︽ᠰᠢᠬᠢᠷ ᠯᠤᠤᠪᠠᠨᠭ᠌᠂ ᠭᠠᠰᠢᠭᠤᠨ ᠨᠣᠭᠤᠭ᠎ᠠ᠂ ᠴᠠᠷᠭᠠᠰᠤ ᠶᠢᠨ ᠡᠪᠡᠰᠦ᠂ ᠡᠷᠳᠡᠨᠢ ᠰᠢᠰᠢ ᠢᠳᠡᠵᠦ ᠥᠰᠦᠭᠰᠡᠨ ᠮᠢᠨᠤ ᠲᠠᠬᠢᠶᠠᠨ ᠮᠢᠬ᠎ᠠ ᠯᠠᠪᠲᠠᠢ ᠡᠩ ᠤᠨ | ᠳᠠᠬᠢᠶᠠᠨ ᠮᠢᠬ᠎ᠠ ᠠᠴᠠ ᠠᠮᠲᠠᠲᠠᠢ︾ ᠭᠡᠵᠦ ᠮᠧᠩ ᠰᠢ ᠪᠠᠯᠭᠠᠰᠤᠨ ᠤ ᠰᠤᠪᠠᠭ ᠤᠨ ᠬᠥᠪᠡᠭᠡ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠶᠤᠸᠠᠨ ᠰᠢᠨ ᠨᠠᠶᠢᠵᠠ | ᠶᠢᠨ ᠲᠣᠭᠤᠷᠢᠭ ᠲᠠᠭᠠᠨ ᠪᠢᠴᠢᠭᠰᠡᠨ ᠪᠠᠶᠢᠯ᠎ᠠ᠃ | ᠮᠧᠩ ᠰᠢ ᠪᠠᠯᠭᠠᠰᠤᠨ ᠤ ᠰᠤᠪᠠᠭ ᠤᠨ ᠬᠥᠪᠡᠭᠡ ᠲᠣᠰᠬᠤᠨ ᠳᠤ 200 ᠭᠠᠷᠤᠢ ᠲᠠᠬᠢᠶ᠎ᠠ ᠥᠯᠥᠰᠪᠡᠯ ︽ᠰᠢᠮ᠎ᠡ ᠲᠡᠵᠢᠭᠡᠯ ᠲᠠᠢ ᠬᠤᠭᠤᠯᠠ︾ ᠢᠳᠡᠵᠦ᠂ | ᠤᠮᠳᠠᠭᠠᠰᠪᠠᠯ ᠴᠡᠪᠡᠷ ᠤᠰᠤ ᠤᠤᠭᠤᠨ᠂ ᠶᠠᠳᠠᠷᠠᠪᠠᠯ ︽ᠲᠣᠮᠣ ᠬᠤᠸᠠᠷᠠᠨ︾ ᠳᠠᠭᠠᠨ ᠬᠠᠷᠢᠵᠤ ᠠᠮᠠᠷᠠᠨ ︽ᠵᠢᠷᠭᠠᠯᠲᠠᠢ ᠠᠮᠢᠳᠤᠷᠠᠳᠠᠭ︾ ᠶᠤᠮ᠃ | ︽ᠥᠷᠯᠥᠭᠡ ᠭᠠᠰᠢᠭᠤᠨ ᠨᠣᠭᠤᠭ᠎ᠠ᠂ ᠦᠳᠡ ᠳᠤ ᠴᠠᠷᠭᠠᠰᠤ᠂ ᠦᠳᠡ ᠶᠢᠨ ᠬᠤᠶᠢᠨ᠎ᠠ ᠰᠢᠬᠢᠷ ᠯᠤᠤᠪᠠᠨᠭ᠌ ᠢᠳᠡᠭᠦᠯᠵᠦ᠂ ᠰᠤᠯᠠ ᠰᠡᠯᠡᠭᠦᠦ ᠴᠠᠭ ᠢᠶᠠᠷ ᠨᠢ | ᠵᠢᠮᠢᠰ ᠤᠨ ᠬᠦᠷᠢᠶᠡᠯᠡᠩ ᠳᠤ ᠡᠷᠭᠢᠴᠡᠭᠦᠯᠦᠨ᠎ᠡ︕︾ ᠡᠨᠡ ᠪᠣᠯ ᠰᠤᠪᠠᠭ ᠤᠨ ᠬᠥᠪᠡᠭᠡ ᠲᠣᠰᠬᠤᠨ ᠤ ᠶᠤᠸᠠᠨ ᠰᠢᠨ ᠤ ᠡᠳᠦᠷ ᠪᠦᠷᠢ ᠴᠢᠩᠭ᠎ᠠ ᠪᠠᠷᠢᠮᠲᠠᠯᠠᠳᠠᠭ | ᠲᠠᠬᠢᠶ᠎ᠠ ᠳᠠᠭᠠᠨ ᠲᠣᠬᠢᠷᠠᠭᠤᠯᠤᠭᠰᠠᠨ ︽ᠡᠳᠦᠷ ᠤᠨ ᠲᠣᠬᠢᠷᠠᠭᠤᠯᠭ᠎ᠠ︾ ᠪᠣᠯᠣᠨ᠎ᠠ᠂ ᠡᠶᠢᠮᠦᠷᠬᠦ ᠥᠪᠡᠷᠮᠢᠴᠡ ᠣᠨᠴᠠᠯᠢᠭ ᠲᠠᠢ ᠲᠠᠬᠢᠶ᠎ᠠ ᠲᠡᠵᠢᠭᠡᠬᠦ ᠵᠠᠭᠪᠤᠷ ᠨᠢ ᠲᠡᠭᠦᠨ ᠢ | ᠥᠪᠡᠷᠮᠢᠴᠡ ᠣᠨᠴᠠᠯᠢᠭᠲᠤ ᠴᠢᠨᠡᠭᠡᠯᠢᠭᠵᠢᠯ ᠤᠨ ᠵᠠᠮ ᠢᠶᠠᠷ ᠵᠠᠮᠨᠠᠭᠤᠯᠤᠭᠰᠠᠨ ᠪᠠᠶᠢᠨ᠎ᠠ᠃ ᠭᠡᠪᠡᠴᠦ ᠡᠨᠡ ᠵᠠᠮ ᠢᠶᠠᠷ ᠵᠠᠮᠨᠠᠬᠤ ᠠᠴᠠ ᠡᠮᠦᠨ᠎ᠡ ᠲᠡᠷᠡ ᠪᠠᠰᠠ ᠬᠤᠶᠠᠷ | ᠤᠳᠠᠭᠠᠨ ᠤ ᠢᠯᠠᠭᠳᠠᠯ ᠳᠤ ᠤᠴᠠᠷᠠᠵᠠᠢ᠂ ᠣᠳᠣ ᠪᠣᠯ ᠲᠡᠭᠦᠨ ᠤ ᠭᠤᠷᠪᠠᠳᠠᠭᠢ ᠤᠳᠠᠭᠠᠨ ᠤ ᠲᠡᠵᠢᠭᠡᠨ ᠦᠷᠡᠵᠢᠭᠦᠯᠬᠦ ᠠᠵᠢᠯᠯᠠᠭ᠎ᠠ ᠪᠣᠯᠣᠨ᠎ᠠ᠃ | ᠬᠤᠶᠠᠷ ᠤᠳᠠᠭ᠎ᠠ ᠢᠯᠠᠭᠳᠠᠭᠰᠠᠨ ᠴᠤ ᠬᠠᠷ᠎ᠠ ᠪᠣᠷᠣ ᠴᠢᠷᠠᠢ ᠲᠠᠢ᠂ ᠬᠠᠴᠠᠷ ᠳᠥᠭᠦᠷᠡᠩ ᠢᠨᠢᠶᠡᠮᠰᠦᠭᠯᠡᠯ ᠲᠠᠢ ᠶᠤᠸᠠᠨ ᠰᠢᠠ ᠤ ᠬᠠᠲᠠᠭᠤ ᠵᠣᠷᠢᠭ ᠢ ᠮᠣᠬᠤᠭᠠᠵᠤ | ᠳᠡᠶᠢᠯᠦᠭᠰᠡᠨ ᠦᠭᠡᠢ᠃ 2015 ᠣᠨ ᠳᠤ᠂ ᠶᠤᠸᠠᠨ ᠰᠢᠨ ᠲᠡᠵᠢᠭᠡᠨ ᠦᠷᠡᠵᠢᠭᠦᠯᠬᠦ ᠦᠢᠯᠡᠰ ᠢ ᠤᠯᠠᠮ ᠨᠢᠭᠡ ᠠᠯᠬᠤᠮ ᠬᠥᠭᠵᠢᠭᠦᠯᠬᠦ ᠪᠠᠷ ᠢ ᠰᠢᠤᠸᠠᠨ | ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢ ᠪᠠᠶᠢᠭᠤᠯᠵᠤ᠂ ᠢᠳᠡᠰᠢᠨ ᠭᠠᠭ᠋ᠠᠢ ᠶᠡᠬᠡᠪᠡᠷ ᠲᠡᠵᠢᠭᠡᠵᠡᠢ᠃ 2020 ᠣᠨ ᠳᠤ᠂ ᠲᠡᠷᠡ ᠲᠠᠬᠢᠶ᠎ᠠ | ᠲᠡᠵᠢᠭᠡᠨ ᠦᠷᠡᠵᠢᠭᠦᠯᠬᠦ ᠲᠤᠬᠠᠢ ᠬᠠᠶᠢᠨ ᠰᠦᠪᠡᠭᠴᠢᠯᠡᠯᠲᠡ ᠪᠠᠨ ᠡᠬᠢᠯᠡᠭᠦᠯᠪᠡ᠃ | ᠲᠠᠬᠢᠶ᠎ᠠ ᠲᠡᠵᠢᠭᠡᠬᠦ ᠨᠢ ᠡᠩ ᠤᠨ ᠶᠠᠪᠤᠳᠠᠯ ᠪᠣᠯᠪᠠᠴᠤ ᠶᠤᠸᠠᠨ ᠰᠢᠨ ᠥᠪᠡᠷᠮᠢᠴᠡ ᠣᠨᠴᠠᠯᠢᠭ ᠢ ᠲᠣᠪᠣᠶᠢᠯᠭᠠᠬᠤ ᠪᠠᠷ ᠴᠢᠷᠮᠠᠶᠢᠭᠰᠠᠭᠠᠷ᠃ ᠲᠡᠷᠡ ︽ᠵᠢᠮᠢᠰ ᠤᠨ | ᠬᠦᠷᠢᠶᠡᠯᠡᠩ ᠤᠨ ᠡᠬᠢ ᠪᠠᠶᠠᠯᠢᠭ ᠲᠤ ᠲᠦᠰᠢᠭᠯᠡᠵᠦ ᠲᠡᠵᠢᠭᠡᠨ ᠦᠷᠡᠵᠢᠭᠦᠯᠬᠦ︾ ᠵᠠᠭᠪᠤᠷ ᠢ ᠰᠤᠷᠴᠤ᠂ 2020 ᠣᠨ ᠠᠴᠠ ᠡᠬᠢᠯᠡᠨ᠂ ᠭᠠᠭ᠋ᠠᠢ ᠶᠢᠨ ᠪᠠᠭᠠᠰᠤ ᠶᠢ | ᠢᠰᠬᠡᠵᠦ ᠦᠳᠦ ᠬᠤᠷᠣᠬᠠᠢ ᠶᠢ ᠪᠣᠶᠢᠵᠢᠭᠤᠯᠤᠨ᠂ ᠲᠠᠬᠢᠶ᠎ᠠ ᠳᠤ ᠰᠢᠮ᠎ᠡ ᠲᠡᠵᠢᠭᠡᠯ ᠨᠥᠬᠦᠪᠦᠷᠢᠯᠡᠵᠦ᠂ ᠳᠠᠬᠢᠶ᠎ᠠ ᠭᠠᠭ᠋ᠠᠢ ᠶᠢ ᠣᠷᠴᠢᠯᠳᠤᠭᠤᠯᠤᠨ ᠲᠡᠵᠢᠭᠡᠨ | ᠦᠷᠡᠵᠢᠭᠦᠯᠦᠭᠰᠡᠨ ᠪᠣᠯᠪᠠᠴᠤ ᠮᠡᠷᠭᠡᠵᠢᠯ ᠪᠣᠯᠪᠠᠰᠤᠷᠠᠩᠭᠤᠢ ᠪᠤᠰᠤ ᠠᠴᠠ ᠪᠣᠯᠣᠭᠠᠳ ᠡᠴᠦᠰ ᠲᠡᠭᠡᠨ ᠢᠯᠠᠭᠳᠠᠪᠠ᠃ ᠲᠡᠷᠡ ᠪᠠᠰᠠ ᠲᠠᠬᠢᠶ᠎ᠠ ᠳᠤ ᠬᠡᠭᠡᠷ᠎ᠡ ᠶᠢᠨ | ᠳᠡᠭᠦᠵᠢᠩ ᠬᠢᠵᠦ ᠥᠭᠬᠦ ᠪᠠᠷ ᠲᠤᠷᠰᠢᠭᠰᠠᠨ ᠪᠣᠯᠪᠠᠴᠤ ᠮᠥᠨ ᠯᠡ ᠢᠯᠠᠭᠳᠠᠪᠠ᠂ ᠡᠨᠡ ᠬᠤᠶᠠᠷ ᠤᠳᠠᠭᠠᠨ ᠤ ᠢᠯᠠᠭᠳᠠᠯ ᠨᠢ ᠲᠡᠭᠦᠨ ᠳᠤ ᠪᠠᠭ᠎ᠠ ᠪᠤᠰᠤ ᠬᠤᠬᠢᠷᠠᠯ | ᠠᠪᠴᠢᠷᠠᠵᠠᠢ᠂ ᠭᠡᠪᠡᠴᠦ ᠬᠠᠷᠠᠬᠠᠨ ᠪᠠᠭ᠎ᠠ ᠠᠴᠠ ᠪᠠᠨ ᠬᠠᠲᠠᠭᠤ ᠪᠡᠷᠬᠡᠰᠢᠶᠡᠯ ᠳᠤ ᠲᠣᠯᠣᠭᠠᠢ ᠪᠥᠬᠦᠶᠢᠳᠡᠭ ᠦᠭᠡᠢ ᠶᠤᠸᠠᠨ ᠰᠢᠠ ᠤᠨᠠᠭᠰᠠᠨ ᠭᠠᠵᠠᠷ ᠠᠴᠠ ᠪᠠᠨ ᠳᠠᠬᠢᠨ | ᠪᠣᠰᠴᠤ᠂ ᠪᠦᠬᠦ ᠬᠦᠴᠦ ᠬᠥᠯᠥᠰᠦ ᠪᠠᠨ ᠢᠳᠡᠰᠢᠨ ᠲᠠᠬᠢᠶ᠎ᠠ ᠲᠡᠵᠢᠭᠡᠬᠦ ᠳᠤ ᠵᠣᠷᠢᠭᠤᠯᠤᠨ᠂ ᠨᠢᠭᠡ ᠯᠡ ᠰᠡᠳᠬᠢᠯ ᠢᠶᠠᠷ ᠲᠠᠬᠢᠶ᠎ᠠ ᠲᠡᠵᠢᠭᠡᠬᠦ ᠪᠠᠷ ᠣᠯᠠᠨ ᠵᠢᠯ ᠡᠷᠬᠢᠯᠡᠨ | ᠬᠢᠭᠰᠡᠨ ᠭᠠᠭ᠋ᠠᠢ ᠲᠡᠵᠢᠭᠡᠬᠦ ᠦᠢᠯᠡᠰ ᠢᠶᠠᠨ ᠲᠦᠷ ᠵᠣᠭᠰᠣᠵᠤ᠂ ᠪᠦᠬᠦ ᠰᠡᠳᠬᠢᠯ ᠢᠶᠠᠷ ᠢᠶᠠᠨ ︽ᠬᠠᠶᠢᠷᠠᠲᠠᠢ ᠴᠤᠷᠪᠠᠭ᠎ᠠ ᠨᠤᠭᠤᠳ︾ ᠢᠶᠠᠨ ᠬᠠᠷᠠᠭᠠᠯᠵᠠᠵᠠᠢ᠃ | ︽ᠮᠢᠨᠤ ᠲᠠᠬᠢᠶᠠᠨ ᠮᠢᠬ᠎ᠠ ᠯᠠᠪᠲᠠᠢ ᠰᠠᠶᠢᠬᠠᠨ ᠠᠮᠲᠠᠲᠠᠢ︕︾᠂ ︽ᠮᠢᠨᠤ ᠳᠠᠬᠢᠶᠠᠨ ᠮᠢᠬ᠎ᠠ ᠶᠢ ᠨᠢᠭᠡ ᠢᠳᠡᠪᠡᠯ ᠥᠭᠡᠷ᠎ᠡ ᠳᠠᠬᠢᠶᠠᠨ ᠮᠢᠬ᠎ᠠ ᠶᠢ ᠰᠣᠩᠭᠤᠬᠤ | ᠶᠣᠰᠣ ᠦᠭᠡᠢ︾ ᠭᠡᠵᠦ ᠶᠤᠸᠠᠨ ᠰᠢᠨ ᠢᠲᠡᠭᠡᠯ ᠲᠡᠭᠦᠯᠳᠡᠷ ᠬᠡᠯᠡᠨ᠎ᠡ᠃ ᠮᠸᠡᠭ ᠰᠢ ᠪᠠᠯᠭᠠᠰᠤᠨ ᠤ ᠲᠠᠩᠰᠤᠭ ᠰᠠᠶᠢᠬᠠᠨ ᠪᠠᠶᠢᠭᠠᠯᠢ ᠶᠢᠨ ᠣᠷᠴᠢᠨ ᠳᠤ | ᠲᠦᠰᠢᠭᠯᠡᠭᠰᠡᠨ ᠠᠴᠠ ᠶᠤᠸᠠᠨ ᠰᠢᠨ ᠤ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠦᠢᠯᠡᠰ ᠮᠠᠰᠢ ᠲᠦᠷᠭᠡᠨ ᠬᠥᠭᠵᠢᠪᠡ᠃ ᠲᠡᠷᠡ ᠴᠤᠷᠪᠠᠭ᠎ᠠ ᠨᠤᠭᠤᠳ ᠲᠤ | ᠲᠤᠰᠬᠠᠶᠢᠯᠠᠨ ᠪᠣᠬᠢᠷᠲᠤᠯ ᠦᠭᠡᠢ ᠰᠢᠬᠢᠷ ᠯᠤᠤᠪᠠᠨᠭ᠌᠂ ᠭᠠᠰᠢᠭᠤᠨ ᠨᠣᠭᠤᠭ᠎ᠠ᠂ ᠴᠠᠷᠭᠠᠰᠤ ᠶᠢᠨ ᠡᠪᠡᠰᠦ᠂ ᠡᠷᠳᠡᠨᠢ ᠰᠢᠰᠢ ᠲᠠᠷᠢᠵᠦ᠂ ᠴᠠᠭ ᠢᠮᠠᠭᠲᠠ ᠰᠢᠨ᠎ᠡ | ᠰᠣᠷᠭᠤᠭ ︽ᠨᠣᠭᠤᠭ᠎ᠠ︾ ᠬᠠᠩᠭᠠᠬᠤ ᠶᠢ ᠪᠠᠲᠤᠯᠠᠪᠠ᠃ ᠶᠤᠸᠠᠨ ᠰᠢᠠ ᠡᠳᠦᠷ ᠪᠦᠷᠢ ᠥᠷᠯᠥᠭᠡ ᠶᠢᠨ 5 ᠴᠠᠭ ᠲᠤ ᠪᠣᠰᠴᠤ ᠲᠡᠵᠢᠭᠡᠨ ᠦᠷᠡᠵᠢᠭᠦᠯᠬᠦ ᠲᠠᠯᠠᠪᠠᠶ ᠳᠤ | ᠬᠦᠷᠦᠨ᠂ ᠴᠤᠷᠪᠠᠭ᠎ᠠ ᠶᠢᠨ ᠨᠢᠭᠡ ᠡᠳᠦᠷ ᠤᠨ ᠢᠳᠡᠰᠢ ᠶᠢ ᠪᠡᠯᠡᠳᠬᠡᠳᠡᠭ᠃ ᠡᠶᠢᠮᠦᠷᠬᠦᠦ ᠣᠨᠴᠠᠭᠠᠶ ᠪᠣᠶᠢᠵᠢᠭᠤᠯᠤᠯᠲᠠ ᠪᠠᠷ ᠳᠠᠮᠵᠢᠭᠠᠳ ᠲᠠᠬᠢᠶ᠎ᠠ ᠶᠢᠨ ᠠᠷᠠᠰᠤ ᠨᠢ | ᠨᠢᠮᠭᠡᠨ᠂ ᠶᠠᠰᠤ ᠨᠢ ᠨᠠᠷᠢᠨ᠂ ᠮᠢᠬ᠎ᠠ ᠨᠢ ᠵᠥᠭᠡᠯᠡᠨ᠂ ᠲᠠᠷᠭᠤᠨ ᠪᠣᠯᠪᠠᠴᠤ ᠲᠣᠰᠣ ᠥᠭᠡᠬᠦ ᠦᠭᠡᠢ ᠵᠡᠷᠭᠡ ᠣᠨᠴᠠᠯᠢᠭ ᠲᠠᠢ ᠪᠣᠯᠳᠠᠭ᠃ | ᠶᠤᠸᠠᠨ ᠰᠢᠨ ᠵᠢᠮᠢᠰ ᠤᠨ ᠬᠦᠷᠢᠶᠡᠯᠡᠩ ᠳᠤ ᠭᠦᠶᠦᠯᠳᠦᠵᠦ ᠪᠠᠶᠢᠭ᠎ᠠ ᠤᠯᠠᠭᠠᠨ ᠡᠷᠡᠭᠴᠢᠨ ᠲᠠᠬᠢᠶ᠎ᠠ ᠪᠠᠨ ᠵᠢᠭᠠᠵᠤ᠂ ᠡᠳᠡᠭᠡᠷ ᠤᠨ ᠮᠢᠬᠠᠨ ᠤ ᠥᠭᠡᠬᠦ ᠶᠢᠨ | ᠠᠭᠤᠯᠤᠭᠳᠠᠴᠠ ᠨᠢ ᠳᠣᠣᠷ᠎ᠠ᠂ ᠮᠢᠬ᠎ᠠ ᠨᠢ ᠰᠣᠷᠭᠤᠭ᠂ ᠰᠢᠮ᠎ᠡ ᠲᠡᠵᠢᠭᠡᠯ ᠡᠯᠪᠡᠭ ᠠᠭᠤᠯᠤᠭᠳᠠᠳᠠᠭ ᠠᠴᠠ ᠬᠡᠷᠡᠭᠯᠡᠭᠴᠢᠳ ᠤᠨ ᠲᠠᠭᠠᠰᠢᠶᠠᠯ ᠢ ᠣᠯᠵᠤ ᠪᠠᠶᠢᠨ᠎ᠠ ᠰᠢᠤ | ᠭᠡᠵᠦ ᠪᠠᠶᠠᠷᠲᠠᠢ ᠲᠠᠨᠢᠯᠴᠠᠭᠤᠯᠵᠤ ᠪᠠᠶᠢᠯ᠎ᠠ᠃ ᠲᠡᠷᠡ᠄ ︽ᠢᠳᠡᠬᠦ ᠶᠢ ᠴᠢᠩᠭ᠎ᠠ ᠬᠢᠵᠠᠭᠠᠷᠯᠠᠬᠤ ᠪᠠᠷ ᠪᠠᠷᠠᠬᠤ ᠦᠭᠡᠢ᠂ ᠲᠤᠭ᠎ᠠ ᠬᠡᠮᠵᠢᠶ᠎ᠡ ᠶᠢ ᠨᠡᠩ ᠴᠢᠩᠭ᠎ᠠ | ᠬᠢᠵᠠᠭᠠᠷᠯᠠᠬᠤ ᠬᠡᠷᠡᠭᠲᠡᠢ᠂ ᠠᠷᠪᠢᠨ ᠪᠣᠯᠪᠠᠴᠤ ᠨᠠᠷᠢᠯᠢᠭ ᠪᠠᠶᠢᠬᠤ ᠬᠡᠷᠡᠭᠲᠡᠢ᠂ ᠥᠨᠥᠳᠥᠷ ᠬᠡᠷᠪᠡ ᠪᠣᠷᠤᠯᠠᠭᠤᠯᠭ᠎ᠠ ᠰᠠᠶᠢᠨ ᠪᠣᠯ ᠮᠠᠷᠭᠠᠰᠢ ᠲᠡᠵᠢᠭᠡᠨ ᠦᠷᠡᠵᠢᠭᠦᠯᠬᠦ | ᠬᠡᠪᠴᠢᠶ᠎ᠡ ᠶᠢ ᠵᠣᠬᠢᠰᠲᠠᠢ ᠥᠷᠭᠡᠳᠬᠡᠵᠦ ᠪᠣᠯᠣᠨ᠎ᠠ᠂ ᠭᠡᠪᠡᠴᠦ ᠳᠡᠩᠳᠡᠭᠦᠦ ᠠᠷᠪᠢᠨ ᠪᠠᠶᠢᠯᠭᠠᠵᠤ ᠪᠠᠰᠠ ᠪᠣᠯᠬᠤ ᠦᠭᠡᠢ︾ ᠭᠡᠪᠡ᠃ ᠪᠤᠰᠤᠳ ᠬᠥᠮᠥᠨ ᠤ ᠨᠠᠶᠢᠵᠠ ᠶᠢᠨ | ᠲᠣᠭᠤᠷᠢᠭ ᠲᠤ ᠵᠤᠭᠠᠴᠠᠵᠤ ᠲᠣᠭᠤᠷᠢᠭᠰᠠᠨ ᠪᠢᠰᠢ ᠪᠣᠯ ᠦᠷ᠎ᠡ ᠬᠡᠦᠬᠡᠳ ᠢᠶᠠᠨ ᠭᠠᠷᠭᠠᠳᠠᠭ᠂ ᠭᠡᠪᠡᠴᠦ ᠶᠤᠸᠠᠨ ᠰᠢᠨ ᠤ ᠨᠠᠶᠢᠵᠠ ᠶᠢᠨ ᠲᠣᠭᠤᠷᠢᠭ ᠲᠤ ︽ᠬᠠᠶᠢᠷᠠᠲᠠᠢ | ᠴᠣᠷᠪᠠᠭ᠎ᠠ ᠨᠤᠭᠤᠳ︾ ᠨᠢ ᠯᠠ ᠪᠠᠶᠢᠳᠠᠭ᠃ | ᠬᠠᠷ᠎ᠠ ᠪᠣᠷᠣ ᠴᠢᠷᠠᠢ ᠳᠤ ᠡᠷᠡᠰ ᠬᠠᠲᠠᠭᠤ ᠢᠲᠡᠭᠡᠯ ᠵᠣᠷᠢᠭ ᠪᠠ ᠢᠯᠠᠭᠳᠠᠯ ᠠᠴᠠ ᠠᠶᠤᠬᠤ ᠦᠭᠡᠢ ᠬᠠᠳᠠᠨ ᠵᠣᠷᠢᠭ ᠢᠯᠡᠷᠡᠵᠦ ᠪᠠᠶᠢᠯ᠎ᠠ᠂ ᠡᠨᠡ ᠨᠢ ᠮᠥᠨᠴᠦ | ᠮᠧᠩ ᠰᠢ ᠪᠠᠯᠭᠠᠰᠤᠨ ᠤ ᠵᠠᠯᠠᠭᠤ ᠨᠢᠭᠡ ᠦᠶ᠎ᠡ ᠶᠢᠨ ᠬᠢᠨ ᠤ ᠲᠡᠮᠡᠦᠯᠦᠯ ᠲᠡᠮᠡᠴᠡᠯ ᠢ ᠲᠥᠯᠥᠭᠡᠯᠡᠵᠦ ᠪᠠᠶᠢᠭ᠎ᠠ ᠶᠤᠮ᠃ ᠣᠳᠣ ᠶᠤᠸᠠᠨ ᠰᠢᠨ ᠤ ᠨᠣᠭᠤᠭ᠎ᠠ ᠢᠳᠡᠵᠦ | ᠥᠰᠦᠭᠰᠡᠨ ︽ᠬᠠᠶᠢᠷᠠᠲᠠᠢ ᠴᠣᠷᠪᠠᠭ᠎ᠠ ᠨᠤᠭᠤᠳ︾ ᠤᠨ ᠪᠣᠷᠣᠯᠠᠭᠤᠯᠬᠤ ᠤᠯᠠᠷᠢᠯ ᠪᠣᠯᠣᠭᠰᠠᠨ ᠪᠠᠶᠢᠨ᠎ᠠ᠃ | ᠥᠷᠭᠡᠨ ᠤᠯᠠᠨ ᠮᠠᠯᠴᠢᠨ ᠲᠠᠷᠢᠶᠠᠴᠢᠨ ᠨᠠᠶᠢᠵᠠ ᠨᠠᠷ ᠬᠡᠷᠡᠭᠴᠡᠭᠡ ᠲᠠᠢ ᠪᠣᠯ ᠶᠤᠸᠠᠨ ᠰᠢᠠ ᠲᠠᠢ ᠬᠠᠷᠢᠯᠴᠠᠭᠠᠷᠠᠢ᠃ | ᠳᠠᠷᠠᠭᠠᠴᠢ ᠪᠠᠷ᠂ ᠮᠸᠡᠭ ᠰᠢ ᠪᠠᠯᠭᠠᠰᠤ ᠦᠷᠭᠦᠯᠵᠢᠯᠡᠨ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠵᠦ᠂ ᠣᠨᠴᠠᠯᠢᠭᠲᠤ ᠠᠵᠤ | ᠦᠢᠯᠡᠰ ᠢ ᠶᠡᠬᠡᠪᠡᠷ ᠬᠥᠭᠵᠢᠭᠦᠯᠦᠨ᠂ ︽ᠲᠠᠷᠢᠶᠠᠯᠠᠩ ᠤᠨ ᠲᠠᠯᠠᠪᠠᠢ + ᠲᠡᠵᠢᠭᠡᠨ ᠦᠷᠡᠵᠢᠭᠦᠯᠬᠦ ᠡᠷᠦᠬᠡ︾ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠠᠭᠪᠤᠷ ᠢᠶᠠᠷ | ᠳᠠᠮᠵᠢᠭᠤᠯᠵᠤ᠂ ᠠᠮᠢ ᠠᠬᠤᠢ ᠶᠢᠨ ᠣᠷᠴᠢᠯᠲᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠳᠤ ᠰᠠᠭᠤᠷᠢ ᠶᠢ ᠪᠠᠲᠤᠳᠬᠠᠨ᠎ᠠ᠃ | |