ᠶᠡᠷᠦᠩᠬᠡᠢ ᠱᠦᠵᠢ ᠰᠢ ᠶᠢᠨ ᠫᠢᠩ ᠤᠨ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠬᠦ︾ | ᠪᠠ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠣᠭᠤᠰᠢᠯᠠᠭᠤᠯᠵᠤ᠂ ᠦᠨᠳᠦᠰᠦᠨ | ᠱᠠᠲᠤᠨ ᠤ ᠡᠭᠦᠷᠭᠡ ᠳᠠᠷᠤᠭᠠᠰᠤ ᠶᠡᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠪᠠᠷ ᠴᠢ ᠫᠠᠨ ᠵᠢᠩ ᠪᠠᠯᠭᠠᠰᠤ ᠪᠠᠶᠢᠩᠭᠤᠵᠢᠭᠰᠠᠨ᠂ ᠤᠯᠠᠨ ᠲᠠᠯ᠎ᠠ ᠶᠢᠨ | ᠪᠦᠬᠦᠨ ᠢ ᠬᠠᠮᠤᠷᠤᠭᠰᠠᠨ ︽ᠨᠢᠭᠤᠷᠳᠠᠨ ᠦᠢᠯᠡᠴᠢᠯᠡᠬᠦ ᠡᠳᠦᠷ︾ ᠤᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠳᠤ ᠦᠢᠯᠡᠴᠢᠯᠡᠬᠦ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃ 9 ᠳ᠋ᠦ᠋ᠭᠡᠷ ᠰᠠᠷ᠎ᠠ ᠶᠢᠨ 10 ᠤ ᠡᠳᠦᠷ ᠪᠣᠯᠣᠨ 12 ᠤᠨ ᠡᠳᠦᠷ᠂ ᠨᠢᠭᠤᠷᠳᠠᠨ ᠦᠢᠯᠡᠴᠢᠯᠡᠬᠦ ᠠᠩᠭᠢ ᠶᠢᠨ ᠬᠢᠨ | ᠣᠯᠠᠨ ᠨᠣᠬᠠᠢ ᠶᠢᠨ ᠴᠢᠷᠭ᠎ᠠ ᠲᠣᠰᠬᠤᠨ᠂ ᠴᠢᠯᠠᠭᠤᠨᠪᠠᠢ ᠭᠠᠴᠠᠭ᠎ᠠ᠂ ᠰᠢᠷᠢᠭᠢ ᠲᠣᠰᠬᠤᠨ ᠪᠣᠯᠣᠨ ᠰᠦᠮᠡᠲᠤ ᠲᠣᠰᠬᠤᠨ ᠳᠤ ᠬᠦᠷᠪᠡ᠃ | ᠠᠵᠢᠯᠯᠠᠭ᠎ᠠ ᠨᠢ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠬᠢᠬᠦ᠂ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ ᠳᠠᠷᠤᠭᠠᠰᠤ ᠶᠢ ᠬᠥᠩᠭᠡᠷᠡᠭᠦᠯᠬᠦ᠂ | ᠮᠠᠯ ᠤᠨᠤᠭ᠎ᠠ ᠶᠢ ᠣᠨᠣᠰᠢᠯᠠᠨ ᠡᠮᠨᠡᠬᠦ᠂ ᠨᠥᠬᠦᠪᠦᠷᠢ ᠶᠢ ᠳᠠᠩᠰᠠᠯᠠᠨ ᠭᠡᠷᠡᠴᠢᠯᠡᠬᠦ᠂ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ | ᠵᠡᠷᠭᠡ ᠲᠥᠷᠥᠯ ᠵᠦᠢᠯ ᠤᠨ ᠲᠣᠭᠤᠷᠢᠨ ᠳᠤ ᠦᠢᠯᠡᠴᠢᠯᠡᠭᠡ ᠬᠠᠩᠭᠠᠵᠤ᠂ ᠠᠵᠢᠯᠲᠠᠳ ᠰᠠᠭᠤᠭᠠᠯᠢ ᠠᠷᠠᠳ ᠤᠨ ᠳᠤᠷᠠᠳᠤᠭᠰᠠᠨ ᠡᠯ᠎ᠡ ᠵᠦᠢᠯ ᠤᠨ ᠬᠦᠰᠡᠯ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ ᠲᠡᠮᠳᠡᠭᠯᠡᠨ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠵᠦ ᠳᠡᠶᠢᠯᠬᠦ ᠶᠢ ᠨᠢ ᠳᠠᠷᠤᠶᠢᠬᠠᠨ ᠰᠢᠢᠳᠪᠦᠷᠢᠯᠡᠵᠦ᠂ | ᠲᠤᠬᠠᠢ ᠶᠢᠨ ᠲᠠᠯᠠᠪᠤᠷ ᠲᠤ ᠰᠢᠢᠳᠪᠦᠷᠢᠯᠡᠵᠦ ᠳᠡᠶᠢᠯᠬᠦ ᠦᠭᠡᠢ ᠶᠢ ᠨᠢ ᠴᠠᠭ ᠲᠤᠬᠠᠢ ᠳᠤᠨᠢ ᠰᠠᠶᠢᠲᠤᠷ ᠲᠡᠮᠳᠡᠭᠯᠡᠨ᠂ ᠦᠢᠯᠡᠴᠢᠯᠡᠭᠡᠨ ᠤ ᠡᠬᠡ ᠲᠠᠩᠰᠠ ᠭᠠᠷᠭᠠᠵᠤ᠂ | ᠮᠥᠷᠳᠡᠨ ᠬᠠᠷᠢᠭᠤᠯᠲᠠ ᠥᠭᠬᠦ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠪᠦᠬᠦᠨ ᠳᠤ ᠬᠠᠷᠢᠭᠤᠯᠲᠠ ᠥᠭᠭᠦᠨ᠂ ᠤᠴᠢᠷ ᠪᠣᠯᠭᠠᠨ ᠢ | ᠪᠣᠳᠠᠲᠠᠢ ᠨᠠᠶᠢᠳᠠᠪᠤᠷᠢᠵᠢᠭᠤᠯᠪᠠ᠃ ᠲᠣᠰ ᠤᠳᠠᠭᠠᠨ ᠤ ᠠᠵᠢᠯᠯᠠᠭ᠎ᠠ ᠪᠠᠷ ᠨᠡᠶᠢᠲᠡ 200 ᠭᠠᠷᠤᠢ ᠣᠯᠠᠨ ᠲᠦᠮᠡᠨ ᠳᠤ ᠦᠢᠯᠡᠴᠢᠯᠡᠵᠦ᠂ ᠲᠤᠬᠠᠢ ᠶᠢᠨ ᠲᠠᠯᠠᠪᠤᠷ ᠲᠤ | 350 ᠭᠠᠷᠤᠢ ᠤᠳᠠᠭ᠎ᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | ᠴᠢ ᠫᠠᠨ ᠵᠢᠩ ᠪᠠᠯᠭᠠᠰᠤ ︽ᠠᠷᠠᠳ ᠲᠤ ᠲᠦᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠦᠢᠯᠡᠴᠢᠯᠡᠬᠦ︾ ᠪᠠᠷ ᠡᠭᠦᠰᠦᠯᠲᠡ ᠶᠢᠨ ᠴᠡᠭ | ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢ | ᠠᠰᠢᠭᠯᠠᠨ᠂ ︽ᠨᠢᠭᠤᠷᠳᠠᠨ ᠦᠢᠯᠡᠴᠢᠯᠡᠬᠦ︾ ᠲᠦᠷᠦᠯ ᠵᠦᠢᠯ ᠤᠨ ᠨᠠᠷᠢᠨ ᠲᠠᠩᠰᠠ ᠶᠢ ᠪᠠᠶᠢᠩᠭᠤ ᠰᠠᠭᠤᠭᠠᠯᠢ ᠠᠷᠠᠳ ᠤᠨ ᠳᠡᠷᠭᠡᠳᠡ ᠬᠦᠷᠭᠡᠵᠦ᠂ ᠤᠯᠠᠨ ᠲᠦᠮᠡᠨ ᠤ | ᠬᠦᠰᠡᠵᠦ ᠰᠠᠨᠠᠭᠰᠠᠨ ᠵᠦᠢᠯ ᠢ ᠪᠡᠶᠡᠯᠡᠭᠦᠯᠦᠨ᠂ ᠠᠷᠠᠳ ᠲᠦᠮᠡᠨ ᠳᠤ ᠰᠠᠶᠢᠲᠤᠷ ᠦᠢᠯᠡᠴᠢᠯᠡᠨ᠎ᠡ᠃ | |