ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ  ᠭᠤᠸ ᠬᠤᠸᠠᠢ ᠵᠢᠩ ᠶᠠᠷᠢᠶ᠎ᠠ ᠲᠠᠯᠪᠢᠨ  ᠰᠣ᠋ ᡁᠢ ᠰᠢᠶᠦ᠋ᠡᠭ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/9/10
      9 ᠳ᠋ᠤᠭᠠᠷ ᠰᠠᠷ᠎ᠠ ᠶᠢᠨ 10 ᠤ ᠡᠳᠦᠷ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠶᠡᠭᠡ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠲᠣᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠣᠳᠣᠬᠠᠨ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠵᠠᠳᠠᠯᠵᠤ ᠮᠠᠭᠠᠳᠯᠠᠨ᠂ ᠬᠤᠶᠢᠰᠢᠳᠠ ᠶᠢᠨ ᠨᠢᠭᠡ ᠬᠤᠭᠤᠴᠠᠭᠠᠨ ᠤ ᠰᠤᠷᠭᠠᠨ ᠬᠥᠮᠦᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠬᠤᠷᠠᠯ ᠢ ᠡᠷᠬᠢᠯᠡᠵᠦ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ ᠵᠡᠷᠭᠡ ᠰᠢᠶᠠᠨ ᠤ ᠲᠡᠰ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃
3.jpg
      ᠥᠩᠭᠡᠷᠡᠭᠰᠡᠨ ᠭᠤᠷᠪᠠᠨ ᠵᠢᠯ ᠳᠤ᠂ ᠣᠲᠤᠭ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠣᠭᠤᠰᠢᠯᠠᠭᠤᠯᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠢᠮᠠᠭᠲᠠ ᠪᠠᠷᠢᠮᠲᠠᠯᠠᠨ᠂ ︽ᠬᠤᠶᠠᠷ ᠵᠢᠯ ᠳᠤ ᠰᠠᠭᠤᠷᠢ ᠶᠢ ᠪᠠᠲᠤᠳᠬᠠᠵᠤ᠂ ᠭᠤᠷᠪᠠᠨ ᠵᠢᠯ ᠳᠤ ᠠᠩᠬ᠎ᠠ ᠠᠯᠬᠤᠮ ᠤᠨ ᠦᠷ᠎ᠡ ᠪᠦᠲᠦᠮᠵᠢ ᠭᠠᠷᠭᠠᠨ᠂ ᠲᠠᠪᠤᠨ ᠵᠢᠯ ᠳᠤ ᠰᠢᠨ᠎ᠡ ᠳᠡᠭᠲᠡᠷ ᠲᠤ ᠭᠠᠷᠭᠠᠵᠤ᠂ ᠵᠢᠷᠭᠤᠭᠠᠨ ᠵᠢᠯ ᠳᠤ ᠶᠡᠭᠡ ᠠᠮᠵᠢᠯᠲᠠ ᠣᠯᠬᠤ︾ ᠬᠠᠷᠠᠯᠲᠠ ᠶᠢ ᠲᠣᠭᠲᠠᠭᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ︽ᠠᠷᠪᠠᠨ ᠶᠠᠪᠤᠳᠠᠯ︾ ᠢ ᠰᠢᠰᠲ᠋ᠧᠮ ᠲᠠᠢ ᠲᠣᠭᠲᠠᠭᠠᠬᠤ ᠶᠢᠨ ᠬᠠᠮᠲᠤ ᠲᠥᠷᠥᠯ ᠵᠦᠢᠯ ᠪᠣᠯᠭᠠᠵᠤ ᠠᠬᠢᠭᠤᠯᠤᠨ᠂ ᠤᠷᠢᠳ ᠭᠠᠷᠤᠭ᠎ᠠ ᠦᠭᠡᠢ ᠥᠨᠳᠥᠷᠴᠡ᠂ ᠬᠦᠴᠦᠯᠡᠴᠡ ᠪᠠᠷ ᠰᠤᠷᠭᠠᠨ ᠬᠥᠮᠦᠵᠢᠯ ᠢ ᠠᠳᠬᠤᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠲᠦᠷᠭᠡᠨ ᠳᠠᠪᠰᠢᠯᠲᠠ ᠲᠠᠢ ᠪᠣᠯᠣᠨ᠂ ᠪᠠᠷᠠᠭᠤᠨ ᠣᠷᠣᠨ ᠤ ᠰᠢᠶᠠᠨ ᠤ ᠬᠡᠪᠴᠢᠶᠡᠨ ᠤ ᠦᠨᠳᠦᠰᠦᠨ ᠰᠤᠷᠭᠠᠨ ᠬᠥᠮᠦᠵᠢᠯ ᠢ ᠬᠥᠭᠵᠢᠭᠦᠯᠬᠦ ᠵᠠᠮ ᠢ ᠠᠩᠬ᠎ᠠ ᠠᠯᠬᠤᠮ ᠨᠡᠭᠡᠭᠡᠭᠰᠡᠨ ᠪᠠᠶᠢᠨ᠎ᠠ᠃      ᠭᠤᠤ ᠬᠤᠸᠠᠢ ᠵᠢᠩ ᠬᠡᠯᠡᠬᠦ ᠳᠡᠭᠡᠨ᠂ ᠡᠷᠢᠨ ᠵᠠᠭᠤᠨ ᠤ ᠶᠡᠭᠡ ᠪᠣᠳᠣᠯᠭ᠎ᠠ ᠰᠤᠷᠭᠠᠨ ᠬᠥᠮᠥᠵᠢᠯ ᠢᠶᠠᠷ ᠦᠨᠳᠦᠰᠦ ᠪᠣᠯᠭᠠᠳᠠᠭ᠃ ᠣᠳᠣᠬᠠᠨ ᠳᠤ  ᠣᠲᠤᠭ ᠬᠤᠰᠢᠭᠤ ᠶᠠᠭ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠠᠵᠠ ᠲᠣᠬᠢᠶᠠᠯ ᠢ ᠠᠳᠬᠤᠬᠤ ᠴᠢᠬᠤᠯᠠᠲᠠᠢ ᠪᠠᠶᠢᠨ᠋᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ  ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠵᠠᠩᠭᠢᠯᠠᠭ᠎ᠠ ᠨᠢ ᠴᠢᠳᠠᠪᠤᠷᠢᠲᠠᠨ ᠳᠤ ᠪᠠᠶᠢᠵᠤ᠂ ᠰᠠᠭᠤᠷᠢ ᠨᠢ ᠰᠤᠷᠭᠠᠨ ᠬᠥᠮᠦᠵᠢᠯ ᠳᠤ ᠪᠣᠢ᠃ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠡᠩ ᠳᠣᠪᠤᠶᠢᠯᠭᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠢᠲᠡᠭᠡᠯ ᠢ ᠨᠡᠩ  ᠪᠠᠲᠤᠳᠬᠠᠨ᠂ ᠨᠢᠭᠡ ᠰᠡᠳᠬᠢᠯ ᠨᠢᠭᠡ ᠵᠣᠷᠢᠭ ᠢᠶᠠᠷ ᠣᠲᠤᠭ ᠤᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠡᠷᠴᠢ ᠵᠣᠷᠢᠭ ᠢ ᠨᠠᠩ ᠬᠥᠪᠴᠢᠯᠡᠵᠦ᠂ ᠪᠥᠬᠦ ᠬᠤᠰᠢᠭᠤᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠪᠥᠬᠦ ᠬᠤᠰᠢᠭᠤᠨ ᠤ ᠣᠶᠤᠨ ᠤᠬᠠᠭᠠᠨ ᠢᠶᠠᠷ ᠰᠤᠷᠭᠠᠨ ᠬᠥᠮᠦᠵᠢᠯ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ  ᠭᠡᠷ ᠤᠨ ᠡᠭᠦᠳᠡᠨ ᠳᠠᠬᠢ ᠰᠢᠯᠢᠳᠡᠭ ᠰᠤᠷᠭᠠᠨ ᠬᠥᠮᠦᠵᠢᠯ ᠤᠨ ᠨᠠᠷᠠᠲᠤ ᠲᠡᠮᠳᠡᠭ ᠢ ᠦᠷᠭᠦᠯᠵᠢᠯᠡᠨ ᠡᠭᠦᠳᠦᠨ᠂ ᠠᠷᠠᠳ ᠣᠯᠠᠨ ᠤ ᠰᠤᠷᠭᠠᠨ ᠬᠥᠮᠦᠵᠢᠯ ᠤᠨ ᠬᠦᠷᠲᠡᠭᠡᠮᠵᠢ ᠶᠢᠨ ᠲᠥᠷᠥᠭᠳᠡᠯ ᠢ ᠨᠠᠩ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠵᠥᠭᠡᠯᠡᠨ ᠪᠣᠳᠠᠲᠤ ᠬᠦᠴᠦᠨ ᠤ ᠳᠡᠭᠡᠭᠰᠢᠯᠡᠯᠲᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠦᠷᠭᠦᠯᠵᠢᠯᠡᠭᠦᠯᠬᠦ ᠬᠡᠷᠡᠭᠲᠡᠢ ᠭᠡᠪᠡ᠃      ᠭᠤᠣ ᠬᠤᠸᠠᠢ ᠵᠢᠩ ᠬᠡᠯᠡᠬᠦ ᠳᠡᠭᠡᠨ᠂ ᠢᠷᠡᠬᠦ ᠬᠤᠶᠠᠷ ᠵᠢᠯ ᠪᠣᠯ ᠤᠳᠤᠭ ᠤᠨ ᠰᠤᠷᠭᠠᠨ ᠬᠥᠮᠦᠵᠢᠯ ᠤᠨ ︽ᠦᠷ᠎ᠡ ᠪᠦᠲᠦᠮᠵᠢ ᠶᠢ ᠪᠠᠲᠤᠳᠬᠠᠵᠤ᠂ ᠰᠢᠨ᠎ᠡ ᠳᠡᠭᠲᠡᠷ ᠲᠤ ᠭᠠᠷᠭᠠᠬᠤ︾ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ︽ᠣᠲᠤᠭ ᠤᠨ ᠰᠤᠷᠭᠠᠨ ᠬᠥᠮᠦᠵᠢᠯ︾ ᠢ ᠬᠤᠰᠢᠭᠤ ᠪᠠᠨ ᠬᠦᠴᠦᠷᠬᠡᠭᠵᠢᠭᠦᠯᠬᠦ ᠰᠠᠭᠤᠷᠢ ᠪᠣᠯᠭᠠᠨ᠂ ᠪᠠᠷᠠᠭᠤᠨ ᠣᠷᠣᠨ ᠤ ᠵᠢᠱᠢᠶᠡᠴᠢ᠂ ᠰᠢᠶᠠᠨ ᠤ ᠬᠡᠪᠴᠢᠶᠡᠨ ᠤ ᠨᠡᠶᠢᠲᠡᠯᠢᠭ ᠵᠢᠱᠢᠶ᠎ᠡ ᠪᠣᠯᠭᠠᠨ ᠪᠠᠶᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠢᠶᠠᠷ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠲᠤᠭ ᠤᠨ ᠰᠤᠷᠤᠭᠴᠢᠳ ᠲᠤ ᠭᠡᠷ ᠤᠨ ᠡᠭᠦᠳᠡᠨ ᠳᠤᠨᠢ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠨ᠂ ᠪᠡᠶ᠎ᠡ ᠰᠡᠳᠬᠢᠴᠡ ᠶᠢᠨ ᠡᠷᠡᠭᠦᠯ ᠮᠡᠨᠳᠦ ᠪᠠ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠶᠢ ᠪᠥᠬᠦ ᠲᠠᠯ᠎ᠠ ᠪᠠᠷ ᠬᠥᠭᠵᠢᠭᠦᠯᠬᠦ ᠶᠢ ᠣᠲᠤᠭ ᠤᠨ ᠰᠤᠷᠭᠠᠨ ᠬᠥᠮᠦᠵᠢᠯ ᠤᠨ ᠰᠠᠭᠤᠷᠢ ᠪᠣᠯᠭᠠᠬᠤ ᠬᠡᠷᠡᠭᠲᠡᠢ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠰᠤᠷᠭᠠᠭᠤᠯᠢ ᠡᠷᠬᠢᠯᠡᠬᠦ ᠪᠠᠶᠢᠭᠤᠯᠤᠮᠵᠢ᠂ ᠪᠠᠭᠰᠢ ᠶᠢᠨ ᠦᠨᠡᠯᠡᠯᠲᠡ ᠵᠢᠴᠢ ᠰᠤᠷᠭᠠᠨ ᠬᠥᠮᠦᠵᠢᠯ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠵᠡᠷᠭᠡ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠦᠷ᠎ᠡ ᠪᠦᠲᠦᠮᠵᠢ ᠶᠢ ᠪᠠᠲᠤᠳᠬᠠᠨ᠂ ᠰᠢᠨ᠎ᠡ ᠳᠡᠭᠲᠡᠷ ᠲᠤ ᠭᠠᠷᠭᠠᠬᠤ︾ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠪᠣᠯᠣᠨ ᠮᠡᠳᠡᠯᠭᠡ ᠶᠢᠨ ᠬᠥᠮᠦᠵᠢᠯ᠂ ᠪᠦᠬᠦ ᠲᠠᠯ᠎ᠠ ᠶᠢᠨ ᠬᠥᠮᠥᠵᠢᠯ ᠪᠠ ᠶᠡᠷᠦᠩᠬᠡᠶᠢᠯᠡᠭᠰᠡᠨ ᠦᠨᠡᠯᠡᠯᠲᠡ ᠶᠢ ᠣᠷᠭᠠᠨᠢᠭ ᠢᠶᠠᠷ ᠠᠭᠤᠰᠤᠯᠴᠠᠭᠤᠯᠤᠨ᠂ ︽ᠦᠷ᠎ᠡ ᠪᠦᠲᠦᠮᠵᠢ ᠶᠢ  ᠪᠠᠲᠤᠳᠬᠠᠵᠤ᠂ ᠰᠢᠨ᠎ᠡ ᠳᠡᠭᠲᠡᠷ ᠲᠤ ᠭᠠᠷᠭᠠᠬᠤ︾ ᠦᠨᠳᠦᠰᠦᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠨᠡᠩ ᠨᠡᠭᠡᠭᠡᠯᠲᠠᠲᠤ ᠳᠦᠷᠢᠮ ᠤᠨ ᠣᠷᠴᠢᠨ ᠲᠣᠭᠤᠷᠢᠨ ᠢ ᠪᠣᠢ ᠪᠣᠯᠭᠠᠨ᠂ ︽ᠦᠷ᠎ᠡ ᠪᠦᠲᠦᠮᠵᠢ ᠶᠢ ᠪᠠᠲᠤᠳᠬᠠᠵᠤ᠂ ᠰᠢᠨ᠎ᠡ ᠳᠡᠭᠲᠡᠷ ᠲᠤ ᠭᠠᠷᠭᠠᠬᠤ︾ ᠠᠵᠢᠯ ᠤᠨ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠰᠢᠯᠢᠳᠡᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠲᠦᠭᠡᠮᠡᠯ ᠬᠠᠷᠠᠭᠠᠯᠵᠠᠯ ᠦᠵᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠲᠠᠢ ᠪᠥᠭᠡᠳ ᠲᠡᠩᠴᠡᠭᠦᠷᠢᠲᠡᠢ ᠪᠠᠶᠢᠯᠭᠠᠨ᠂ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠢ ᠤᠯᠠᠨ ᠶᠠᠩᠵᠤ ᠲᠠᠢ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠢᠭᠡᠳᠦᠯᠲᠡᠢ  ᠲᠥᠯᠥᠪᠵᠢᠭᠦᠯᠵᠦ ᠠᠭᠤᠰᠤᠯᠴᠠᠭᠤᠯᠤᠨ᠂ ︽ᠦᠷ᠎ᠡ ᠪᠦᠲᠦᠮᠵᠢ ᠶᠢ ᠪᠠᠲᠤᠳᠬᠠᠵᠤ᠂ ᠰᠢᠨ᠎ᠡ ᠳᠡᠭᠲᠡᠷ ᠲᠤ ᠭᠠᠷᠭᠠᠬᠤ︾ ᠶᠠᠰᠤ ᠴᠢᠨᠠᠷ ᠢ ᠰᠠᠶᠢᠵᠢᠷᠠᠭᠤᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠢ᠃  ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠴᠢᠩᠭᠠᠳᠬᠠᠵᠤ᠂ ︽ᠦᠷ᠎ᠡ ᠪᠦᠲᠦᠮᠵᠢ ᠶᠢ ᠪᠠᠲᠤᠳᠬᠠᠵᠤ᠂ ᠰᠢᠨ᠎ᠡ ᠳᠡᠭᠲᠡᠷ ᠲᠤ ᠭᠠᠷᠭᠠᠬᠤ︾ ᠬᠦᠴᠦᠷᠬᠡᠭ ᠶᠡᠭᠡ ᠬᠠᠮ ᠬᠦᠴᠦᠨ ᠢ ᠪᠦᠬᠦ ᠲᠠᠯ᠎ᠠ ᠪᠠᠷ ᠨᠢᠭᠲᠠᠷᠠᠭᠤᠯᠬᠤ ᠬᠡᠷᠡᠭᠲᠡᠢ ᠭᠡᠪᠡ᠃      ᠰᠣ᠋ ᡁᠢ ᠰᠢᠶᠦ᠋ᠩ ᠬᠡᠯᠡᠬᠦ ᠳᠡᠭᠡᠨ᠂ ᠰᠤᠷᠭᠠᠨ ᠬᠥᠮᠦᠵᠢᠯ ᠤᠨ ᠦᠢᠯᠡᠰ ᠡᠷᠬᠢᠮ ᠳᠡᠭᠡᠳᠦ ᠪᠥᠭᠡᠳ ᠠᠭᠤᠤ ᠶᠡᠭᠡ᠂ ᠪᠠᠭᠰᠢ ᠶᠢᠨ ᠠᠵᠢᠯ ᠢᠷᠠᠭᠤ ᠠᠯᠳᠠᠷᠲᠠᠢ ᠪᠥᠭᠡᠳ ᠠᠷᠢᠭᠤᠨ ᠲᠠᠷᠬᠠᠨ ᠪᠠᠶᠢᠳᠠᠭ᠃ ᠤᠯᠤᠰ ᠳᠦᠷᠦ ᠶᠢᠨ ᠵᠣᠭᠰᠣᠯᠲᠠ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠨ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠲᠠᠯ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ ︽ᠦᠷ᠎ᠡ ᠪᠦᠲᠦᠮᠵᠢ ᠶᠢ ᠪᠠᠲᠤᠳᠬᠠᠵᠤ᠂ ᠰᠢᠨ᠎ᠡ ᠳᠡᠭᠲᠡᠷ ᠲᠤ ᠭᠠᠷᠭᠠᠬᠤ︾ ᠬᠠᠷᠠᠯᠲᠠ ᠡᠭᠦᠷᠭᠡ ᠶᠢ ᠲᠦᠷᠭᠡᠨ ᠪᠡᠶᠡᠯᠡᠭᠦᠯᠬᠦ ᠬᠡᠷᠡᠭᠲᠡᠢ᠃ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢ ᠤᠷᠢᠳᠠᠪᠠᠷ ᠲᠥᠯᠥᠪᠵᠢᠭᠦᠯᠬᠦ᠂ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢ ᠤᠷᠢᠳᠠᠪᠠᠷ ᠲᠣᠬᠢᠷᠠᠭᠤᠯᠬᠤ᠂ ᠰᠤᠷᠭᠠᠨ ᠬᠥᠮᠦᠵᠢᠯ ᠳᠤ ᠬᠡᠷᠡᠭᠯᠡᠬᠦ ᠭᠠᠵᠠᠷ ᠢ ᠤᠷᠢᠳᠠᠪᠠᠷ ᠪᠠᠲᠤᠯᠠᠬᠤ᠂ ᠰᠤᠷᠭᠠᠨ ᠬᠥᠮᠦᠵᠢᠯ ᠳᠤ ᠬᠥᠮᠥᠨ ᠬᠡᠷᠡᠭᠯᠡᠬᠦ ᠶᠢ ᠤᠷᠢᠳᠠᠪᠠᠷ   ᠨᠥᠬᠦᠪᠦᠷᠢᠯᠡᠬᠦ᠂ ᠰᠤᠷᠭᠠᠨ ᠬᠥᠮᠦᠵᠢᠯ ᠤᠨ ᠠᠰᠠᠭᠤᠳᠠᠯ ᠢ ᠤᠷᠢᠳᠠᠪᠠᠷ ᠰᠢᠢᠳᠪᠦᠷᠢᠯᠡᠬᠦ ᠶᠢ ᠡᠷᠡᠰ ᠪᠡᠶᠡᠯᠡᠭᠦᠯᠦᠨ᠂ ᠭᠡᠷ ᠤᠨ ᠡᠭᠦᠳᠡᠨ ᠳᠠᠬᠢ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ︽ᠣᠲᠤᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠠᠨᠠᠯ︾ ᠢ ᠪᠥᠬᠦ ᠲᠠᠯ᠎ᠠ ᠪᠠᠷ ᠲᠣᠭᠤᠰᠢᠯᠠᠭᠤᠯᠤᠨ᠂  ᠰᠤᠷᠭᠠᠨ ᠬᠥᠮᠦᠵᠢᠯ ᠤᠨ ᠦᠢᠯᠡᠰ ᠤᠨ ᠰᠢᠰᠲ᠋ᠧᠮ ᠤᠨ ᠴᠢᠨᠠᠷᠲᠠᠢ ᠳᠡᠭᠡᠭᠰᠢᠯᠡᠯᠲᠡ ᠪᠠ ᠴᠢᠨᠠᠷ ᠤᠨ ᠬᠤᠪᠢᠷᠠᠯᠲᠠ ᠶᠢ ᠲᠦᠷᠭᠡᠨ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠳᠡᠭᠡᠷ᠎ᠡ ︽ᠤᠳᠤᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠰᠠᠨᠠᠯ ︵ᠶᠠᠷᠢᠯᠴᠠᠬᠤ ᠨᠣᠣᠷᠠᠭ︶︾ ᠢ ᠲᠠᠶᠢᠯᠪᠤᠷᠢᠯᠠᠪᠠ᠃      ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠭᠰᠠᠨ ᠲᠡᠷᠢᠭᠦᠨ ᠤ ᠬᠠᠮᠲᠤ ᠪᠠ ᠬᠤᠪᠢ ᠬᠥᠮᠥᠨ᠂ ᠬᠤᠰᠢᠭᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ᠂ ᠲᠠᠰᠤᠭ ᠤᠨ ᠬᠠᠷᠢᠭᠤᠴᠠᠯᠭᠠᠲᠠᠨ᠂ ᠡᠯ᠎ᠡ ᠰᠤᠷᠭᠠᠭᠤᠯᠢ ᠶᠢᠨ ᠵᠠᠬᠢᠷᠤᠯ ᠴᠡᠴᠡᠷᠯᠢᠭ ᠤᠨ ᠳᠠᠷᠤᠭ᠎ᠠ᠂ ᠪᠠᠭᠰᠢ ᠵᠢᠴᠢ ᠭᠡᠷ ᠤᠨ ᠠᠬᠠᠮᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ