ᠪᠠᠶᠢᠴᠠᠭᠠᠯᠲᠠ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠰᠤᠷᠭᠠᠭᠤᠯᠢ ᠡᠬᠢᠯᠡᠬᠦ ᠠᠵᠢᠯ ᠳᠤ ᠬᠦᠴᠦ ᠨᠡᠮᠡᠷᠢᠯᠡᠨ  ᠣᠲᠤᠭ ᠬᠤᠰᠢᠭᠤᠨ ᠤ ᠮᠧᠩ ᠰᠢ ᠪᠠᠯᠭᠠᠰᠤ ᠰᠤᠷᠭᠠᠭᠤᠯᠢ ᠶᠢᠨ ᠬᠦᠷᠢᠶᠡᠨ ᠤ ᠳᠠᠯᠳᠠ ᠭᠡᠮ ᠤᠨ ᠲᠤᠰᠬᠠᠢ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/9/10
      ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠭᠡᠮ ᠢ ᠪᠠᠭᠠᠰᠬᠠᠬᠤ ᠪᠠ ᠰᠡᠷᠭᠡᠶᠢᠯᠡᠬᠦ ᠶᠢᠨ ᠲᠤᠰᠠᠳᠠ᠂ ᠮᠸᠡᠭ ᠰᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠸᠡᠭ ᠰᠢ ᠶᠢᠨ ᠭᠠᠯ ᠤᠨᠲᠠᠷᠠᠭᠠᠬᠤ ᠠᠩᠭᠢ᠂ ᠴᠠᠩ ᠮᠸᠡᠭ ᠪᠠᠶᠢᠭᠠᠯᠢ ᠶᠢᠨ ᠰᠢᠲᠠᠮᠠᠬᠠᠢ ᠬᠡᠢ ᠶᠢᠨ ᠮᠸᠡᠭ ᠰᠢ ᠶᠢᠨ ᠬᠤᠪᠢᠶᠠᠷᠢ ᠺᠣᠮᠫᠠᠨᠢ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠳᠣᠲᠣᠷᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠭᠡᠮ ᠤᠨ ᠲᠤᠰᠬᠠᠢ ᠪᠠᠶᠢᠴᠠᠭᠠᠯᠲᠠ ᠬᠢᠪᠡ᠃      ᠪᠠᠶᠢᠴᠠᠭᠠᠬᠤ ᠠᠵᠢᠯᠲᠠᠳ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠰᠢᠲᠠᠮᠠᠬᠠᠢ ᠬᠡᠢ ᠶᠢᠨ ᠠᠮᠤᠷ ᠲᠦᠪᠰᠢᠨ ᠵᠡᠷᠭᠡ ᠶᠢ ᠪᠥᠬᠦ ᠲᠠᠯ᠎ᠠ ᠪᠠᠷ ᠨᠠᠷᠢᠨ ᠪᠠᠶᠢᠴᠠᠭᠠᠬᠤ ᠶᠢᠨ ᠬᠠᠮᠲᠤ ᠰᠤᠷᠭᠠᠭᠤᠯᠢ ᠨᠤᠭᠤᠳ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠢ ᠬᠠᠮᠠᠭᠠᠯᠠᠬᠤ ᠠᠵᠢᠯᠲᠠᠨ ᠤ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠵᠢᠴᠢ ᠠᠮᠤᠷ ᠢ ᠬᠠᠮᠠᠭᠠᠯᠠᠬᠤ ᠮᠡᠳᠡᠯᠭᠡ ᠴᠢᠳᠠᠪᠤᠷᠢ ᠶᠢᠨ  ᠪᠣᠯᠪᠠᠰᠤᠷᠠᠯ ᠢ ᠴᠢᠩᠭᠠᠳᠬᠠᠨ᠂ ᠵᠢᠵᠢᠭᠦᠷᠯᠡᠬᠦ ᠵᠢᠴᠢ ᠰᠤᠷᠭᠠᠭᠤᠯᠢ ᠶᠢᠨ ᠬᠦᠷᠢᠶᠡᠨ ᠳᠣᠲᠤᠷ᠎ᠠ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠡᠯ᠎ᠡ ᠵᠦᠢᠯ ᠤᠨ ᠳᠠᠯᠳᠠ ᠭᠡᠮ ᠶᠢ ᠠᠷᠢᠯᠭᠠᠨ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠠᠯᠲᠠᠨ ᠨᠠᠮᠤᠷ ᠰᠢᠨ᠎ᠡ ᠠᠶᠠᠨ ᠢ ᠡᠬᠢᠯᠡᠭᠦᠯᠵᠦ᠂ ᠠᠮᠤᠷ ᠲᠦᠪᠰᠢᠨ ᠢ ᠬᠠᠮᠠᠭᠠᠯᠠᠨ ᠰᠤᠷᠭᠠᠨ ᠬᠥᠮᠦᠵᠢᠯ ᠢ ᠬᠥᠭᠵᠢᠬᠦᠯᠦᠨ᠎ᠡ᠃ ᠲᠣᠰ ᠤᠳᠠᠭᠠᠨ ᠤ ᠲᠤᠰᠬᠠᠢ ᠪᠠᠶᠢᠴᠠᠭᠠᠯᠲᠠ ᠳᠤ ᠬᠠᠮᠲᠤᠷᠠᠭᠰᠠᠨ ᠪᠠᠶᠢᠴᠠᠭᠠᠯᠲᠠ ᠪᠠᠷ ᠠᠮᠤᠷ ᠲᠦᠪᠰᠢᠨ ᠤ ᠪᠠᠶᠢᠭᠤᠯᠤᠯᠲᠠ ᠶᠢ ᠠᠬᠢᠭᠤᠯᠵᠤ᠂ ᠳᠠᠯᠳᠠ ᠬᠡᠮ ᠤᠨ ᠴᠡᠭᠴᠡᠯᠡᠯᠲᠡ ᠪᠠᠷ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠪᠡ᠂ ᠲᠠᠷᠠᠭᠠᠴᠢ ᠪᠠᠷ ᠮᠠᠨ ᠤ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠧᠩ ᠰᠢ ᠪᠠᠯᠭᠠᠰᠤᠨ ᠤ ᠰᠤᠷᠭᠠᠨ ᠬᠥᠮᠦᠵᠢᠯ ᠤᠨ ᠦᠢᠯᠡᠰ ᠤᠨ ᠥᠷᠨᠢᠩᠭᠦᠢ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃  
ᠢᠷᠡᠯᠲᠡ᠄ ᠮᠧᠩ ᠰᠢ ᠪᠠᠯᠭᠠᠰᠤ