ᠮᠸᠡᠭ ᠰᠢ ᠨᠡᠶᠢᠭᠡᠮ ᠲᠣᠭᠤᠷᠢᠭ ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠰᠠᠷᠠᠨ ᠤ ᠪᠠᠶᠠᠷ ᠢ ᠪᠡᠯᠭᠡᠯᠡᠬᠦ ᠭᠤᠣᠯ ᠰᠡᠳᠦᠪᠲᠦ ᠨᠠᠮ ᠤᠨ ᠡᠳᠦᠷ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/14
      ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠰᠠᠷᠠᠨ ᠤ ᠪᠠᠶᠠᠷ᠂ ᠨᠠᠷᠭᠢᠶᠠᠨ ᠬᠥᠭᠵᠢᠶᠡᠨ ᠢᠶᠠᠷ ᠪᠢᠯᠬᠠᠭᠰᠠᠨ ᠵᠢᠷᠭᠠᠯᠲᠤ ᠴᠠᠭ ᠮᠥᠴᠡ᠃ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠬᠤ ᠪᠠᠷ 9 ᠳ᠋ᠦ᠋ᠭᠡᠷ ᠰᠠᠷ᠎ᠠ ᠶᠢᠨ 13 ᠤ ᠡᠳᠦᠷ᠂ ᠮᠸᠡᠭ ᠰᠢ ᠨᠡᠶᠢᠭᠡᠮ ᠲᠣᠭᠤᠷᠢᠭ ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠰᠠᠷᠠᠨ ᠤ ᠪᠠᠶᠠᠷ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠤᠯᠠᠮᠵᠢᠯᠠᠯᠲᠤ ᠰᠣᠶᠣᠯ ᠤᠨ ᠦᠪᠡᠳᠡᠭᠰᠢ ᠨᠠᠶᠢᠷ ᠪᠠ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃      ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ᠂ ᠰᠡᠳᠬᠢᠯ ᠰᠡᠳᠬᠢᠯ ᠢᠶᠠᠨ ᠬᠤᠯᠪᠣᠬᠤ ᠤᠷᠠᠨ ᠰᠠᠶᠢᠬᠠᠨ ᠤ ᠠᠩᠭᠢ ᠶᠢᠨ ᠭᠤᠶᠢᠳᠠ ᠰᠠᠶᠢᠬᠠᠨ ᠲᠣᠭᠯᠠᠯᠲᠠ ᠶᠢᠨ ᠳᠤᠮᠳᠠ ᠠᠵᠢᠯᠯᠠᠭ᠎ᠠ ᠪᠠᠨ ᠡᠬᠢᠯᠡᠭᠦᠯᠪᠡ᠃ ᠤᠯᠠᠨ ᠤ ᠪᠠᠭ᠋ᠠᠷᠬᠠᠯ ᠢ ᠲᠠᠲᠠᠭᠰᠠᠨ ᠤᠶᠠᠩᠭᠠᠲᠤ ᠳᠠᠭᠤᠤ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠤᠷᠠᠨ ᠪᠥᠵᠢᠭ ᠤᠳ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠡᠢ᠃ ᠡᠳᠡᠭᠡᠷ ᠲᠣᠭᠯᠠᠯᠲᠠ ᠶᠢ ᠴᠥᠮ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠰᠠᠶᠢᠨ ᠳᠤᠷᠠᠴᠤᠳ ᠥᠪᠡᠷ ᠢᠶᠠᠨ ᠵᠣᠬᠢᠶᠠᠵᠤ ᠨᠠᠶᠢᠷᠠᠭᠤᠯᠤᠨ᠂ ᠦᠨᠡᠨᠴᠢ ᠰᠡᠳᠬᠢᠯᠭᠡ᠂ ᠣᠯᠠᠨ ᠲᠦᠮᠡᠨ ᠲᠠᠢ ᠣᠶᠢᠷᠠᠲᠤᠭᠰᠠᠨ ᠲᠣᠭᠯᠠᠯᠲᠠ ᠪᠠᠷ ᠢᠶᠠᠨ ᠦᠵᠡᠭᠴᠢᠳ ᠤᠨ ᠬᠠᠷᠠᠭ᠎ᠠ ᠰᠣᠨᠣᠷ ᠢ ᠮᠢᠯᠢᠶᠠᠪᠠ᠃ ᠳᠠᠭᠤᠨ ᠳᠤᠨᠢ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠰᠢᠩᠭᠡᠵᠦ᠂ ᠪᠥᠵᠢᠭ ᠲᠤᠨᠢ ᠪᠠᠶᠠᠷ ᠴᠡᠩᠭᠡᠯ ᠠᠭᠤᠰᠤᠨ᠂ ᠪᠦᠬᠦ᠋ᠢᠯᠡ ᠨᠡᠶᠢᠭᠡᠮ ᠲᠣᠭᠤᠷᠢᠭ ᠢᠶᠠᠷ ᠢᠶᠠᠨ ᠪᠠᠶᠠᠷ ᠵᠢᠷᠭᠠᠯ ᠤᠨ ᠳᠤᠮᠳᠠ ᠱᠤᠩᠪᠠᠨ᠎ᠠ᠃      ᠤᠷᠠᠨ ᠰᠠᠶᠢᠬᠠᠨ ᠤ ᠲᠣᠭᠯᠠᠯᠲᠠ ᠶᠢᠨ ᠳᠠᠷᠠᠭ᠎ᠠ᠂ ᠠᠵᠢᠯᠯᠠᠭ᠎ᠠ ᠨᠢ ᠦᠷᠭᠦᠯᠵᠢᠯᠡᠨ ᠢᠳᠡ ᠬᠦᠴᠦᠲᠡᠢ ᠶᠠᠪᠤᠭᠳᠠᠯ᠎ᠠ᠃ ᠰᠠᠭᠤᠭᠠᠯᠢ ᠲᠣᠭᠤᠷᠢᠭ ᠤᠨ ᠠᠵᠢᠯᠯᠠᠭ᠎ᠠ ᠶᠢ ᠨᠢᠮᠪᠠᠢ ᠪᠠᠶᠢᠷᠢᠯᠠᠭᠤᠯᠤᠭᠰᠠᠨ ᠬᠤᠶᠠᠷ ᠲᠤᠬᠠᠢ ᠶᠢᠨ ᠲᠠᠯᠠᠪᠠᠢ ᠳᠤ ᠡᠯᠳᠡᠪ ᠵᠦᠢᠯ ᠤᠨ ᠱᠠᠩᠨᠠᠯ ᠣᠪᠣᠭᠠᠯᠠᠨ᠂ ᠰᠠᠭᠤᠭᠠᠯᠢ ᠠᠷᠠᠳ ᠤᠨ ᠠᠩᠬᠠᠷᠤᠯ ᠢ ᠲᠠᠲᠠᠨ᠎ᠠ᠃ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠤᠷᠲᠤ ᠮᠥᠷᠯᠡᠨ ᠵᠢᠭᠰᠠᠵᠤ᠂ ᠲᠣᠭᠤᠭᠰᠠᠨ ᠱᠠᠩᠨᠠᠯ ᠢᠶᠠᠨ ᠭᠤᠬᠠᠳᠠᠵᠤ ᠠᠪᠬᠤ ᠪᠠᠷ ᠪᠠᠷᠢᠭᠰᠠᠨ ᠴᠠᠭᠠᠷᠢᠭ ᠢᠶᠠᠨ ᠰᠠᠶᠢᠲᠤᠷ ᠣᠨᠢᠯᠠᠬᠤ ᠳᠤ ᠪᠠᠶᠠᠷᠯᠠᠬᠤ ᠪᠠᠴᠢᠮᠳᠠᠬᠤ ᠬᠤᠣᠰᠯᠠᠵᠤ ᠪᠠᠶᠢᠯ᠎ᠠ᠃ ᠵᠠᠷᠢᠮ ᠨᠢᠭᠡ ᠨᠢ ᠱᠠᠩᠨᠠᠯ ᠤᠨ ᠡᠳ᠋ ᠢᠶᠠᠨ ᠠᠮᠵᠢᠯᠲᠠ ᠲᠠᠢ ᠭᠤᠬᠠᠳᠠᠬᠤ ᠳᠤ ᠲᠤᠬᠠᠢ ᠶᠢᠨ ᠲᠠᠯᠠᠪᠠᠢ ᠨᠢᠵᠢᠭᠢᠨᠡᠲᠡᠯ᠎ᠡ ᠠᠯᠠᠭ᠎ᠠ ᠲᠠᠰᠢᠯᠲᠠ ᠶᠢᠨ ᠳᠠᠭᠤᠨ ᠪᠠ ᠤᠤᠬᠠᠢ ᠶᠢᠨ ᠳᠠᠭᠤᠨ ᠢᠶᠠᠷ ᠪᠢᠯᠬᠠᠨ᠎ᠠ᠃ ᠡᠨᠡ ᠬᠦ ᠲᠣᠭᠯᠠᠭᠠᠮ ᠨᠢ ᠪᠠᠶᠠᠷ ᠳᠤᠷᠠᠰᠬᠠᠯ ᠤᠨ ᠡᠳᠦᠷ ᠤᠨ ᠬᠥᠷ ᠨᠠᠷᠭᠢᠶᠠᠨ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠨᠠᠶᠢᠷ ᠰᠡᠳᠬᠢᠯᠭᠡ ᠶᠢ ᠴᠤ ᠵᠤᠵᠠᠭᠠᠳᠬᠠᠵᠠᠢ᠃      ᠪᠠᠶᠠᠷ ᠤᠨ ᠡᠳᠦᠷ ᠢᠶᠠᠨ ᠬᠥᠭᠵᠢᠶᠡᠨᠲᠡᠢ ᠥᠩᠭᠡᠷᠡᠭᠦᠯᠬᠦ ᠶᠢᠨ ᠵᠡᠷᠭᠡ ᠳᠤ ᠮᠧᠩ ᠰᠢ ᠨᠡᠶᠢᠭᠡᠮ ᠲᠣᠭᠤᠷᠢᠭ ᠪᠠᠰᠠ ᠨᠡᠶᠢᠭᠡᠮ ᠲᠣᠭᠤᠷᠢᠭ ᠲᠠᠬᠢ ᠣᠨᠴᠠᠭᠠᠶ ᠬᠦᠮᠦᠰ ᠢ ᠬᠠᠶᠢᠷᠠᠯᠠᠨ ᠬᠠᠯᠠᠮᠵᠢᠯᠠᠪᠠ᠃ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷᠠᠴᠤᠳ ᠨᠡᠶᠢᠭᠡᠮ ᠲᠣᠭᠤᠷᠢᠭ ᠤᠨ ᠵᠠᠭᠤᠨ ᠨᠠᠰᠤᠲᠠᠢ ᠨᠠᠰᠤᠲᠠᠨ ᠪᠣᠯᠣᠨ ᠭᠡᠷ ᠲᠡᠭᠡᠨ ᠬᠤᠴᠣᠷᠤᠭᠰᠠᠨ ᠬᠡᠦᠬᠡᠳ ᠢ ᠲᠤᠰᠬᠠᠶᠢᠯᠠᠨ ᠲᠣᠬᠤᠨᠢᠭᠤᠯᠵᠠᠢ᠃ ᠲᠡᠳᠡ ᠨᠠᠰᠤᠲᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠲᠣᠬᠤᠨᠢᠭᠤᠯᠬᠤ ᠪᠣᠳᠠᠰ ᠬᠦᠷᠭᠡᠵᠦ᠂ ᠳᠣᠲᠣᠨᠣ ᠶᠠᠷᠢᠯᠴᠠᠨ᠂ ᠪᠡᠶ᠎ᠡ ᠮᠠᠬᠠᠪᠤᠳ ᠬᠢᠭᠡᠳ ᠠᠮᠢᠳᠤᠷᠠᠯ ᠤᠨ ᠪᠠᠶᠢᠳᠠᠯ ᠢ ᠨᠢ ᠣᠶᠢᠯᠠᠭᠠᠪᠠ᠃ ᠭᠡᠷ ᠲᠡᠭᠡᠨ ᠬᠤᠴᠣᠷᠤᠭᠰᠠᠨ ᠬᠡᠦᠬᠡᠳ ᠲᠤ ᠶᠧᠪᠡᠩ ᠪᠣᠤᠪᠤ ᠪᠣᠯᠣᠨ ᠪᠠᠶᠠᠷ ᠤᠨ ᠡᠳᠦᠷ ᠤᠨ ᠪᠡᠯᠡᠭ ᠬᠦᠷᠭᠡᠵᠦ᠂ ᠰᠠᠶᠢᠲᠤᠷ ᠰᠤᠷᠤᠯᠴᠠᠨ᠂ ᠡᠷᠡᠭᠦᠯ ᠢᠶᠠᠷ ᠦᠰᠦᠨ ᠪᠣᠶᠢᠵᠢᠬᠤ ᠶᠢ ᠨᠢ ᠵᠣᠷᠢᠭᠵᠢᠭᠤᠯᠵᠠᠢ᠃ ᠡᠳᠡᠭᠡᠷ ᠦᠢᠯᠡ ᠠᠵᠢᠯᠯᠠᠭ᠎ᠠ ᠨᠢ ᠨᠡᠶᠢᠭᠡᠮ ᠲᠣᠭᠤᠷᠢᠭ ᠲᠠᠬᠢ ᠣᠨᠴᠠᠭᠠᠢ ᠬᠦᠮᠦᠰ ᠲᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠭᠰᠡᠨ ᠪᠠᠶᠢᠨ᠎ᠠ᠃      ᠨᠠᠮ ᠤᠨ ᠪᠠᠶᠢᠭᠤᠯᠤᠯᠲᠠ ᠶᠢᠨ ᠵᠢᠯᠣᠭᠤᠳᠤᠮᠵᠢ ᠪᠠᠷ ᠬᠠᠮᠲᠤ ᠶᠢᠨ ᠬᠦᠴᠦᠨ ᠢ ᠨᠢᠭᠲᠠᠷᠠᠭᠤᠯᠵᠤ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠰᠠᠷᠠᠨ ᠤ ᠪᠠᠶᠠᠷ ᠢᠶᠠᠷ ᠬᠠᠶᠢᠷ᠎ᠠ ᠰᠡᠳᠬᠢᠯᠭᠡ ᠶᠢ ᠨᠡᠩ ᠵᠤᠵᠠᠭᠠᠳᠬᠠᠨ᠎ᠠ᠃ ᠲᠤᠰ ᠤᠳᠠᠭ᠎ᠠ ᠶᠢᠨ ᠮᠸᠡᠭ ᠰᠢ ᠨᠡᠶᠢᠭᠡᠮ ᠲᠣᠭᠤᠷᠢᠭ ᠤᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠰᠠᠷᠠᠨ ᠤ ᠪᠠᠶᠠᠷ ᠢ ᠪᠡᠯᠭᠡᠯᠡᠬᠦ ᠠᠵᠢᠯᠯᠠᠭ᠎ᠠ ᠨᠢ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠭᠰᠠᠨ ᠢᠶᠠᠷ ᠪᠠᠷᠠᠬᠤ ᠦᠭᠡᠢ ᠪᠠᠰᠠ ᠢᠳᠡᠪᠬᠢ ᠬᠦᠴᠦᠨ ᠢ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠭᠰᠠᠨ ᠪᠠᠶᠢᠨ᠎ᠠ᠃ ᠬᠤᠶᠢᠰᠢᠳᠠ᠂ ᠮᠸᠡᠭ ᠰᠢ ᠨᠡᠶᠢᠭᠡᠮ ᠲᠣᠭᠤᠷᠢᠭ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠨᠠᠩ ᠡᠶ᠎ᠡ ᠵᠣᠬᠢᠴᠠᠩᠭᠤᠢ᠂ ᠬᠠᠯᠠᠭᠤᠨ ᠳᠤᠯᠠᠭᠠᠨ᠂ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠠᠬᠤᠢ ᠶᠢ ᠪᠣᠢ ᠪᠣᠯᠭᠠᠬᠤ ᠪᠠᠷ ᠴᠢᠷᠮᠠᠶᠢᠨ᠎ᠠ᠃ 
ᠢᠷᠡᠯᠲᠡ᠄ ᠮᠧᠩ ᠰᠢ ᠪᠠᠯᠭᠠᠰᠤ