ᠭᠤᠣ ᠬᠤᠸᠠᠢ ᠵᠢᠩ ᠠᠩᠭᠢ ᠳᠠᠭᠠᠭᠤᠯᠤᠨ ᠰᠧᠴᠤᠸᠠᠨ ᠴᠦᠩᠴᠢᠩ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠪᠠ
ᠨᠡᠶᠢᠲᠡᠯᠡᠭᠰᠡᠨ ᠴᠠᠭ᠄
2024/9/13
      9 ᠳ᠋ᠦ᠋ᠭᠡᠷ ᠰᠠᠷ᠎ᠠ ᠶᠢᠨ 10 ᠠᠴᠠ 13 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠠᠩᠭᠢ ᠳᠠᠭᠠᠭᠤᠯᠤᠨ ᠰᠧᠴᠤᠸᠠᠨ ᠴᠦᠩᠴᠢᠩ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠴᠢᠭᠯᠡᠯ ᠢ ᠲᠣᠭᠲᠠᠭᠠᠵᠤ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠴᠢᠨᠠᠷ ᠰᠠᠶᠢᠨ ᠲᠥᠷᠥᠯ ᠵᠦᠢᠯ ᠢ ᠢᠳᠡᠪᠬᠢᠲᠡᠢ ᠠᠪᠴᠠᠯᠳᠤᠭᠤᠯᠤᠨ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠲᠠᠢ ᠬᠤᠷᠰᠢᠯᠴᠠᠵᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠪᠡ᠃      ᠭᠤᠤ ᠬᠤᠸᠠᠢ ᠵᠢᠩ ᠺᠠᠩ ᠬᠤᠩ ᠡᠮ ᠤᠨ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠺᠣᠮᠫᠠᠨᠢ᠂ ᠷᠦᠨ ᠰᠢᠨ ᠲᠠᠩ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ᠂ ᠮᠡᠷᠭᠡᠵᠢᠯ ᠤᠨ ᠰᠢᠨ᠎ᠡ ᠡᠭᠦᠳᠦᠯᠲᠡ ᠵᠢᠴᠢ ᠵᠠᠬ᠎ᠠ ᠳᠡᠯᠭᠡᠭᠦᠷ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠡᠮ ᠡᠮᠨᠡᠯᠭᠡ ᠡᠷᠡᠭᠦᠯᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠵᠧᠵᠢᠶᠠᠩ ᠶᠡᠭᠡ ᠰᠤᠷᠭᠠᠭᠤᠯᠢ ᠶᠢᠨ ᠤᠳᠤᠭ ᠲᠠᠬᠢ ᠠᠮᠢᠳᠤ ᠪᠣᠳᠠᠰ ᠤᠨ ᠡᠮ ᠡᠮᠨᠡᠯᠭᠡ ᠶᠢᠨ ᠰᠤᠳᠤᠯᠭᠠᠨ ᠤ ᠲᠥᠪ ᠤᠨ ᠡᠷᠬᠢᠯᠡᠭᠴᠢ᠂ ᠵᠧᠵᠢᠶᠠᠩ ᠶᠡᠭᠡ ᠰᠤᠷᠭᠠᠭᠤᠯᠢ ᠶᠢᠨ ᠫᠷᠣᠹᠧᠰᠰᠣᠷ ᠵᠧᠦ ᠮᠢᠨ ᠣᠷᠢᠶᠠᠮᠠᠭ ᠵᠠᠮᠠᠭ ᠤᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠵᠢᠴᠢ ᠰᠤᠳᠤᠯᠭᠠᠨ ᠤ ᠰᠢᠪᠲᠤᠯᠤᠯᠲᠠ ᠶᠢᠨ ᠴᠢᠭᠯᠡᠯ ᠢ ᠨᠠᠷᠢᠨ ᠲᠠᠨᠢᠯᠴᠠᠭᠤᠯᠪᠠ᠃ ᠭᠤᠸ ᠬᠤᠸᠠᠢ ᠵᠢᠩ ᠢᠯᠡᠷᠬᠡᠶᠢᠯᠡᠬᠦ ᠳᠡᠭᠡᠨ᠂ ᠣᠲᠤᠭ ᠬᠤᠰᠢᠭᠤᠨ ᠤ ᠣᠷᠢᠶᠠᠮᠠᠭ ᠵᠠᠮᠠᠭ ᠤᠨ ᠭᠠᠷᠤᠯᠲᠠ ᠪᠥᠬᠦ ᠳᠡᠯᠡᠬᠡᠢ ᠶᠢᠨ ᠭᠠᠷᠤᠯᠲᠠ ᠶᠢᠨ 50% ᠠᠴᠠ ᠳᠡᠭᠡᠭᠰᠢᠬᠢ ᠶᠢ ᠡᠵᠡᠯᠡᠵᠦ᠂ ᠨᠡᠷ᠎ᠡ ᠨᠢᠳᠡᠷ ᠲᠡᠭᠡᠨ ᠲᠡᠩᠴᠡᠭᠰᠡᠨ ︽ᠳᠡᠯᠡᠬᠡᠢ ᠶᠢᠨ ᠵᠠᠮᠠᠭ ᠤᠨ ᠬᠤᠲᠠ︾ ᠪᠣᠯᠣᠨ᠎ᠠ᠃ ᠣᠶᠢᠷ᠎ᠠ ᠶᠢᠨ ᠵᠢᠯ ᠳᠤ᠂ ᠤᠲᠤᠭ ᠬᠤᠰᠢᠭᠤ ᠠᠮᠢᠳᠤ ᠪᠣᠳᠠᠰ ᠤᠨ ᠡᠮ ᠡᠮᠨᠡᠯᠭᠡ ᠶᠢᠨ ᠦᠢᠯᠡᠰ ᠤᠨ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠴᠢᠬᠤᠯᠠ ᠭᠠᠷᠳᠠᠴᠠ ᠪᠣᠯᠭᠠᠵᠤ᠂ ᠵᠥᠭᠡᠯᠡᠨ ᠬᠠᠲᠠᠭᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠮᠠᠰᠢ ᠶᠡᠭᠡ ᠬᠦᠴᠦ ᠣᠷᠣᠭᠤᠯᠵᠠᠢ᠃ ᠥᠨᠥ ᠵᠢᠯ ᠤᠨ 7 ᠳ᠋ᠤᠭᠠᠷ ᠰᠠᠷ᠎ᠠ ᠳᠤ᠂ ᠵᠧᠵᠢᠶᠠᠩ ᠶᠡᠭᠡ ᠰᠤᠷᠭᠠᠭᠤᠯᠢ ᠶᠢᠨ ᠤᠳᠤᠭ ᠲᠠᠬᠢ ᠠᠮᠢᠳᠤ ᠪᠣᠳᠠᠰ ᠤᠨ ᠡᠮ ᠡᠮᠨᠡᠯᠭᠡ ᠶᠢᠨ ᠰᠤᠳᠤᠯᠭᠠᠨ ᠤ ᠲᠥᠪ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠰᠢᠨ᠎ᠡ ᠶᠢ ᠡᠭᠦᠳᠬᠦ ᠤᠶᠤᠨ ᠤᠬᠠᠭᠠᠨ ᠪᠣᠯᠣᠨ ᠣᠷᠣᠨ ᠨᠤᠲᠤᠭ ᠤᠨ ᠬᠥᠭᠵᠢᠯᠲᠡ ᠶᠢ ᠬᠤᠯᠪᠣᠭᠰᠠᠨ ᠬᠥᠭᠦᠷᠭᠡ ᠶᠢ ᠪᠦᠬᠦ ᠲᠠᠯ᠎ᠠ ᠪᠠᠷ ᠪᠣᠰᠬᠠᠨ᠂ ︽ᠬᠤᠣᠰ ᠴᠢᠭᠯᠡᠯ ᠢᠶᠠᠷ ᠬᠦᠴᠦᠯᠡᠬᠦ︾ ᠪᠠᠷ ᠳᠠᠮᠵᠢᠭᠤᠯᠤᠨ ᠴᠢᠳᠠᠪᠤᠷᠢᠲᠠᠨ᠂ ᠮᠡᠷᠭᠡᠵᠢᠯ ᠵᠡᠷᠭᠡ ᠡᠬᠢ ᠪᠠᠶᠠᠯᠢᠭ ᠤᠨ ᠬᠦᠴᠦᠨ ᠵᠦᠢᠯ ᠢ ᠲᠦᠷᠭᠡᠨ ᠰᠢᠯᠵᠢᠭᠦᠯᠵᠦ᠂ ᠡᠮ ᠪᠠ ᠡᠷᠡᠭᠦᠯᠵᠢᠯ ᠤᠨ ᠡᠳ᠋ ᠤᠨ ᠬᠦᠷᠢᠶᠡᠨ ᠳᠤ ᠨᠢᠭᠡ ᠪᠦᠯᠦᠭ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠡᠭᠦᠳᠦᠨ᠂ ᠲᠤᠷᠰᠢᠯᠭ᠎ᠠ ᠲᠠᠢ᠂ ᠪᠣᠳᠠᠲᠤ ᠬᠦᠴᠦᠨ ᠲᠠᠢ᠂ ᠠᠷᠭ᠎ᠠ ᠵᠠᠮ ᠲᠠᠢ ᠠᠵᠤ ᠠᠬᠤᠶᠢᠯᠠᠯ ᠢ ᠪᠣᠳᠠᠲᠠᠢ ᠨᠠᠶᠢᠳᠠᠪᠤᠷᠢᠵᠢᠭᠤᠯᠪᠠ᠃ ᠺᠠᠩ ᠬᠤᠩ ᠡᠮ ᠤᠨ ᠦᠢᠯᠡᠰ᠂ ᠷᠦᠨ ᠰᠢᠨ ᠲᠠᠩ ᠤᠨ ᠡᠮ ᠡᠮᠨᠡᠯᠭᠡ ᠨᠢ ᠠᠮᠢᠳᠤ ᠪᠣᠳᠠᠰ ᠤᠨ ᠡᠮ᠂ ᠬᠢᠲᠠᠳ ᠡᠮ᠂ ᠬᠢᠮᠢ ᠶᠢᠨ ᠡᠮ ᠵᠡᠷᠭᠡ ᠬᠦᠷᠢᠶᠡᠨ ᠳᠤ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠲᠠᠯ᠎ᠠ ᠪᠠᠷ ᠶᠡᠭᠡ ᠨᠡᠷᠡᠲᠡᠢ ᠶᠤᠮ᠃ ᠠᠵᠤ ᠠᠬᠤᠶᠢᠯᠠᠯ ᠤᠨ ᠬᠢᠨ ᠡᠷᠲᠡᠬᠡᠨ ᠣᠲᠤᠭ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠣᠷᠢᠶᠠᠮᠠᠭ ᠵᠠᠮᠠᠭ ᠤᠨ ᠡᠷᠡᠭᠦᠯᠵᠢᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠬᠦᠷᠢᠶᠡᠨ ᠳᠤ ᠭᠦᠨᠵᠡᠭᠡᠢ ᠬᠠᠮᠲᠤᠷᠠᠯᠴᠠᠨ᠂ ᠣᠷᠢᠶᠠᠮᠠᠭ ᠵᠠᠮᠠᠭ ᠤᠨ ᠳᠡᠭᠡᠳᠦ ᠲᠡᠰᠵᠢᠯᠲᠡ᠂ ᠠᠵᠤ ᠦᠢᠯᠡᠰᠵᠢᠯᠲᠡ ᠶᠢᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠺᠣᠮᠫᠠᠨᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠨᠢ ᠤᠳᠤᠭ ᠤᠨ ᠣᠷᠢᠶᠠᠮᠠᠭ ᠵᠠᠮᠠᠭ ᠤᠨ ᠡᠬᠢ ᠪᠠᠶᠠᠯᠢᠭ ᠤᠨ ᠳᠠᠪᠠᠭᠤᠯᠢᠭ ᠵᠢᠴᠢ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠂ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠵᠠᠪᠳᠤᠵᠤ᠂ ᠣᠷᠢᠶᠠᠮᠠᠭ ᠵᠠᠮᠠᠭ ᠤᠨ ᠠᠰᠢᠭᠲᠤ ᠪᠠᠺᠲ᠋ᠧᠷᠢ᠂ ᠲᠤᠰᠠᠯᠠᠬᠤ ᠮᠠᠲ᠋ᠧᠷᠢᠶᠠᠯ ᠵᠡᠷᠭᠡ ᠶᠢᠨ ᠵᠠᠬ᠎ᠠ ᠳᠡᠯᠭᠡᠭᠦᠷ ᠢ ᠭᠤᠣᠯᠳᠠᠯᠭ᠎ᠠ ᠲᠠᠢ ᠨᠡᠭᠡᠭᠡᠨ᠂ ᠬᠥᠭᠵᠢᠯᠲᠡ ᠶᠢᠨ ᠠᠰᠢᠭ ᠢ ᠬᠠᠮᠲᠤᠪᠠᠷ ᠡᠳ᠋ᠯᠡᠨ᠎ᠡ ᠭᠡᠵᠦ ᠢᠯᠡᠷᠬᠡᠶᠢᠯᠡᠪᠡ᠃      ᠳ᠋ᠠ ᠯᠦ ᠰᠢ ᠸᠠᠩ ᠪᠦᠯᠦᠭᠯᠡᠯ ᠪᠣᠯ ᠳᠤᠮᠳᠠᠳᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠣᠨ᠎ᠠ᠃ ᠭᠤᠤ ᠬᠤᠸᠠᠢ ᠵᠢᠩ ᠵᠡᠷᠭᠡ ᠬᠥᠮᠥᠰ ᠲᠢᠶᠠᠨ ᠹᠦ᠋ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ ᠪᠠᠶᠢᠷᠢᠰᠢᠵᠤ ᠪᠠᠶᠢᠭ᠎ᠠ ᠰᠢ ᠸᠠᠩ ᠰᠧᠨ ᠯᠠᠨ ᠣᠶᠤᠨᠴᠢ ᠦᠢᠯᠡᠳᠬᠡᠯ ᠤᠨ ᠲᠣᠭᠠᠴᠢᠯᠠᠭᠰᠠᠨ ᠦᠢᠯᠡᠳᠪᠦᠷᠢ ᠶᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠭᠤᠸ ᠬᠤᠸᠠᠢ ᠵᠢᠩ ᠢᠯᠡᠷᠬᠡᠶᠢᠯᠡᠬᠦ ᠳᠡᠭᠡᠨ᠂ ᠣᠳᠣᠬᠠᠨ ᠳᠤ᠂ ᠣᠲᠤᠭ ᠬᠤᠰᠢᠭᠤ ᠶᠠᠭ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠬᠡᠯᠪᠡᠷᠢ ᠪᠠᠨ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠠᠬᠢᠭᠤᠷ ᠢᠶᠠᠷ ᠰᠠᠭᠤᠷᠢ ᠪᠣᠯᠭᠠᠭᠰᠠᠨ ᠤᠯᠠᠮᠵᠢᠯᠠᠯᠲᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠂ ᠰᠢᠨ᠎ᠡ ᠡᠨᠧᠷᠭᠢ᠂ ᠰᠢᠨ᠎ᠡ ᠲᠥᠬᠦᠭᠡᠷᠦᠮᠵᠢ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠣᠷᠣᠭᠤᠯᠤᠨ ᠠᠪᠴᠢᠷᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ᠂ ᠣᠯᠠᠨ ᠲᠠᠯ᠎ᠠ ᠶᠢᠨ ᠲᠤᠯᠭᠠᠭᠤᠷᠢᠯᠠᠯ ᠲᠠᠢ ᠣᠲᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ ᠪᠣᠢ᠃ ᠠᠵᠤ ᠠᠬᠤᠶᠢᠯᠠᠯ ᠯᠤᠭ᠎ᠠ ᠨᠡᠩ ᠥᠷᠭᠡᠨ ᠬᠦᠷᠢᠶᠡᠨ ᠳᠤ ᠬᠠᠮᠲᠤᠷᠠᠯᠴᠠᠵᠤ᠂ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠲᠤᠭ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠢᠯᠡᠷᠬᠡᠢ᠂ ᠬᠥᠭᠵᠢᠯᠲᠡ ᠶᠢᠨ ᠰᠠᠭᠤᠷᠢ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠵᠤ ᠪᠠᠶᠢᠨ᠎ᠠ᠂ ᠬᠠᠷᠢᠯᠴᠠᠭ᠎ᠠ ᠨᠡᠪᠲᠡᠷᠡᠯᠴᠡᠭᠡ ᠪᠠᠨ ᠤᠯᠠᠮ ᠴᠢᠩᠭᠠᠳᠬᠠᠵᠤ᠂ ᠬᠠᠮᠲᠤᠷᠠᠨ ᠠᠵᠢᠯᠯᠠᠨ ᠬᠠᠮᠲᠤᠪᠠᠷ ᠠᠰᠢᠭ ᠭᠥᠷᠳᠡᠬᠦ ᠨᠡᠶᠢᠯᠡᠯ ᠴᠡᠭ᠂ ᠬᠦᠴᠦᠯᠡᠬᠦ ᠴᠡᠭ ᠢ ᠡᠷᠢᠯᠬᠢᠯᠡᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠮᠲᠤᠪᠠᠷ ᠬᠥᠭᠵᠢᠬᠦ ᠶᠢ ᠪᠡᠶᠡᠯᠡᠭᠦᠯᠦᠨ᠎ᠡ ᠭᠡᠪᠡ᠃      ᠵᠦᠡᠭ ᠼᠠᠢ ᠬᠤᠭᠤᠯᠠᠢ ᠶᠢᠨ ᠺᠣᠮᠫᠠᠨᠢ ᠪᠣᠯ ᠵᠦᠡᠭ ᠼᠠᠢ ᠪᠦᠯᠦᠭᠯᠡᠯ ᠤᠨ ᠬᠢᠮᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠤᠯᠤᠰ ᠤᠨ ᠳᠣᠲᠣᠭᠠᠳᠤ ᠶᠢᠨ ᠰᠦᠯᠢᠶᠥᠦ ᠬᠤᠭᠤᠯᠠᠢ ᠶᠢᠨ ᠳᠠᠭᠠᠭᠤᠯᠤᠭᠴᠢ ᠠᠵᠦ ᠠᠬᠤᠶᠢᠯᠠᠯ ᠪᠣᠯᠣᠨ᠎ᠠ᠃ ᠭᠤᠤ ᠬᠤᠸᠠᠢ ᠵᠢᠩ ᠵᠡᠷᠭᠡ ᠬᠥᠮᠥᠰ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠵᠢᠴᠢ ᠵᠠᠬ᠎ᠠ ᠳᠡᠯᠭᠡᠭᠦᠷ ᠤᠨ ᠬᠡᠷᠡᠭᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠭᠤᠸ ᠬᠤᠸᠠᠢ ᠵᠢᠩ ᠢᠯᠡᠷᠬᠡᠶᠢᠯᠡᠬᠦ ᠳᠡᠭᠡᠨ᠂ ᠣᠲᠤᠭ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠪᠤᠭᠤᠲᠤ ᠣᠷᠳᠣᠰ ᠤᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠪᠠ ᠪᠠᠷᠠᠭᠤᠨ ᠬᠡᠰᠡᠭ ᠤᠨ ︽ᠵᠢᠵᠢᠭ ᠭᠤᠷᠪᠠᠯᠵᠢᠨ ᠬᠤᠶᠢᠭ︾ ᠤᠨ ᠠᠵᠤ ᠠᠬᠤᠢ ᠶᠢᠨ ᠬᠦᠷᠢᠶᠡᠨ ᠳᠠᠬᠢ ᠮᠠᠰᠢ ᠶᠡᠭᠡ ᠥᠷᠢᠰᠦᠯᠳᠦᠬᠦ ᠬᠦᠴᠦᠨ ᠬᠢᠭᠡᠳ ᠨᠥᠯᠥᠭᠡᠯᠡᠬᠦ ᠬᠦᠴᠦᠨ ᠲᠠᠢ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠣᠭᠴᠠ  ᠪᠣᠯᠣᠨ᠎ᠠ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠬᠤᠣᠰ ᠮᠢᠩᠭᠠᠨ ᠳ᠋ᠦᠩᠰᠢᠭᠤᠷ ᠲᠠᠰ︾ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠮᠥᠨ᠂ ᠳᠡᠭᠡᠳᠦ ᠤᠷᠤᠰᠬᠠᠯ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠦᠢᠯᠡᠳᠪᠦᠷᠢᠯᠡᠯ ᠬᠠᠩᠭᠠᠯᠭ᠎ᠠ ᠲᠣᠭᠲᠠᠭᠤᠨ᠂ ᠳᠣᠣᠷᠠᠳᠤ ᠤᠷᠤᠰᠬᠠᠯ ᠤᠨ ᠬᠡᠷᠡᠭᠯᠡᠭᠡᠨ ᠤ ᠱᠠᠭᠠᠷᠳᠠᠯᠭ᠎ᠠ ᠶᠡᠭᠡ ᠪᠠᠶᠢᠨ᠎ᠠ᠃ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠳᠠᠮᠵᠢᠭᠤᠯᠬᠤ ᠬᠤᠭᠤᠯᠠᠢ ᠶᠢᠨ ᠦᠢᠯᠡᠳᠬᠦᠨ ᠨᠢ PVC ᠠᠵᠤ ᠦᠢᠯᠡᠰ ᠤᠨ ᠴᠢᠬᠤᠯᠠ ᠳᠣᠣᠷᠠᠳᠤ ᠤᠷᠤᠰᠬᠠᠯ ᠤᠨ ᠬᠡᠷᠡᠭᠯᠡᠭᠡᠨ ᠤ ᠨᠢᠭᠡ ᠨᠢ ᠪᠠᠶᠢᠵᠦ᠂ ᠣᠲᠤᠭ ᠬᠤᠰᠢᠭᠤᠨ ᠤ PVC ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠤ ᠴᠢᠬᠤᠯᠠ ᠠᠴᠢ ᠬᠤᠯᠪᠣᠭᠳᠠᠯ ᠲᠠᠢ᠃ ᠠᠵᠤ ᠠᠬᠤᠶᠢᠯᠠᠯ ᠤᠨ ᠬᠢᠨ ᠠᠵᠠ ᠲᠣᠬᠢᠶᠠᠯ ᠢ ᠵᠠᠪᠳᠤᠵᠤ᠂ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ ᠭᠡᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤᠲᠤᠭ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠠᠵᠤ ᠦᠢᠯᠡᠰ ᠤᠨ ᠠᠮᠢ ᠠᠬᠤᠢ ᠲᠥᠪᠯᠡᠷᠡᠵᠦ᠂ ᠵᠠᠬ᠎ᠠ ᠳᠡᠯᠭᠡᠭᠦᠷ ᠤᠨ ᠣᠷᠣᠨ ᠵᠠᠢ ᠶᠡᠭᠡ ᠪᠠᠶᠢᠨ᠎ᠠ᠂ ᠬᠠᠮᠲᠤᠷᠠᠯᠴᠠᠬᠤ ᠪᠠᠷ ᠡᠷᠲᠡᠬᠡᠨ  ᠲᠣᠭᠲᠠᠵᠤ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃      ᠡᠨᠡ ᠬᠤᠭᠤᠴᠠᠭᠠᠨ ᠳᠤ ᠪᠠᠰᠠ ᠯᠢᠶᠠᠨ ᠱᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠴᠧᠩᠳᠦ᠋ ᠶᠢᠨ ᠱᠦᠨ ᠳ᠋ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠭᠰᠠᠨ ᠪᠥᠭᠡᠳ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠪᠠ᠃      ᠬᠤᠰᠢᠭᠤᠨ ᠤ ᠤᠳᠤᠷᠢᠳᠤᠯᠭ᠎ᠠ ᠯᠢᠦ ᠷᠦᠢ᠂ ᠭᠤᠸ ᡁᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠣᠷᠣᠯᠴᠠᠪᠠ᠃   
ᠢᠷᠡᠯᠲᠡ᠄ ᠣᠲᠤᠭ ᠨᠡᠶᠢᠲᠡᠯᠡᠯ