︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠭᠡᠷᠡᠴᠢᠯᠡᠬᠦ ᠵᠦᠢᠯᠡᠰ ᠢ ᠨᠡᠶᠢᠳᠬᠡᠵᠦ ︿ᠺᠣᠳ᠋ ᠢᠶᠠᠨ | ᠦᠵᠡᠭᠦᠯᠦᠭᠰᠡᠭᠡᠷ ᠭᠦᠢᠴᠡᠳᠬᠡᠵᠦ ᠪᠣᠯᠬᠤ﹀ ᠠᠵᠢᠯ ᠢ ᠠᠬᠢᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ | ᠠᠯᠪᠠᠨ ᠲᠢᠩᠬᠢᠮ ᠤᠨ ᠮᠡᠳᠡᠭᠳᠡᠯ︾ ᠳᠤ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠵᠢᠭ ᠫᠷᠣᠭ᠍ᠷᠠᠮ ᠪᠠ | ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠴᠢ ᠨᠢ ᠠᠵᠢᠯᠲᠠᠨ ᠠᠵᠢᠯᠴᠢᠨ ᠤ ᠲᠤᠰᠢᠶᠠᠨ | ᠬᠠᠳᠠᠭᠠᠯᠠᠭᠰᠠᠨ ᠭᠡᠷᠡᠴᠢ᠂ ᠣᠨᠳᠣᠤ ᠭᠠᠵᠠᠷ ᠲᠤ ᠵᠢᠭᠡᠯᠡᠯᠭᠡ ᠲᠤᠰᠢᠶᠠᠨ ᠬᠠᠳᠠᠭᠠᠯᠠᠭᠰᠠᠨ ᠭᠡᠷᠡᠴᠢ ᠪᠠ ᠵᠢᠭᠡᠯᠡᠯᠭᠡ ᠶᠢ ᠪᠣᠳᠣᠵᠤ ᠳᠠᠭᠤᠰᠬᠠᠭᠰᠠᠨ ᠭᠡᠷᠡᠴᠢ ᠵᠡᠷᠭᠡ | ᠬᠤᠪᠢ ᠬᠥᠮᠦᠨ ᠤ ᠭᠡᠷᠡᠴᠢ ᠶᠢ ᠭᠤᠶᠤᠴᠢᠯᠠᠵᠤ ᠠᠪᠬᠤ ᠦᠶ᠎ᠡ ᠳᠤ᠂ ᠬᠤᠪᠢ ᠬᠥᠮᠥᠨ ᠳᠤ ᠨᠢ ᠴᠠᠭ ᠲᠤᠬᠠᠶ ᠳᠤ ᠨᠢ ᠰᠦᠯᠵᠢᠶ᠎ᠡ ᠪᠠᠷ ᠭᠠᠷᠭᠠᠵᠤ ᠥᠭᠬᠦ᠂ ᠠᠷᠤ | ᠲᠠᠪᠴᠠᠩ ᠳᠤ ᠠᠦ᠋ᠲ᠋ᠣ᠋ ᠪᠠᠶᠢᠴᠠᠭᠠᠨ ᠰᠢᠯᠭᠠᠬᠤ ᠵᠡᠷᠭᠡ ᠦᠢᠯᠡᠴᠢᠯᠡᠭᠡ ᠬᠠᠩᠭᠠᠵᠤ ᠪᠠᠶᠢᠵᠠᠢ᠂ ᠣᠳᠣ ᠨᠢᠭᠡᠳᠦᠯᠲᠡᠶ ︽ᠡᠯᠧᠺᠳ᠋ᠷᠣᠨ ᠺᠣᠳ᠋︾ ᠢᠶᠠᠷ ᠤᠤᠯ ᠤᠨ 3 | ᠵᠦᠢᠯ ᠤᠨ ᠴᠠᠭᠠᠰᠤᠨ ᠭᠡᠷᠡᠴᠢ ᠶᠢ ᠣᠷᠣᠯᠠᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠦᠨ ᠤ ᠭᠡᠷᠡᠴᠢᠯᠡᠬᠦ | ᠵᠦᠢᠯᠡᠰ ᠢ ︽ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ︾ ᠶᠢ ᠪᠡᠶᠡᠯᠡᠭᠦᠯᠦᠨ᠎ᠡ ᠭᠡᠵᠦ ᠳᠤᠷᠠᠳᠪᠠ᠃ 2024 ᠣᠨ ᠤ 8 ᠳ᠋ᠤᠭᠠᠷ ᠰᠠᠷ᠎ᠠ ᠠᠴᠠ ᠡᠬᠢᠯᠡᠨ᠂ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠦᠵᠡᠭᠦᠯᠦᠭᠰᠡᠭᠡᠷ | ᠭᠦᠢᠴᠡᠳᠬᠡᠵᠦ ᠪᠣᠯᠬᠤ︾ ᠶᠢ ᠪᠥᠬᠦ ᠲᠠᠯ᠎ᠠ ᠪᠠᠷ ᠬᠡᠷᠡᠭᠵᠢᠭᠦᠯᠪᠡ᠃ | | ᠺᠣᠳ᠋ ᠢ ᠰᠢᠷᠪᠢᠵᠦ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠵᠢᠵᠢᠭ ᠫᠷᠣᠭ᠍ᠷᠠᠮ ᠳᠤ ᠣᠷᠣᠭᠠᠷᠠᠢ | 【 ᠪᠦᠬᠦ ᠤᠯᠤᠰ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠯᠭ᠎ᠠ ᠶᠢᠨ ᠮᠦᠩᠭᠦ 】 ᠶᠢᠨ ᠦᠢᠯᠡᠴᠢᠯᠡᠭᠡ | | |