ᠣᠲᠤᠭ ᠬᠤᠰᠢᠭᠤᠨ ᠤ 2024 ᠣᠨ ᠤ 1 ︱ 7 ᠳ᠋ᠤᠭᠠᠷ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠳᠡᠭᠡᠭᠰᠢᠯᠡᠨ ᠰᠠᠶᠢᠵᠢᠷᠠᠪᠠ
ᠨᠡᠶᠢᠲᠡᠯᠡᠭᠰᠡᠨ ᠴᠠᠭ᠄
2024/8/30
      ᠣᠲᠤᠭ ᠬᠤᠰᠢᠭᠤᠨ ᠤ 2024 ᠣᠨ ᠤ 1 ︱ 7 ᠳ᠋ᠤᠭᠠᠷ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠳᠡᠭᠡᠭᠰᠢᠯᠡᠨ ᠰᠠᠶᠢᠵᠢᠷᠠᠪᠠ        2024 ᠣᠨ ᠤ 1 ︱ 7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠠᠯᠬᠤᠮ ᠠᠯᠬᠤᠮ ᠢᠶᠠᠷ ᠰᠠᠶᠢᠵᠢᠷᠠᠵᠤ᠂ ᠡᠵᠡᠩᠨᠡᠯᠲᠡ ᠶᠢᠨ ᠣᠷᠣᠯᠭ᠎ᠠ ᠶᠢ ᠨᠡᠶᠢᠲᠡ 679.2 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 3.9% ᠪᠠᠷ ᠪᠠᠭᠤᠷᠠᠪᠠ︔ ᠡᠵᠡᠩᠨᠡᠯᠲᠡ ᠶᠢᠨ ᠥᠪᠡᠷ ᠤᠨ ᠦᠷᠳᠡᠭ 557.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠪᠠᠭᠤᠷᠠᠪᠠ︔ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ 37.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.2% ᠢᠶᠠᠷ ᠨᠡᠮᠡᠭᠳᠡᠪᠡ︔ 80.4 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠠᠰᠢᠭ  ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ︔ ᠨᠡᠶᠢᠲᠡ ᠪᠡᠶᠡᠯᠡᠭᠦᠯᠦᠭᠰᠡᠨ ᠠᠰᠢᠭ ᠣᠷᠣᠯᠭ᠎ᠠ ᠶᠢᠨ ᠶᠡᠷᠦᠩᠬᠡᠢ ᠲᠤᠭ᠎ᠠ 78.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ︔ ᠲᠤᠰᠢᠶᠠᠭᠰᠠᠨ ᠭᠠᠶᠢᠯᠢ ᠶᠢᠨ ᠶᠡᠷᠦᠩᠬᠡᠢ ᠲᠤᠭ᠎ᠠ 38.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ᠃        ᠭᠤᠷᠪᠠᠨ ᠶᠡᠭᠡ ᠲᠥᠷᠥᠯ ᠵᠦᠢᠯ ᠠᠴᠠ ᠠᠪᠴᠤ ᠦᠵᠡᠪᠡᠯ᠄ ᠠᠭᠤᠷᠬᠠᠢ ᠮᠠᠯᠲᠠᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 231.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠨ᠂ ᠡᠵᠡᠩᠨᠡᠯᠲᠡ ᠶᠢᠨ ᠥᠪᠡᠷ ᠤᠨ ᠥᠷᠲᠡᠭ 170.7 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠠᠰᠢᠭ ᠣᠷᠣᠯᠭ᠎ᠠ ᠶᠢ 50.1 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 31.2% ᠢᠶᠠᠷ ᠨᠡᠮᠡᠭᠳᠡᠵᠦ᠂ ᠲᠤᠰᠢᠶᠠᠭᠰᠠᠨ ᠭᠠᠶᠢᠯᠢ ᠶᠢᠨ ᠶᠡᠷᠦᠩᠬᠡᠢ ᠲᠤᠭ᠎ᠠ 23.2 ᠳ᠋ᠦᠩᠰᠢᠭᠤᠷ ᠲᠥᠭᠦᠷᠢᠭ ᠲᠤ  ᠬᠦᠷᠪᠡ︔ ᠦᠢᠯᠡᠳᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 347.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.2% ᠢᠶᠠᠷ ᠪᠠᠭᠤᠷᠠᠨ᠂ ᠡᠵᠡᠩᠨᠡᠯᠲᠡ ᠶᠢᠨ ᠥᠪᠡᠷ ᠤᠨ ᠦᠷᠳᠡᠭ 301 ᠳ᠋ᠦᠩᠰᠢᠭᠤᠷ ᠲᠥᠭᠦᠷᠢᠭ᠂ ᠡᠵᠡᠩᠨᠡᠯᠲᠡ ᠶᠢᠨ ᠠᠰᠢᠭ ᠣᠷᠣᠯᠭ᠎ᠠ 19.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.2% ᠢᠶᠠᠷ ᠪᠠᠭᠤᠷᠠᠵᠤ᠂ ᠲᠤᠰᠢᠶᠠᠭᠰᠠᠨ ᠭᠠᠶᠢᠯᠢ ᠶᠢᠨ ᠶᠡᠷᠦᠩᠬᠡᠢ ᠲᠤᠭ᠎ᠠ 11.5 ᠳ᠋ᠦᠩᠰᠢᠭᠤᠷ ᠲᠥᠭᠦᠷᠢᠭ ᠲᠤ ᠬᠦᠷᠪᠡ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 100.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.6% ᠪᠠᠷ ᠨᠡᠮᠡᠭᠳᠡᠨ᠂ ᠡᠵᠡᠩᠨᠡᠯᠲᠡ ᠶᠢᠨ ᠥᠪᠡᠷ ᠤᠨ ᠥᠷᠲᠡᠭ 86.1 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠠᠰᠢᠭ ᠣᠷᠣᠯᠭ᠎ᠠ 11.1 ᠳ᠋ᠦᠩᠰᠢᠭᠤᠷ ᠲᠥᠭᠦᠷᠢᠭ ᠲᠤ ᠬᠦᠷᠦᠨ᠂ ᠠᠳᠠᠯᠢ ᠬᠤᠭᠤᠴᠠᠭᠠᠨ ᠤ  ᠬᠢ ᠠᠴᠠ 692.9% ᠪᠠᠷ ᠨᠡᠮᠡᠭᠳᠡᠵᠦ᠂ ᠲᠤᠰᠢᠶᠠᠭᠰᠠᠨ ᠭᠠᠶᠢᠯᠢ ᠶᠢᠨ ᠶᠡᠷᠦᠩᠬᠡᠢ ᠲᠤᠭ᠎ᠠ 3.5 ᠳ᠋ᠦᠩᠰᠢᠭᠤᠷ ᠲᠥᠭᠦᠷᠢᠭ ᠲᠤ ᠬᠦᠷᠪᠡ᠃       ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠡᠷᠦᠩᠬᠡᠢ ᠳᠡᠭᠡᠨ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠭ᠎ᠠ ᠬᠡᠮᠵᠢᠶ᠎ᠡ ᠪᠠᠷ ᠪᠠᠭᠤᠷᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠠᠰᠢᠭ ᠣᠷᠣᠯᠭ᠎ᠠ ᠨᠡᠮᠡᠭᠳᠡᠬᠦ ᠬᠠᠨᠳᠤᠰᠢ ᠲᠠᠢ ᠪᠣᠯᠪᠠ᠃ ᠠᠭᠤᠷᠬᠠᠢ ᠮᠠᠯᠲᠠᠬᠤ ᠦᠢᠯᠡᠰ ᠠᠯᠳᠠᠪᠤᠷᠢ ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ ᠪᠣᠯᠵᠤ᠂ ᠡᠵᠡᠩᠨᠡᠯᠲᠡ ᠶᠢᠨ ᠠᠰᠢᠭ ᠣᠷᠣᠯᠭ᠎ᠠ ᠨᠢ ᠠᠯᠬᠤᠮ ᠠᠯᠬᠤᠮ ᠢᠶᠠᠷ ᠨᠡᠮᠡᠭᠳᠡᠪᠡ︔ ᠦᠢᠯᠡᠳᠬᠦ ᠦᠢᠯᠡᠰ ᠨᠢᠳᠤᠨᠤᠨ ᠤ ᠬᠢ ᠠᠴᠠ ᠮᠥᠨ ᠯᠡ ᠠᠯᠳᠠᠭᠳᠠᠯ ᠲᠠᠢ ᠪᠠᠶᠢᠵᠤ᠂ ᠡᠵᠡᠩᠨᠡᠯᠲᠡ ᠶᠢᠨ ᠣᠷᠣᠯᠭ᠎ᠠ ᠨᠢ ᠨᠡᠯᠢᠶᠡᠳ ᠰᠠᠶᠢᠨ ᠪᠠᠶᠢᠪᠠᠴᠤ ᠡᠵᠡᠩᠨᠡᠯᠲᠡ ᠶᠢᠨ ᠥᠪᠡᠷ ᠤᠨ ᠦᠷᠳᠡᠭ ᠨᠢ ᠨᠡᠯᠢᠶᠡᠳ ᠥᠨᠳᠥᠷ ᠪᠣᠯᠣᠭᠰᠠᠨ ᠠᠴᠠ ᠠᠵᠤ ᠠᠬᠤᠶᠢᠯᠠᠯ ᠤᠨ ᠡᠵᠡᠩᠨᠡᠯᠲᠡ ᠶᠢᠨ ᠠᠰᠢᠭ ᠣᠷᠣᠯᠭ᠎ᠠ ᠨᠢ ᠨᠡᠯᠢᠶᠡᠳ ᠳᠣᠣᠷ᠎ᠠ ᠪᠣᠯᠵᠠᠢ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠤᠨ ᠪᠠᠶᠢᠳᠠᠯ ᠨᠢᠳᠤᠨᠤᠨ ᠤ ᠬᠢ ᠠᠴᠠ ᠲᠦᠷᠭᠡᠨ ᠪᠣᠯᠤᠭᠰᠠᠨ ᠪᠥᠭᠡᠳ ᠲᠣᠭᠲᠠᠭᠤᠨ ᠢᠶᠠᠷ ᠳᠡᠭᠡᠭᠰᠢᠯᠡᠪᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ