ᠤᠯᠠᠭᠠᠨᠪᠠᠯᠭᠠᠰᠤᠨ ᠤ ᠲᠣᠰᠣᠲᠤ ᠨᠡᠶᠢᠭᠡᠮ ᠲᠣᠭᠤᠷᠢᠭ ᠵᠡᠮᠳᠡᠭᠴᠦᠳ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/14
      ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠰᠠᠷᠠᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ ᠲᠣᠰᠣᠲᠣ ᠨᠡᠶᠢᠭᠡᠮ ᠲᠣᠭᠤᠷᠢᠭ ᠲᠤ ᠲᠤᠰᠬᠠᠶᠢᠯᠠᠨ ᠵᠡᠮᠳᠡᠭ ᠬᠥᠮᠥᠰ ᠲᠤ ᠵᠣᠷᠢᠭᠤᠯᠤᠭᠰᠠᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠭᠤᠷᠪᠠᠨ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠤᠳᠤᠷᠢᠳᠤᠯᠭ᠎ᠠ ᠪᠠ ᠠᠵᠢᠯᠲᠠᠳ ᠬᠠᠮᠲᠤ ᠪᠠᠷ ᠣᠷᠤᠯᠴᠠᠨ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠠᠷᠢᠶ᠎ᠠ ᠣᠷᠣᠨ ᠳᠠᠬᠢ ᠵᠡᠮᠳᠡᠭ ᠬᠥᠮᠥᠰ ᠳᠠᠭᠤᠤ ᠳᠠᠭᠤᠯᠠᠨ ᠪᠦᠵᠢᠭ ᠪᠦᠵᠢᠭᠯᠡᠵᠦ᠂ ᠵᠡᠮᠳᠡᠭᠴᠦᠳ ᠤᠨ ᠦᠢᠯᠡᠰ ᠢ ᠬᠠᠯᠠᠮᠵᠢᠯᠠᠨ ᠳᠡᠮᠵᠢᠭᠰᠡᠨ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠲᠠᠯᠠᠷᠬᠠᠯ ᠤᠨ ᠰᠡᠳᠬᠢᠯᠭᠡ ᠪᠠᠨ ᠢᠯᠡᠳᠬᠡᠪᠡ᠃ ᠳᠠᠷᠠᠭ᠎ᠠ ᠨᠢ᠂ ᠬᠤᠷᠠᠮᠳᠤᠭᠤᠯᠤᠭᠰᠠᠨ ᠬᠤᠪᠢ ᠶᠢᠨ ᠱᠠᠩᠨᠠᠯ ᠤᠨ ᠬᠡᠯᠪᠡᠷᠢ ᠪᠠᠷ ᠲᠣᠬᠤᠨᠢᠭᠤᠯᠬᠤ ᠪᠣᠳᠠᠰ ᠰᠣᠯᠢᠵᠤ᠂ ᠲᠤᠩ ᠰᠠᠶᠢᠨ ᠲᠤᠰᠬᠠᠯ ᠭᠠᠷᠪᠠ᠃      ᠣᠶᠢᠷ᠎ᠠ ᠶᠢᠨ ᠵᠢᠯ ᠳᠤ᠂ ᠲᠣᠰᠣᠲᠤ ᠨᠡᠶᠢᠭᠡᠮ ᠲᠣᠭᠤᠷᠢᠭ ︽ᠵᠢᠵᠢᠭ ᠬᠤᠲᠠ ᠪᠠᠯᠭᠠᠰᠤ ᠲᠣᠮᠣ ᠨᠡᠶᠢᠭᠡᠮ ᠲᠣᠭᠤᠷᠢᠭ︾ ᠤᠨ ᠨᠠᠮ ᠤᠨ ᠪᠠᠶᠢᠭᠤᠯᠤᠯᠲᠠ ᠶᠢᠨ ᠨᠡᠷᠡᠲᠤ ᠲᠡᠮᠳᠡᠭ ᠡᠭᠦᠳᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠣᠨᠴᠠᠯᠢᠭ᠂ ᠬᠥᠮᠥᠨ ᠠᠮᠠ ᠶᠢᠨ ᠪᠦᠲᠦᠴᠡ ᠪᠣᠯᠣᠨ ᠰᠠᠭᠤᠭᠠᠯᠢ ᠠᠷᠠᠳ ᠤᠨ ᠬᠡᠷᠡᠭᠴᠡᠭᠡ ᠳᠤ ᠰᠠᠭᠤᠷᠢᠯᠠᠨ᠂ ᠨᠡᠶᠢᠭᠡᠮ ᠲᠣᠭᠤᠷᠢᠭ ᠲᠤ ︽ᠵᠡᠮᠳᠡᠭᠴᠦᠳ ᠢ ᠲᠥᠪᠯᠡᠷᠡᠭᠦᠯᠦᠨ ᠠᠵᠢᠯ ᠣᠯᠭᠤᠬᠤ ᠦᠢᠯᠡᠴᠢᠯᠡᠭᠡᠨ ᠤ ᠰᠠᠭᠤᠷᠢᠨ ᠭᠠᠵᠠᠷ︾ ᠢ ᠪᠠᠶᠢᠭᠤᠯᠪᠠ᠃ ᠬᠤᠷᠠᠮᠳᠤᠭᠤᠯᠤᠭᠰᠠᠨ ᠬᠤᠪᠢ ᠶᠢᠨ ᠱᠠᠩᠨᠠᠯ ᠤᠨ ᠳᠦᠷᠢᠮ ᠪᠣᠯ ᠨᠡᠶᠢᠭᠡᠮ ᠲᠣᠭᠤᠷᠢᠭ ᠤᠨ ᠬᠠᠷᠢᠶ᠎ᠠ ᠣᠷᠣᠨ ᠳᠠᠬᠢ ᠵᠡᠮᠳᠡᠭᠴᠦᠳ ᠤᠨ ᠠᠵᠢᠯ ᠣᠯᠭᠤᠯᠲᠠ ᠳᠤ ᠣᠷᠣᠯᠴᠠᠬᠤ ᠶᠢ ᠵᠣᠷᠢᠭᠵᠢᠭᠤᠯᠬᠤ ᠪᠠᠷ ᠲᠣᠭᠲᠠᠭᠠᠭᠰᠠᠨ ᠠᠵᠢᠯ ᠣᠯᠭᠤᠯᠲᠠ ᠶᠢᠨ ᠬᠠᠮᠢᠶᠠᠷᠤᠯᠲᠠ ᠶᠢᠨ ᠲᠥᠰᠥᠯ ᠪᠣᠯᠣᠨ᠎ᠠ᠃ ᠬᠠᠷᠢᠶ᠎ᠠ ᠣᠷᠣᠨ ᠳᠠᠬᠢ ᠵᠡᠮᠳᠡᠭ ᠬᠥᠮᠥᠰ ᠡᠳᠦᠷ ᠪᠦᠷᠢ ᠨᠡᠶᠢᠭᠡᠮ ᠲᠣᠭᠤᠷᠢᠭ ᠲᠤ ᠢᠷᠡᠵᠦ ᠭᠠᠷ ᠤᠷᠠᠯᠠᠯ ᠬᠢᠬᠦ᠂ ᠴᠡᠪᠡᠷᠯᠡᠭᠡ ᠬᠢᠬᠦ᠂ ᠠᠵᠢᠯᠯᠠᠭ᠎ᠠ ᠳᠤ ᠣᠷᠣᠯᠴᠠᠬᠤ ᠵᠡᠷᠭᠡ ᠠᠷᠭ᠎ᠠ ᠮᠠᠶ᠋ᠢᠭ ᠢᠶᠠᠷ ᠬᠤᠪᠢ ᠬᠤᠷᠠᠮᠳᠤᠭᠤᠯᠵᠤ ᠱᠠᠩᠨᠠᠯ ᠠᠪᠴᠦ ᠪᠣᠯᠣᠨ᠎ᠠ᠃ ᠡᠳᠡᠭᠡᠷ ᠬᠤᠷᠠᠮᠳᠤᠭᠤᠯᠤᠭᠰᠠᠨ ᠬᠤᠪᠢ ᠪᠠᠷ ᠢᠶᠠᠨ ᠣᠨᠴᠠᠭᠠᠢ ᠲᠣᠭᠲᠠᠭᠠᠭᠰᠠᠨ ᠪᠠᠶᠠᠷ ᠤᠨ ᠡᠳᠦᠷ ᠲᠤ ᠢᠳᠡᠰᠢᠨ ᠲᠣᠰᠣ᠂ ᠠᠮᠤ ᠪᠤᠳᠠᠭ᠎ᠠ ᠭᠤᠯᠢᠷ᠂ ᠬᠥᠩᠭᠢᠨᠡᠭᠦᠷ᠂ ᠴᠠᠬᠢᠯᠭᠠᠨ ᠰᠣᠷᠢᠨᠵᠢᠨ ᠵᠤᠤᠬ᠎ᠠ᠂ ᠴᠠᠬᠢᠯᠭᠠᠨ ᠲᠣᠭᠤᠭ᠎ᠠ ᠵᠡᠷᠭᠡ ᠭᠡᠷ ᠤᠨ ᠡᠳ᠋ᠯᠡᠯ ᠬᠡᠷᠡᠭᠰᠡᠯ ᠢ ᠰᠣᠯᠢᠵᠤ ᠪᠣᠯᠳᠠᠭ᠃ ᠨᠡᠶᠢᠭᠡᠮ ᠲᠣᠭᠤᠷᠢᠭ ᠤᠨ ᠵᠡᠮᠳᠡᠭᠴᠦᠳ ᠤᠨ ᠭᠠᠷ ᠦᠢᠯᠡᠳᠬᠡᠯ ᠤᠨ ᠭᠠᠵᠠᠷ ᠨᠢ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠬᠠᠭᠤᠳᠠᠰᠤ ᠶᠢ ᠬᠦᠯᠢᠶᠡᠨ ᠠᠪᠴᠤ᠂ ᠲᠡᠳᠡ ᠥᠪᠡᠷ ᠤᠨ ᠬᠥᠳᠡᠯᠮᠦᠷᠢ ᠬᠦᠴᠦ ᠪᠠᠷ ᠢᠶᠠᠨ 2000 ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠳᠠᠭ᠂ ᠡᠨᠡ ᠨᠢ ᠠᠰᠠᠷᠠᠨ ᠬᠠᠷᠠᠭᠠᠯᠵᠠᠬᠤ ᠭᠡᠷ ᠪᠦᠯᠢ ᠶᠢᠨ ᠬᠢᠨ ᠤ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠳᠠᠷᠤᠭᠠᠰᠤ ᠶᠢ ᠵᠣᠬᠢᠬᠤ ᠬᠡᠮᠵᠢᠶ᠎ᠡ ᠪᠠᠷ ᠬᠥᠩᠭᠡᠯᠡᠭᠰᠡᠨ ᠪᠥᠭᠡᠳ ᠪᠠᠰᠠ ᠨᠠᠩ ᠣᠯᠠᠨ ᠵᠡᠮᠳᠡᠭ ᠬᠥᠮᠥᠰ ᠢ ᠳᠠᠶᠢᠴᠢᠯᠠᠨ ᠭᠡᠷ ᠠᠴᠠ ᠪᠠᠨ ᠭᠠᠷᠴᠤ ᠠᠵᠢᠯ ᠣᠯᠬᠤ ᠳᠤ ᠣᠷᠣᠯᠴᠠᠭᠤᠯᠵᠤ᠂ ᠨᠡᠶᠢᠭᠡᠮ ᠲᠠᠢ ᠠᠭᠤᠰᠤᠯᠴᠠᠭᠤᠯᠤᠭᠰᠠᠨ ᠪᠠᠶᠢᠨ᠎ᠠ᠃ ᠣᠳᠣᠬᠠᠨ ᠳᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠰᠠᠭᠤᠷᠢᠨ ᠭᠠᠵᠠᠷ ᠲᠤ ᠣᠷᠣᠵᠤ ᠰᠠᠭᠤᠭᠰᠠᠨ 15 ᠵᠡᠮᠳᠡᠭ ᠬᠦᠮᠦᠨ ᠳᠤ ᠪᠦᠷ ᠠᠵᠢᠯ ᠣᠯᠭᠤᠪᠠ᠃      ᠲᠠᠷᠠᠭᠠᠴᠢ ᠪᠠᠷ᠂ ᠲᠣᠰᠣᠲᠤ ᠨᠡᠶᠢᠭᠡᠮ ᠲᠣᠭᠤᠷᠢᠭ ᠤᠨ ᠬᠢᠨ ᠵᠡᠮᠳᠡᠭᠴᠦᠳ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠦᠢᠯᠡᠴᠢᠯᠡᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠪᠤᠷ ᠤᠨ ᠰᠠᠯᠬᠢᠨ ᠤ ᠠᠵᠢᠯᠲᠠᠨ ᠡᠯᠰᠡᠬᠦ ᠠᠵᠢᠯᠯᠠᠭ᠎ᠠ᠂ ᠠᠵᠢᠯ ᠣᠯᠭᠤᠯᠲᠠ ᠶᠢᠨ ᠪᠣᠯᠪᠠᠰᠤᠷᠠᠯ ᠤᠨ ᠰᠠᠷ᠎ᠠ ᠵᠡᠷᠭᠡ ᠠᠵᠢᠯᠯᠠᠭ᠎ᠠ ᠲᠠᠢ ᠤᠶᠠᠯᠳᠤᠭᠤᠯᠤᠨ ᠲᠡᠳᠡᠨ ᠳᠤ ᠵᠣᠬᠢᠰᠲᠠᠢ ᠠᠵᠢᠯ ᠤᠨ ᠪᠠᠶᠢᠷᠢ ᠲᠠᠨᠢᠯᠴᠠᠭᠤᠯᠵᠤ᠂ ᠵᠡᠮᠳᠡᠭ ᠬᠥᠮᠥᠰ ᠤᠨ ᠠᠵᠢᠯ ᠣᠯᠬᠤ ᠢᠲᠡᠭᠡᠯ ᠵᠣᠷᠢᠭ ᠪᠣᠯᠣᠨ ᠪᠡᠶ᠎ᠡ ᠪᠠᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠮᠢᠳᠤᠷᠠᠯ ᠤᠨ ᠶᠠᠰᠤ ᠴᠢᠨᠠᠷ ᠢ ᠨᠢ ᠰᠠᠶᠢᠵᠢᠷᠠᠭᠤᠯᠵᠤ᠂ ᠲᠡᠳᠡᠨ ᠢ ᠬᠠᠪᠰᠤᠷᠤᠨ ᠨᠡᠶᠢᠭᠡᠮ ᠲᠠᠢ ᠨᠡᠩ ᠰᠠᠶᠢᠲᠤᠷ ᠠᠭᠤᠰᠤᠯᠴᠠᠭᠤᠯᠤᠨ᠎ᠠ᠃   
ᠢᠷᠡᠯᠲᠡ᠄ ᠤᠯᠠᠭᠠᠨᠪᠠᠯᠭᠠᠰᠤ