠨ ᠤ ᠵᠢᠶᠠᠨ ᠶᠤᠸᠠᠨ ᠨᠡᠭᠦᠷᠡᠰᠦ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 60 ᠲᠦᠮᠡᠨ ᠲᠣᠨ ᠨᠠᠷᠢᠯᠢᠭ ᠾᠧᠺᠰᠠ ᠬᠤᠶᠠᠷᠴᠢ ᠬᠦᠴᠢᠯ ᠤᠨ 185 ᠲᠦᠮᠡᠨ ᠲᠣᠨ/ ᠵᠢᠯ ᠤᠨ ᠪᠣᠬᠢᠷᠲᠤᠯ ᠦᠭᠡᠢ ᠬᠡᠦᠷᠰᠢᠭᠦᠯᠬᠦ ᠲᠥᠷᠥᠯ ᠵᠦᠢᠯ᠂ ᠣᠷᠳᠣᠰ ᠬᠤᠲᠠ ᠶᠢᠨ ᠵᠢᠶᠦ᠋ᠨ ᠵᠧᠩ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠨᠡᠭᠦᠷᠡᠰᠦ ᠰᠢᠲᠠᠭᠠᠵᠤ ᠥᠪᠡᠷᠲᠡᠭᠡᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠣᠷᠤᠯᠠᠭᠤᠯᠤᠯᠲᠠ ᠶᠢᠨ ᠲᠥᠷᠥᠯ ᠵᠦᠢᠯ ᠪᠠ ᠥᠪᠥᠷ ᠮᠣᠩᠭᠤᠯ ᠤᠨ ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠵᠢᠯ ᠳᠤ 1.2 ᠲᠦᠮᠡᠨ ᠲᠣᠨ PVB ᠳᠠᠪᠠᠷᠬᠠᠢ ᠦᠢᠯᠡᠳᠪᠦᠷᠢᠯᠡᠬᠦ ᠵᠢᠴᠢ ᠵᠢᠯ ᠳᠤ 1.6 ᠲᠦᠮᠡᠨ ᠲᠣᠨ PVB ᠴᠢᠳᠠᠮᠵᠢᠲᠤ  ᠪᠦᠷᠬᠦᠪᠴᠢ ᠦᠢᠯᠡᠳᠪᠦᠷᠢᠯᠡᠬᠦ ᠵᠡᠷᠭᠡ ᠲᠥᠷᠥᠯ ᠵᠦᠢᠯ ᠤᠨ ᠳᠠᠶᠢᠴᠢᠯᠠᠯᠲᠠ ᠳᠣᠣᠷ᠎ᠠ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠨᠢ ᠮᠥᠨ ᠯᠡ ᠮᠠᠨ ᠤ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠭᠤᠣᠯ ᠲᠠᠯᠠᠪᠤᠷ ᠪᠣᠯᠪᠠ᠃       ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠲᠣᠭᠲᠠᠭᠤᠨ ᠤ ᠳᠤᠮᠳᠠ ᠰᠠᠶᠢᠵᠢᠷᠠᠪᠠ᠃ 1︱7 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 17.1% ᠪᠠᠷ ᠨᠡᠮᠡᠭᠳᠡᠵᠦ᠂ ᠪᠦᠭᠦ ᠪᠡᠯᠡ ᠣᠷᠣᠭᠤᠯᠤᠯᠲᠠ ᠶᠢᠨ 27% ᠶᠢ ᠡᠵᠡᠯᠡᠨ᠂ ᠪᠦᠭᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 16.6 ᠨᠢᠭᠡᠴᠢ  ᠳᠠᠶᠢᠴᠢᠯᠠᠵᠤ᠂ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠪᠠᠲᠤᠯᠠᠪᠠ᠃ ᠡᠭᠦᠨ ᠳᠤ᠄ ᠴᠠᠬᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 4.8 ᠳᠠᠬᠢᠨ ᠨᠡᠮᠡᠭᠳᠡᠵᠦ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 40.7 ᠨᠢᠭᠡᠴᠢ ᠳᠠᠶᠢᠴᠢᠯᠠᠨ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠭᠤᠣᠯ ᠳᠠᠶᠢᠴᠢᠯᠠᠬᠤ ᠴᠡᠭ ᠪᠣᠯᠪᠠ᠃       ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠠᠰᠢᠭᠯᠠᠬᠤ ᠪᠡᠯᠡ ᠣᠷᠣᠭᠤᠯᠤᠯᠲᠠ ᠨᠡᠮᠡᠭᠳᠡᠬᠦ ᠬᠠᠨᠳᠤᠰᠢ ᠲᠠᠢ ᠪᠣᠯᠪᠠ᠃ ᠪᠥᠬᠦ ᠬᠤᠰᠢᠭᠤᠨ ᠳᠤ ᠨᠡᠶᠢᠲᠡ 8 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠪᠠᠶᠢᠵᠤ᠂ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠠᠰᠢᠭᠯᠠᠬᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.7% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠳᠤ 49.7% ᠬᠤᠪᠢ ᠶᠢᠨ ᠵᠢᠩ ᠢ ᠡᠵᠡᠯᠡᠨ᠂ ᠾᠧᠩ ᠢᠤᠢ ᠬᠤᠳᠠᠯᠳᠤᠭᠠᠨ ᠤ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ B ᠲᠣᠭᠤᠷᠢᠭ ᠪᠠ ᠴᠢ ᠫᠠᠨ ᠵᠢᠩ ᠤᠨ ᠷᠦᠢ ᠵᠢᠢ ᠹᠦ᠋ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠨᠡᠯᠢᠶᠡᠳ ᠲᠦᠷᠭᠡᠳᠴᠦ᠂ ᠮᠠᠨ ᠤ ᠬᠤᠰᠢᠭᠤᠨ ᠤ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠠᠰᠢᠭᠯᠠᠬᠤ ᠪᠡᠯᠡ ᠣᠷᠣᠭᠤᠯᠤᠯᠲᠠ ᠶᠢᠨ ᠭᠤᠣᠯ ᠲᠤᠯᠭᠠᠭᠤᠷᠢ ᠪᠣᠯᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ