ᠤᠯᠠᠭᠠᠨᠪᠠᠯᠭᠠᠰᠤ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2024/9/14
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤᠮᠳᠠ ᠤᠯᠠᠭᠠᠨᠪᠠᠯᠭᠠᠰᠤ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠣᠨ ᠡᠷᠡᠰ ᠴᠢᠩᠭ᠎ᠠ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠷ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠣᠭᠤᠰᠢᠯᠠᠭᠤᠯᠤᠨ᠂ ᠦᠨᠳᠦᠰᠦᠨ ᠱᠠᠲᠤᠨ ᠤ ᠡᠭᠦᠷᠭᠡ ᠳᠠᠷᠤᠭᠠᠰᠤ ᠶᠡᠭᠡ ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠪᠣᠭᠤᠮᠲᠠ ᠰᠢᠪᠲᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠥᠭᠭᠦᠨ᠂ ᠦᠨᠳᠦᠰᠦᠨ ᠱᠠᠲᠤᠨ ᠤ ᠵᠠᠰᠠᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠵᠡᠷᠭᠡᠪᠡᠷ ᠠᠬᠢᠭᠤᠯᠤᠭᠰᠠᠨ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠭᠰᠠᠨ ᠬᠠᠭᠤᠳᠠᠰᠤ ᠶᠢ ᠪᠢᠴᠢᠭᠯᠡᠪᠡ᠃      ᠠᠮᠤᠭᠤᠯᠠᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠨᠠᠰᠤᠲᠠᠨ᠄ ︽ᠲᠡᠳᠡᠭᠡᠷ ᠴᠢᠬᠤᠯᠠ ᠪᠤᠰᠤ ᠫᠠᠶᠢᠰᠠ ᠡᠯᠭᠦᠬᠦ ᠪᠠ ᠮᠡᠳᠡᠭᠦᠯᠦᠯᠲᠡ ᠶᠢᠨ ᠬᠦᠰᠦᠨᠦᠭᠲᠦ ᠶᠢᠨ ᠡᠬᠡ ᠳᠠᠩᠰᠠ ᠪᠠᠶᠢᠭᠤᠯᠬᠤ ᠵᠡᠷᠭᠡ ᠠᠵᠢᠯ ᠢ ᠬᠢᠬᠦ ᠪᠠᠨ ᠪᠣᠯᠢᠭᠰᠠᠨ ᠠᠴᠠ ᠨᠠᠭᠠᠰᠢ᠂ ᠦᠨᠳᠦᠰᠦᠨ ᠱᠠᠲᠤᠨ ᠤ ᠺᠠᠳ᠋ᠷᠴᠤᠳ ᠮᠠᠨ ᠤ ᠠᠮᠢᠳᠤᠷᠠᠯ ᠢ ᠬᠠᠯᠠᠮᠵᠢᠯᠠᠬᠤ ᠨᠡᠩ ᠤᠯᠠᠨ ᠴᠠᠭ ᠲᠠᠢ ᠪᠣᠯᠣᠯ᠎ᠠ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠪᠠᠶᠢᠭᠤᠯᠤᠭᠰᠠᠨ ᠨᠢ ᠨᠠᠰᠤᠲᠠᠶᠢᠴᠤᠳ ᠤᠨ ᠠᠮᠢᠳᠤᠷᠠᠯ ᠳᠤ ᠶᠡᠬᠡᠬᠡᠨ ᠲᠦᠬᠦᠮ ᠦᠵᠡᠭᠦᠯᠦᠭᠰᠡᠨ ᠪᠠᠶᠢᠨ᠎ᠠ︾ ᠭᠡᠵᠦ ᠬᠡᠯᠡᠪᠡ᠃ ᠪᠣᠷᠣᠲᠠᠯ᠎ᠠ ᠭᠠᠴᠠᠭ᠎ᠠ ᠶᠢᠨ ᠶᠠᠩ ᠣᠪᠣᠭᠲᠠᠨ᠄ ︽ᠣᠳᠣ ᠺᠠᠳ᠋ᠷᠴᠤᠳ ᠠᠵᠢᠯ ᠳᠠᠭᠠᠨ ᠭᠠᠪᠰᠢᠭᠠᠶᠢᠯᠠᠭᠰᠠᠨ ᠠᠴᠠ ᠠᠰᠠᠭᠤᠳᠠᠯ ᠰᠢᠢᠳᠪᠦᠷᠢᠯᠡᠬᠦ ᠨᠢ ᠲᠦᠷᠭᠡᠨ ᠪᠣᠯᠵᠤ᠂ ᠪᠢᠳᠠ ᠴᠤ ᠨᠡᠩ ᠰᠠᠨᠠᠭ᠎ᠠ ᠠᠮᠤᠷ ᠪᠣᠯᠣᠭᠰᠠᠨ︾ ᠭᠡᠪᠡ᠃      ᠤᠯᠠᠭᠠᠨᠪᠠᠯᠭᠠᠰᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠣᠨᠣᠪᠴᠢᠲᠠᠢ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠬᠦᠴᠢᠷᠳᠡᠯᠲᠡᠢ ᠰᠢᠯᠲᠠᠭᠠᠨ ᠢ ᠵᠠᠳᠠᠯᠤᠨ᠂ ᠡᠷᠬᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠭᠠᠴᠠᠭ᠎ᠠ ᠲᠣᠰᠬᠤᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠢ ᠲᠣᠳᠣᠷᠬᠠᠶᠢᠯᠠᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠷᠤᠭᠠᠰᠤ ᠶᠢ ᠬᠥᠩᠭᠡᠯᠡᠪᠡ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠬᠦ ᠲᠠᠯ᠎ᠠ ᠪᠠᠷ᠂ ᠸᠢᠴᠠᠲ ᠤᠨ ᠬᠤᠯᠪᠣᠭ᠎ᠠ ᠶᠢ ᠴᠡᠭᠴᠡᠯᠡᠨ ᠮᠡᠳᠡᠭᠡ ᠵᠠᠩᠭᠢ ᠬᠡᠲᠦ ᠠᠴᠢᠶᠠᠯᠠᠬᠤ ᠶᠢ ᠬᠤᠷᠢᠭᠯᠠᠵᠤ᠂ ᠺᠠᠳ᠋ᠷᠴᠤᠳ ᠢ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠪᠡ᠃ ᠲᠣᠭᠲᠠᠴᠠ ᠶᠢᠨ ᠰᠢᠨ᠎ᠡ ᠶᠢ ᠡᠭᠦᠳᠬᠦ ᠲᠠᠯ᠎ᠠ ᠪᠠᠷ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ︽ᠨᠠᠮ ᠤᠨ ᠪᠠᠶᠢᠭᠤᠯᠤᠯᠲᠠ + ᠬᠤᠪᠢ ᠬᠤᠷᠠᠮᠳᠤᠭᠤᠯᠬᠤ ᠳᠦᠷᠢᠮ︾ ᠢᠶᠠᠷ ᠤᠯᠠᠨ ᠲᠦᠮᠡᠨ ᠤ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠂ ︽ᠠᠷᠠᠳ ᠣᠯᠠᠨ ᠤ ᠶᠠᠪᠤᠳᠠᠯ ᠢ ᠠᠷᠠᠳ ᠣᠯᠠᠨ ᠵᠥᠪᠯᠡᠬᠦ︾ ᠲᠣᠭᠲᠠᠴᠠ ᠪᠠᠷ ᠵᠥᠷᠢᠴᠡᠯ ᠢ ᠪᠦᠲᠦᠮᠵᠢᠲᠡᠢ ᠨᠠᠮᠳᠠᠭᠤᠯᠪᠠ᠃ ᠠᠷᠠᠳ ᠤᠨ ᠠᠮᠢᠳᠤᠷᠠᠯ ᠤᠨ ᠲᠠᠯ᠎ᠠ ᠪᠠᠷ᠂ ᠤᠯᠠᠭᠠᠨᠪᠠᠯᠭᠠᠰᠤ ᠣᠯᠠᠨ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠤᠨ᠂ ᠨᠠᠰᠤᠵᠢᠯ ᠤᠨ ᠠᠰᠠᠷᠠᠮᠵᠢ ᠶᠢᠨ ᠣᠶᠤᠨᠴᠢ ᠰᠢᠰᠲ᠋ᠧᠮ ᠢ ᠣᠷᠣᠭᠤᠯᠤᠨ ᠠᠪᠴᠢᠷᠠᠵᠤ᠂ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠭᠠᠷᠭᠠᠨ᠂ ᠭᠠᠴᠠᠭ᠎ᠠ ᠲᠣᠰᠬᠤᠨ ᠤ ᠮᠠᠯᠴᠢᠳ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠪᠡ᠃      ᠵᠠᠯᠭᠠᠭᠠᠳ ᠤᠯᠠᠭᠠᠨᠪᠠᠯᠭᠠᠰᠤ ᠶᠢᠨ ᠬᠢᠨ ᠦᠨᠳᠦᠰᠦᠨ ᠱᠠᠲᠤᠨ ᠤ ᠵᠠᠰᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ ᠥᠷᠭᠡᠳᠬᠡᠨ᠂ ᠪᠦᠬᠦ ᠺᠠᠳ᠋ᠷ ᠤᠯᠠᠨ ᠲᠦᠮᠡᠨ ᠲᠠᠢ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠨᠡᠩ ᠥᠨᠳᠥᠷ ᠪᠦᠲᠦᠮᠵᠢᠲᠡᠢ ᠰᠢᠨᠵᠢᠯᠡᠬᠦ ᠤᠬᠠᠭᠠᠨᠴᠢ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠢ ᠰᠦᠪᠡᠭᠴᠢᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ 
ᠢᠷᠡᠯᠲᠡ᠄ ᠤᠯᠠᠭᠠᠨᠪᠠᠯᠭᠠᠰᠤ