ᠥᠰᠦᠭ ᠢᠶᠠᠷ ᠦᠭᠦᠯᠡᠬᠦᠢ᠄ 2024 ᠣᠨ ᠤ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠲᠥᠷᠥᠯ ᠵᠦᠢᠯ ᠤᠨ ᠲᠤᠬᠠᠢ ᠣᠲᠤᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/9/1
      ᠣᠲᠣ ᠦᠶ᠎ᠡ ᠶᠢᠨ ᠠᠳᠤᠭᠤᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠣᠩᠭᠤᠯ ᠠᠳᠤᠭᠤᠨ ᠤ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠤᠯᠠᠮ ᠴᠢᠩᠭᠠᠳᠬᠠᠬᠤ ᠶᠢᠨ ᠲᠥᠯᠥᠭᠡ᠂ 2024 ᠣᠨ ᠳᠤ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠰᠢᠭᠤᠨ ᠳᠤ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠪᠠᠷ ᠪᠣᠯᠪᠠ᠃ ᠡᠯ᠎ᠡ ᠰᠤᠮᠤ ᠪᠠᠯᠭᠠᠰᠤ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠨᠥᠬᠦᠴᠡᠯ ᠳᠤ ᠨᠡᠶᠢᠴᠡᠬᠦ ᠥᠷᠭᠡᠨ ᠣᠯᠠᠨ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠳᠤ ᠢᠳᠡᠪᠬᠢᠲᠡᠢ ᠣᠷᠣᠯᠴᠠᠭᠤᠯᠤᠭᠠᠷᠠᠢ᠂ ᠪᠣᠳᠠᠲᠠᠢ ᠤᠴᠢᠷ ᠶᠠᠪᠤᠳᠠᠯ ᠨᠢ ᠳᠣᠣᠷᠠᠬᠢ ᠮᠡᠲᠦ᠄       ᠨᠢᠭᠡ᠂ ᠨᠥᠬᠦᠪᠦᠷᠢ ᠣᠯᠭᠤᠬᠤ ᠡᠲᠡᠭᠡᠳ ᠡᠭᠦᠯᠳᠡᠷ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠲᠠᠩᠰᠠ ᠡᠪᠬᠡᠮᠡᠯ ᠪᠠᠶᠢᠭᠤᠯᠤᠭᠰᠠᠨ᠂ ᠡᠭᠦᠯᠳᠡᠷ ᠬᠠᠮᠠᠭᠠᠯᠠᠬᠤ ᠲᠠᠯᠠᠪᠠᠶ ᠶᠢᠨ ᠤᠤᠯ ᠤᠳᠤᠮ ᠤᠨ ᠭᠤᠣᠯ ᠡᠭᠦᠯᠳᠡᠷ ᠢ ᠪᠣᠶᠢᠵᠢᠭᠤᠯᠬᠤ ᠡᠷᠦᠬᠡ ᠪᠠ ᠡᠭᠦᠯᠳᠡᠷ ᠬᠠᠮᠠᠭᠠᠯᠠᠬᠤ ᠡᠷᠦᠬᠡ ᠶᠢᠨ ᠭᠡᠭᠦᠦ ᠶᠢᠨ ᠲᠤᠭ᠎ᠠ ᠨᠢ 30 ᠠᠴᠠ ᠳᠡᠭᠡᠭᠰᠢ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶᠃       ᠬᠤᠶᠠᠷ᠂ ᠨᠥᠬᠦᠪᠦᠷᠢ ᠥᠭᠬᠦ ᠪᠠᠷᠢᠮᠵᠢᠶ᠎ᠠ ᠪᠠ ᠠᠷᠭ᠎ᠠ ᠮᠠᠶ᠋ᠢᠭ ᠨᠥᠬᠦᠪᠦᠷᠢ ᠭᠥᠷᠳᠡᠬᠦ ᠮᠣᠩᠭᠤᠯ ᠠᠳᠤᠭᠤᠨ ᠤ ᠡᠭᠦᠯᠳᠡᠷ ᠤᠨ ᠬᠢᠷᠢ ᠲᠡᠩᠴᠡᠬᠦ ᠡᠰᠡᠬᠦ ᠪᠠ ᠲᠤᠭ᠎ᠠ ᠬᠡᠮᠵᠢᠶ᠎ᠡ ᠶᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠪᠠᠷ ᠬᠢᠨᠠᠨ ᠲᠣᠭᠲᠠᠭᠠᠯᠭᠠᠵᠤ ᠬᠠᠷᠭᠤᠭᠤᠯᠤᠭᠰᠠᠨ ᠤ ᠳᠠᠷᠠᠭ᠎ᠠ᠂ ︽ᠤᠷᠢᠳᠠᠪᠠᠷ ᠲᠠᠩᠰᠠ ᠡᠪᠬᠡᠮᠡᠯ ᠪᠠᠶᠢᠭᠤᠯᠵᠤ ᠳᠠᠷᠠᠭ᠎ᠠ ᠨᠢ ᠨᠥᠬᠦᠪᠦᠷᠢ ᠥᠭᠬᠦ︾ ᠠᠷᠭ᠎ᠠ ᠪᠠᠷ ᠵᠣᠷᠢᠭᠵᠢᠭᠤᠯᠤᠨ ᠳᠡᠮᠵᠢᠵᠦ᠂ ᠠᠳᠤᠭᠤᠨ ᠲᠤᠭ᠎ᠠ ᠪᠠᠷ ᠨᠢ ᠰᠢᠭᠤᠳ ᠨᠥᠬᠦᠪᠦᠷᠢ ᠥᠭᠭᠦᠨ᠎ᠡ᠂ ᠠᠳᠤᠭᠤ ᠨᠢᠭᠡᠪᠦᠷᠢ ᠶᠢᠨ ᠨᠥᠬᠦᠪᠦᠷᠢ ᠶᠢ 1000 ᠲᠥᠭᠦᠷᠢᠭ ᠠᠴᠠ ᠬᠡᠲᠦᠷᠡᠭᠦᠯᠬᠦ ᠦᠭᠡᠢ᠃       ᠭᠤᠷᠪᠠ᠂ ᠰᠢᠯᠭᠠᠨ ᠬᠤᠷᠢᠶᠠᠬᠤ ᠪᠠ ᠢᠯᠡ ᠨᠡᠶᠢᠲᠡᠯᠡᠬᠦ ᠣᠲᠤᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠨᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠢᠯᠭᠠᠨ ᠬᠤᠷᠢᠶᠠᠬᠤ ᠠᠵᠢᠯ ᠢ ᠵᠣᠬᠢᠶᠠᠨ ᠪᠠᠶᠢᠭᠤᠯᠵᠤ᠂ ᠰᠢᠯᠢᠳᠡᠭ ᠢ ᠨᠢ ᠰᠣᠩᠭᠤᠨ᠎ᠠ᠃ ᠨᠡᠷ᠎ᠡ ᠮᠡᠳᠡᠭᠦᠯᠦᠭᠴᠢ ᠠᠳᠤᠭᠤᠨ ᠰᠦᠷᠦᠭ ᠢᠶᠠᠨ ᠰᠢᠯᠭᠠᠨ ᠠᠪᠴᠤ ᠪᠠᠶᠢᠴᠠᠭᠠᠨ ᠦᠵᠡᠬᠦ ᠳᠤ ᠳᠦᠭᠦᠮ ᠭᠠᠵᠠᠷ ᠲᠤ ᠠᠪᠴᠢᠷᠠᠵᠤ᠂ ᠡᠭᠦᠯᠳᠡᠷ ᠬᠠᠮᠠᠭᠠᠯᠠᠬᠤ ᠲᠠᠩᠰᠠ ᠡᠪᠬᠡᠮᠡᠯ ᠬᠠᠩᠭᠠᠨ᠂ ᠠᠳᠤᠭᠤᠨ ᠰᠦᠷᠦᠭ ᠢ ᠬᠢᠨᠠᠨ ᠬᠠᠷᠭᠤᠭᠤᠯᠬᠤ ᠳᠤ ᠲᠥᠬᠦᠮ ᠪᠣᠯᠭᠠᠨ᠎ᠠ᠃ ᠣᠨᠳᠣᠣ ᠭᠠᠵᠠᠷ ᠲᠤ ᠠᠷᠠᠴᠢᠯᠠᠨ ᠲᠡᠵᠢᠭᠡᠬᠦ ᠪᠤᠶᠤ ᠪᠡᠯᠴᠢᠭᠡᠷᠯᠡᠭᠦᠯᠦᠭᠰᠡᠨ ᠠᠴᠠ ᠬᠢᠨᠠᠨ ᠬᠠᠷᠭᠤᠭᠤᠯᠵᠤ ᠰᠢᠯᠭᠠᠨ ᠬᠤᠷᠢᠶᠠᠬᠤ ᠶᠢᠨ ᠠᠷᠭ᠎ᠠ ᠦᠭᠡᠢ ᠪᠠᠶᠢᠪᠠᠯ ᠨᠥᠬᠦᠪᠦᠷᠢ ᠥᠭᠬᠦ ᠬᠡᠪᠴᠢᠶᠡᠨ ᠳᠤ ᠣᠷᠣᠭᠤᠯᠬᠤ ᠦᠭᠡᠢ᠃       ᠳᠥᠷᠪᠡ᠂ ᠭᠤᠶᠤᠴᠢᠯᠠᠨ ᠮᠡᠳᠡᠭᠦᠯᠬᠦ ᠴᠠᠭ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ 2024 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠰᠤᠮᠤ ᠪᠠᠯᠭᠠᠰᠤᠨ ᠳᠤ ᠮᠡᠳᠡᠭᠦᠯᠵᠦ᠂ ᠰᠤᠮᠤ ᠪᠠᠯᠭᠠᠰᠤ  ᠠᠴᠠ ᠣᠲᠤᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠳᠤ ᠨᠢᠭᠡᠳᠦᠯᠲᠡᠢ ᠮᠡᠳᠡᠭᠦᠯᠦᠨ᠎ᠡ᠃       ᠬᠠᠷᠢᠯᠴᠠᠬᠤ ᠬᠥᠮᠥᠨ᠄ ᠠᠶᠠᠨ᠎ᠠ      ᠬᠠᠷᠢᠯᠴᠠᠬᠤ ᠤᠲᠠᠰᠤ᠄ 15147538692                                                  ᠣᠲᠤᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ                                                ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ                                                 2024 ᠣᠨ ᠤ 8 ᠳ᠋ᠤᠭᠠᠷ ᠰᠠᠷ᠎ᠠ ᠶᠢᠨ 27 ᠤ ᠡᠳᠦᠷ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ