ᠭᠡᠷ ᠤᠨ ᠡᠭᠦᠳᠡᠨ ᠳᠠᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠶ᠎ᠡ︕ ᠬᠤᠰᠢᠭᠤ ᠤᠳᠤᠷᠢᠳᠤᠯᠭ᠎ᠠ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠪᠥᠬᠦ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/10
      9 ᠳ᠋ᠦ᠋ᠭᠡᠷ ᠰᠠᠷ᠎ᠠ ᠶᠢᠨ 9 ᠤ ᠡᠳᠦᠷ᠂ ᠳᠥᠴᠢᠳᠦᠭᠡᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠳᠤ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠢᠶᠧ ᠢᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠵᠢᠶᠦ᠋ᠨ᠂ ᠬᠤᠰᠢᠭᠤ ᠳᠡᠳ᠋ ᠳᠠᠷᠤᠭ᠎ᠠ ᠨᠠᠰᠤᠨᠳᠡᠯᠭᠡᠷ ᠨᠠᠷ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠪᠥᠬᠦ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠳᠠᠯ ᠤᠨ ᠬᠤᠷᠠᠯ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠣᠨ ᠬᠡᠰᠡᠭ ᠰᠤᠷᠭᠠᠭᠤᠯᠢ ᠶᠢᠨ  ᠵᠠᠬᠢᠷᠤᠯ ᠴᠡᠴᠡᠷᠯᠢᠭ ᠤᠨ ᠳᠠᠷᠤᠭ᠎ᠠ᠂ ᠪᠠᠭᠰᠢ ᠨᠠᠷ ᠤᠨ ᠲᠥᠯᠥᠭᠡᠯᠡᠭᠴᠢ ᠣᠷᠣᠯᠴᠠᠪᠠ᠃      ᠰᠠᠭᠤᠳᠠᠯ ᠤᠨ ᠬᠤᠷᠠᠯ  ᠠᠴᠠ ᠡᠮᠦᠨ᠎ᠡ᠂ ᠰᠣ᠋ ᡁᠢ ᠰᠢᠶᠦ᠋ᠡᠭ ᠨᠠᠷ ᠤᠷᠢᠳ ᠬᠤᠵᠢᠳ ᠤᠲᠤᠭ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠬᠡᠦᠬᠡᠳ ᠤᠨ ᠴᠡᠴᠡᠷᠯᠢᠭ  ᠪᠠ  ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠬᠦᠷᠴᠦ᠂ ᠬᠠᠮᠲᠤᠷᠠᠨ ᠰᠤᠷᠭᠠᠭᠤᠯᠢ ᠡᠷᠬᠢᠯᠡᠬᠦ᠂ ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠪᠠᠶᠢᠯᠭᠠᠬᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠵᠢᠴᠢ ᠨᠡᠶᠢᠳᠡᠮ ᠬᠠᠷᠠᠭᠠᠯᠵᠠᠯ ᠦᠵᠡᠭᠦᠯᠬᠦ᠂ ᠠᠵᠢᠯ ᠮᠡᠷᠭᠡᠵᠢᠯ ᠤᠨ  ᠰᠤᠷᠭᠠᠨ ᠬᠥᠮᠦᠵᠢᠯ ᠵᠡᠷᠭᠡ ᠵᠠᠩᠭᠢᠯᠠᠭ᠎ᠠ ᠶᠢᠨ ᠬᠦᠷᠢᠶᠡᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠣᠯᠣᠨ ᠣᠷᠣᠰᠢᠵᠤ ᠪᠠᠶᠢᠭ᠎ᠠ ᠬᠦᠴᠢᠷ ᠠᠰᠠᠭᠤᠳᠠᠯ  ᠢ ᠪᠦᠬᠦ ᠲᠠᠯ᠎ᠠ  ᠪᠠᠷ ᠣᠶᠢᠯᠠᠭᠠᠪᠠ᠃      ᠳᠠᠷᠠᠭ᠎ᠠ ᠪᠠᠷ ᠨᠢ ᠬᠤᠷᠠᠯᠳᠤᠭᠤᠯᠤᠭᠰᠠᠨ ᠪᠥᠬᠦ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠰᠤᠷᠭᠠᠨ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ᠂ ᠰᠤᠷᠭᠠᠭᠤᠯᠢ ᠶᠢᠨ ᠵᠠᠬᠢᠷᠤᠯ ᠴᠡᠴᠡᠷᠯᠢᠭ ᠤᠨ ᠳᠠᠷᠤᠭ᠎ᠠ ᠶᠢᠨ ᠲᠥᠯᠥᠭᠡᠯᠡᠭᠴᠢ ᠪᠣᠯᠣᠨ ᠪᠠᠭᠰᠢ ᠶᠢᠨ ᠲᠥᠯᠥᠭᠡᠯᠡᠭᠴᠢ ᠲᠣᠰ ᠲᠣᠰ ᠶᠠᠷᠢᠶ᠎ᠠ ᠲᠠᠯᠪᠢᠪᠠ᠃      ᠰᠣ᠋ ᡁᠢ ᠰᠢᠶᠦ᠋ᠡᠭ ᠬᠡᠯᠡᠬᠦ ᠳᠡᠭᠡᠨ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠂ ᠠᠯᠤᠰ ᠬᠡᠲᠦ ᠳᠤ ᠬᠤᠯᠪᠣᠭᠳᠠᠬᠤ ᠰᠠᠭᠤᠷᠢ ᠢᠨᠵᠧᠨᠧᠷᠢᠩ᠂ ᠮᠦᠨᠴᠦ ᠠᠷᠠᠳ ᠤᠨ ᠠᠮᠢᠳᠤᠷᠠᠯ ᠳᠤ ᠬᠤᠯᠪᠣᠭᠳᠠᠬᠤ ᠢᠨᠵᠧᠨᠧᠷᠢᠩ ᠮᠥᠨ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠨᠢᠭᠡ ᠰᠡᠳᠬᠢᠯ ᠨᠢᠭᠡ ᠵᠣᠷᠢᠭ ᠢᠶᠠᠷ ᠣᠲᠤᠭ ᠤᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ︾ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠨᠢ ᠴᠠᠭ ᠦᠶ᠎ᠡ ᠲᠠᠢ ᠲᠣᠬᠢᠷᠠᠵᠤ᠂ ᠠᠷᠠᠳ ᠤᠨ ᠰᠠᠨᠠᠭᠠᠨ ᠳᠤ ᠨᠡᠶᠢᠴᠡᠨ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ ᠤ ᠲᠡᠮᠡᠴᠡᠬᠦ ᠬᠠᠷᠠᠯᠲᠠ ᠮᠥᠨ︾ ᠭᠡᠬᠦ ᠠᠷᠠᠳ ᠲᠦᠮᠡᠨ ᠤ ᠰᠡᠳᠬᠢᠯᠭᠡ ᠶᠢ ᠠᠮᠢᠳᠤᠯᠢᠭ ᠢᠶᠠᠷ ᠲᠠᠶᠢᠯᠪᠤᠷᠢᠯᠠᠭᠰᠠᠨ ᠪᠠᠶᠢᠨ᠎ᠠ᠃ ᠭᠤᠷᠪᠠᠨ ᠵᠢᠯ ᠤᠨ ᠲᠤᠷᠰᠢ᠂ ᠣᠲᠤᠭ ᠬᠤᠰᠢᠭᠤᠨ ᠤ ᠪᠥᠬᠦ ᠰᠤᠷᠭᠠᠨ ᠬᠥᠮᠦᠵᠢᠯ ᠤᠨ ᠠᠵᠢᠯᠲᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠨᠲᠠᠷᠠᠰᠢ ᠦᠭᠡᠢ ᠲᠡᠮᠡᠴᠡᠨ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠲᠦᠷᠭᠡᠨ ᠳᠠᠪᠰᠢᠯᠲᠠ ᠲᠠᠢ ᠪᠣᠯᠵᠤ᠂ ︽ᠭᠤᠷᠪᠠᠨ ᠵᠢᠯ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠬᠤ︾ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃  ᠬᠤᠶᠠᠷ ᠵᠢᠯ ᠳᠤ ᠰᠠᠭᠤᠷᠢ ᠪᠠᠨ ᠪᠠᠲᠤᠳᠬᠠᠨ᠂ ᠭᠤᠷᠪᠠᠨ ᠵᠢᠯ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠲᠠᠪᠤᠨ ᠵᠢᠯ ᠳᠤ ᠰᠢᠨ᠎ᠡ ᠳᠡᠭᠲᠡᠷ ᠲᠤ ᠭᠠᠷᠤᠨ᠂ ᠵᠢᠷᠭᠤᠭᠠᠨ ᠵᠢᠯ ᠳᠤ ᠶᠡᠭᠡ ᠠᠮᠵᠢᠯᠲᠠ ᠣᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠣᠲᠤᠭ ᠤᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠰᠡᠳᠬᠢᠴᠡ ᠪᠠ ᠬᠠᠷᠠᠯᠲᠠ ᠪᠠᠨ ᠪᠡᠶᠡᠯᠡᠭᠦᠯᠦᠨ᠂ ᠨᠠᠶᠢᠳᠠᠪᠤᠷᠢᠵᠢᠭᠤᠯᠤᠯᠲᠠ ᠶᠢ ᠢᠮᠠᠭᠲᠠ ᠪᠠᠷᠢᠮᠲᠠᠯᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠷᠭᠦᠯᠵᠢᠯᠡᠨ ᠦᠷᠭᠦᠯᠵᠢᠯᠡᠨ ᠳᠡᠮᠵᠢᠵᠦ ᠪᠠᠲᠤᠯᠠᠨ᠂ ᠥᠩᠭᠡᠷᠡᠭᠰᠡᠨ ᠲᠠᠢ ᠪᠠᠨ ᠠᠳᠠᠯᠢ ᠪᠠᠷ ᠣᠲᠤᠭ ᠤᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠷᠢᠨ ᠣᠨᠣᠪᠴᠢᠲᠠᠶ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠨ᠂ ︽ᠬᠤᠶᠠᠷ ᠢ ᠪᠠᠭᠠᠰᠬᠠᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠡᠷᠡᠰ ᠭᠤᠶᠢᠪᠢᠰᠢ ᠦᠭᠡᠢ ᠬᠥᠮᠥᠵᠢᠭᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠤᠨ ︽ᠳᠥᠷᠪᠡ ᠶᠢ ᠪᠦᠷᠢᠳᠦᠭᠦᠯᠦᠭᠰᠡᠨ ᠰᠠᠶᠢᠨ ᠪᠠᠭᠰᠢ︾᠂ ︽ᠳᠥᠷᠪᠡ ᠶᠢ ᠳᠠᠭᠠᠭᠤᠯᠤᠭᠴᠢ︾ ᠶᠢᠨ ᠱᠠᠭᠠᠷᠳᠠᠯᠭ᠎ᠠ ᠶᠣᠰᠣᠭᠠᠷ᠂ ᠥᠨᠳᠥᠷ ᠬᠡᠪ ᠪᠣᠯᠪᠠᠰᠤᠷᠠᠯ ᠲᠠᠢ᠂  ᠲᠤᠰᠬᠠᠢ ᠮᠡᠷᠭᠡᠵᠢᠯ ᠲᠠᠢ᠂ ᠰᠢᠨ᠎ᠡ ᠶᠢ ᠡᠭᠦᠳᠬᠦ ᠬᠡᠯᠪᠡᠷᠢ ᠶᠢᠨ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ