ᠭᠤᠤ ᠬᠤᠸᠠᠢ ᠵᠢᠩ ︽ᠳᠤᠯᠠᠭᠠᠨ ᠢᠨᠵᠧᠨᠧᠷᠢᠩ︾ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠡᠰᠡᠭ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/19
      9 ᠳ᠋ᠦ᠋ᠭᠡᠷ ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠤᠯᠠᠭᠠᠨᠪᠠᠯᠭᠠᠰᠤᠨ ᠤ ᠵᠧᠩ ᠾᠧ ᠶᠤᠸᠠᠨ ᠰᠠᠭᠤᠭᠠᠯᠢ ᠲᠣᠭᠤᠷᠢᠭ ᠤᠨ ᠬᠤᠶᠢᠲᠤ ᠲᠣᠭᠤᠷᠢᠭ᠂ ᠲᠢᠶᠠᠨ ᠵᠢᠶᠣᠣ ᠮᠢᠩ ᠶᠤᠸᠠᠨ ᠰᠠᠭᠤᠭᠠᠯᠢ ᠲᠣᠭᠤᠷᠢᠭ᠂ ᠨᠢᠭᠡᠳᠦᠭᠡᠷ ᠪᠠᠭ᠎ᠠ ᠰᠤᠷᠭᠠᠭᠤᠯᠢ ᠵᠡᠷᠭᠡ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ᠂ ᠢᠯᠴᠢ ᠰᠣᠯᠢᠯᠴᠠᠬᠤ ᠥᠷᠲᠡᠭᠡᠨ ᠤ ᠪᠠᠷᠢᠯᠭ᠎ᠠ ᠶᠢᠨ ᠭᠠᠵᠠᠷ ᠵᠢᠴᠢ ᠶᠡᠷᠦᠩᠬᠡᠶᠢᠯᠡᠭᠰᠡᠨ ᠡᠷᠡᠭᠦᠯᠵᠢᠯ ᠰᠤᠪᠢᠯᠠᠯ ᠤᠨ ᠦᠢᠯᠡᠴᠢᠯᠡᠭᠡᠨ ᠤ ᠲᠥᠪ᠂ ᠨᠠᠰᠤᠲᠠᠶᠢᠴᠤᠳ ᠤᠨ ᠰᠣᠶᠣᠯ ᠲᠠᠮᠢᠷ ᠤᠨ ᠬᠥᠳᠡᠯᠭᠡᠭᠡᠨ ᠤ ᠲᠥᠪ᠂ ᠰᠢᠨ᠎ᠡ ᠨᠢᠭᠡ ᠦᠶ᠎ᠡ ᠶᠢᠨ ᠴᠠᠭ ᠠᠭᠤᠷ ᠤᠨ ᠷᠠᠳᠠᠷ ᠤᠨ ᠰᠢᠰᠲ᠋ᠧᠮ ᠤᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠬᠦᠷᠴᠦ᠂ ︽ᠳᠤᠯᠠᠭᠠᠨ ᠢᠨᠵᠧᠨᠧᠷᠢᠩ︾ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠡᠰᠡᠭ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃      ᠭᠤᠤ ᠬᠤᠸᠠᠢ ᠵᠢᠩ ᠤᠯᠠᠭᠠᠨᠪᠠᠯᠭᠠᠰᠤᠨ ᠤ ᠵᠧᠩ ᠡᠾᠧ ᠶᠤᠸᠠᠨ ᠰᠠᠭᠤᠭᠠᠯᠢ ᠲᠣᠭᠤᠷᠢᠭ ᠤᠨ ᠬᠤᠶᠢᠲᠤ ᠲᠣᠭᠤᠷᠢᠭ᠂ ᠲᠢᠶᠠᠨ ᠵᠢᠶᠣᠣ ᠮᠢᠩ ᠶᠤᠸᠠᠨ ᠰᠠᠭᠤᠭᠠᠯᠢ ᠲᠣᠭᠤᠷᠢᠭ᠂ ᠨᠢᠭᠡᠳᠦᠭᠡᠷ ᠪᠠᠭ᠎ᠠ ᠰᠤᠷᠭᠠᠭᠤᠯᠢ ᠵᠡᠷᠭᠡ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ᠂ ᠢᠯᠴᠢ ᠰᠣᠯᠢᠯᠴᠠᠬᠤ ᠦᠷᠳᠡᠭᠡ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠬᠦᠷᠴᠦ᠂ ︽ᠳᠤᠯᠠᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠤᠳᠠᠯ ᠦᠭᠡᠢ ᠳᠤᠯᠠᠭᠠᠯᠠᠭ᠎ᠠ ᠬᠠᠩᠭᠠᠬᠤ ᠭᠡᠵᠦ ᠪᠠᠶᠢᠭ᠎ᠠ ᠤᠴᠢᠷ ᠠᠴᠠ ᠡᠯ᠎ᠡ ᠬᠤᠯᠪᠣᠭᠳᠠᠯ ᠪᠦᠬᠦᠢ ᠨᠢᠭᠡᠴᠢ ᠪᠣᠯᠣᠨ ᠰᠠᠯᠠᠭ᠎ᠠ ᠮᠥᠴᠢᠷ ᠤᠳ ᠪᠠᠷᠢᠯᠭ᠎ᠠ ᠶᠢᠨ ᠠᠮᠤᠷ ᠲᠦᠪᠰᠢᠨ ᠬᠢᠭᠡᠳ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠡᠯ᠎ᠡ ᠵᠦᠢᠯ ᠤᠨ ᠪᠠᠷᠢᠯᠭ᠎ᠠ ᠶᠢ ᠲᠣᠭᠲᠠᠭᠰᠠᠨ ᠬᠤᠭᠤᠴᠠᠭᠠᠨ ᠳᠤ ᠳᠠᠭᠤᠰᠬᠠᠨ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯᠲᠠᠳ ᠤᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ ᠲᠦᠪᠰᠢᠨ ᠪᠣᠯᠣᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠤᠯᠠᠨ ᠲᠦᠮᠡᠨ ᠤ ᠲᠤᠰᠬᠠᠭᠰᠠᠨ ᠳᠤᠯᠠᠭᠠᠯᠭ᠎ᠠ ᠶᠢᠨ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠣᠯᠠᠨ ᠲᠦᠮᠡᠨ ᠳᠤ ᠦᠢᠯᠡᠴᠢᠯᠡᠬᠦ ᠠᠵᠢᠯ ᠢ ᠰᠡᠳᠬᠢᠯ ᠲᠠᠯᠪᠢᠨ ᠨᠠᠷᠢᠯᠢᠭ ᠰᠠᠶᠢᠲᠤᠷ ᠬᠢᠬᠦ ᠬᠡᠷᠡᠭᠲᠡᠢ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠬᠥᠮᠥᠰ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠳᠤᠯᠠᠭᠠᠯᠠᠭ᠎ᠠ ᠬᠠᠩᠭᠠᠬᠤ ᠠᠴᠠ ᠡᠮᠦᠨᠡᠬᠢ ᠠᠮᠤᠷ ᠲᠦᠪᠰᠢᠨ ᠤ ᠳᠠᠯᠳᠠ ᠬᠡᠮ ᠢ ᠨᠠᠷᠢᠨ ᠪᠠᠶᠢᠴᠠᠭᠠᠨ᠂ ᠠᠳᠠᠯ ᠠᠬᠤᠢ ᠶᠢᠨ ᠺᠣᠮᠫᠠᠨᠢ᠂ ᠳᠤᠯᠠᠭᠠᠯᠠᠭ᠎ᠠ ᠬᠠᠩᠭᠠᠬᠤ ᠰᠠᠯᠠᠭ᠎ᠠ ᠮᠥᠴᠢᠷ ᠢ ᠱᠠᠭᠠᠷᠳᠠᠵᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠯᠭᠡᠨ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠪᠡ᠃      ᠬᠤᠰᠢᠭᠤᠨ ᠤ ᠶᠡᠷᠦᠩᠬᠡᠶᠢᠯᠡᠭᠰᠡᠨ ᠡᠷᠡᠭᠦᠯᠵᠢᠯ ᠰᠤᠪᠢᠯᠠᠯ ᠤᠨ ᠦᠢᠯᠡᠴᠢᠯᠡᠭᠡᠨ ᠤ ᠲᠥᠪ ᠤᠨ ᠪᠠᠷᠢᠯᠭ᠎ᠠ ᠨᠢᠭᠡᠨᠲᠡ ᠳᠠᠭᠤᠰᠴᠤ᠂ ᠠᠷᠠᠳ ᠤᠨ ᠶᠠᠪᠤᠳᠠᠯ ᠤᠨ ᠲᠣᠪᠴᠢᠶ᠎ᠠ ᠯᠤᠭ᠎ᠠ ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ ᠭᠦᠢᠴᠡᠳᠬᠡᠵᠦ ᠪᠣᠶ᠃ ᠨᠠᠰᠤᠲᠠᠶᠢᠴᠤᠳ ᠤᠨ ᠰᠣᠶᠣᠯ ᠲᠠᠮᠢᠷ ᠤᠨ ᠬᠥᠳᠡᠯᠭᠡᠭᠡᠨ ᠤ ᠲᠥᠪ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠤᠳᠠᠯ ᠦᠭᠡᠢ ᠳᠠᠭᠤᠰᠴᠤ ᠠᠰᠢᠭᠯᠠᠯᠲᠠ ᠳᠤ ᠣᠷᠣᠬᠤ ᠪᠠᠷ ᠪᠣᠢ᠃ ᠬᠠᠮᠢᠶ᠎ᠠ ᠪᠦᠬᠦᠢ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠪᠥᠬᠦ ᠬᠤᠰᠢᠭᠤᠨ ᠤ ᠨᠠᠰᠤᠲᠠᠶᠢᠴᠤᠳ ᠲᠤ ᠠᠮᠢᠳᠤᠷᠠᠯ᠂ ᠰᠣᠯᠢᠯᠴᠠᠭ᠎ᠠ ᠵᠢᠴᠢ ᠠᠵᠢᠯᠯᠠᠭ᠎ᠠ ᠵᠡᠷᠭᠡ ᠳᠤ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡᠨ ᠤ ᠲᠠᠪᠴᠠᠩ ᠢ ᠬᠠᠩᠭᠠᠵᠤ ᠥᠭᠬᠦ ᠪᠣᠯᠣᠨ᠎ᠠ᠃ ᠭᠤᠸ ᠬᠤᠸᠠᠢ ᠵᠢᠩ ᠲᠥᠷᠥᠯ ᠵᠦᠢᠯ ᠤᠨ ᠣᠷᠴᠢᠨ ᠲᠣᠭᠤᠷᠢᠨ ᠪᠠ ᠬᠠᠮᠢᠶ᠎ᠠ ᠪᠦᠬᠦᠢ ᠴᠢᠳᠠᠮᠵᠢᠲᠤ ᠣᠷᠣᠨ᠂ ᠠᠵᠢᠯᠯᠠᠭᠠᠨ ᠤ ᠲᠠᠰᠤᠭ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠢᠳᠠᠮᠵᠢ ᠶᠢᠨ ᠲᠣᠬᠢᠷᠠᠭᠤᠯᠤᠯᠲᠠ᠂ ᠡᠵᠡᠩᠨᠡᠯᠲᠡ ᠶᠢᠨ ᠵᠠᠭᠪᠤᠷ᠂ ᠦᠢᠯᠡᠴᠢᠯᠡᠭᠡᠨ ᠤ ᠪᠠᠲᠤᠯᠠᠭ᠎ᠠ ᠵᠢᠴᠢ ᠠᠰᠢᠭᠯᠠᠯᠲᠠ ᠳᠤ ᠣᠷᠣᠭᠤᠯᠬᠤ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠣᠯ ᠨᠠᠰᠤᠲᠠᠶᠢᠴᠤᠳ ᠤᠨ ᠥᠲᠡᠯᠦᠭᠡ ᠨᠠᠰᠤᠨ ᠤ ᠵᠣᠯ ᠵᠢᠷᠭᠠᠯ ᠲᠠᠢ ᠬᠤᠯᠪᠣᠭᠳᠠᠬᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠣᠨ᠎ᠠ᠃ ᠬᠤᠯᠪᠣᠭᠳᠠᠯ ᠪᠦᠬᠦᠢ ᠲᠥᠬᠦᠭᠡᠷᠦᠮᠵᠢ ᠶᠢ ᠰᠠᠶᠢᠲᠤᠷ ᠪᠠᠶᠢᠭᠤᠯᠬᠤ ᠪᠠᠷ ᠪᠠᠷᠠᠬᠤ ᠦᠭᠡᠢ ᠨᠡᠩ ᠴᠤ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠂ ᠨᠠᠰᠤᠲᠠᠶᠢᠴᠤᠳ ᠲᠤ ᠦᠨᠡᠨᠬᠦ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠨᠠᠰᠤᠲᠠᠶᠢᠴᠤᠳ ᠲᠤ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠵᠦ᠂ ᠥᠲᠡᠯᠦᠭᠡ ᠨᠠᠰᠤ ᠶᠢ ᠨᠢ ᠵᠢᠷᠭᠠᠯᠲᠠᠢ ᠥᠩᠭᠡᠷᠡᠭᠦᠯᠬᠦ ᠬᠡᠷᠡᠭᠲᠡᠢ᠃ ᠲᠦᠭᠡᠮᠡᠯ ᠬᠠᠷᠠᠭᠠᠯᠵᠠᠯ ᠦᠵᠡᠭᠦᠯᠬᠦ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠵᠦ᠂ ᠨᠡᠶᠢᠭᠡᠮ ᠲᠣᠭᠤᠷᠢᠭ ᠲᠤ ᠢᠳᠡᠪᠬᠢᠲᠡᠢ ᠭᠦᠨᠵᠡᠭᠡᠶᠢᠷᠡᠨ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠣᠶᠢᠯᠠᠭᠠᠵᠤ᠂ ᠡᠵᠡᠩᠨᠡᠯᠲᠡ ᠶᠢᠨ ᠲᠥᠰᠥᠯ ᠢ ᠲᠠᠰᠤᠷᠠᠯᠳᠡ ᠦᠭᠡᠢ ᠨᠠᠷᠢᠯᠢᠭᠵᠢᠭᠤᠯᠵᠤ ᠲᠡᠭᠦᠯᠳᠡᠷᠵᠢᠭᠦᠯᠦᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠪᠡ᠃      ᠣᠲᠤᠭ ᠬᠤᠰᠢᠭᠤᠨ ᠤ ᠰᠢᠨ᠎ᠡ ᠨᠢᠭᠡ ᠦᠶ᠎ᠡ ᠶᠢᠨ ᠴᠠᠭ ᠠᠭᠤᠷ ᠤᠨ ᠷᠠᠳᠠᠷ ᠤᠨ ᠰᠢᠰᠲ᠋ᠧᠮ ᠨᠢᠭᠡᠨᠲᠡ ᠲᠤᠷᠰᠢᠨ ᠲᠣᠬᠢᠷᠠᠭᠤᠯᠬᠤ ᠱᠠᠲᠤᠨ ᠳᠤ ᠣᠷᠣᠵᠤ᠂ ᠤᠳᠠᠯ ᠦᠭᠡᠢ ᠠᠰᠢᠭᠯᠠᠯᠲᠠ ᠳᠤ ᠣᠷᠣᠬᠤ ᠪᠠᠷ ᠪᠠᠶᠢᠨ᠎ᠠ᠃ ᠲᠣᠰ ᠷᠠᠳᠠᠷ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠪᠥᠬᠦ ᠬᠤᠲᠠ ᠶᠢᠨ ᠪᠠᠷᠠᠭᠤᠨ ᠡᠮᠦᠨᠡᠲᠦ ᠬᠡᠰᠡᠭ ᠤᠨ ᠭᠠᠵᠠᠷ ᠣᠷᠣᠨ ᠢ ᠪᠦᠲᠦᠮᠵᠢᠲᠡᠶ ᠬᠠᠮᠤᠷᠤᠨ᠂ ᠣᠷᠳᠣᠰ ᠬᠤᠳᠠ ᠪᠣᠯᠣᠨ ᠢᠷᠭᠠᠢ ᠬᠤᠳᠠ ᠶᠢᠨ ᠴᠠᠭ ᠠᠭᠤᠷ ᠤᠨ ᠷᠠᠳᠠᠷ ᠤᠨ ᠲᠣᠣᠷ ᠨᠡᠶᠢᠯᠡᠭᠦᠯᠦᠨ ᠵᠢᠷᠤᠭ ᠵᠢᠷᠤᠬᠤ ᠶᠢ ᠪᠡᠶᠡᠯᠡᠭᠦᠯᠵᠦ᠂ ᠬᠠᠶᠢᠨ ᠬᠡᠮᠵᠢᠯᠲᠡ ᠶᠢᠨ ᠳᠤᠲᠠᠭᠤᠳᠠᠯ ᠢ ᠪᠦᠲᠦᠮᠵᠢᠲᠡᠢ ᠨᠥᠬᠦᠪᠦᠷᠢᠯᠡᠨ᠂ ᠪᠦᠬᠦ ᠬᠤᠰᠢᠭᠤᠨ ᠤ ᠭᠠᠮᠰᠢᠭᠲᠤ ᠴᠠᠭ ᠠᠭᠤᠷ ᠢ ᠬᠢᠨᠠᠨ ᠬᠡᠮᠵᠢᠬᠦ ᠴᠢᠳᠠᠪᠤᠷᠢ᠂ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠠᠭᠠᠷ ᠠᠶᠠᠯᠠᠯ ᠤᠨ ᠠᠮᠤᠷ ᠲᠦᠪᠰᠢᠨ᠂ ᠤᠢ ᠰᠢᠭᠤᠢ ᠶᠢᠨ ᠠᠮᠢ ᠠᠬᠤᠢ᠂ ᠤᠰᠤᠨ ᠠᠰᠢᠭᠯᠠᠯᠲᠠ ᠤᠰᠤᠨ ᠰᠢᠨᠵᠢᠯᠡᠭᠡ᠂ ᠡᠭᠦᠯᠡᠨ ᠤᠰᠤᠨ ᠤ ᠡᠬᠢ ᠪᠠᠶᠠᠯᠢᠭ ᠤᠨ ᠠᠰᠢᠭᠯᠠᠯᠲᠠ ᠵᠡᠷᠭᠡ ᠳᠤ ᠮᠡᠳᠡᠭᠳᠡᠮ᠎ᠡ ᠦᠷ᠎ᠡ ᠠᠰᠢᠭ ᠣᠯᠬᠤ ᠪᠣᠯᠣᠨ᠎ᠠ᠃ ᠭᠤᠤ ᠬᠤᠸᠠᠢ ᠵᠢᠩ ᠰᠤᠪᠤᠷᠭ᠎ᠠ ᠳᠤ ᠭᠠᠷᠴᠤ᠂ ᠰᠤᠪᠤᠷᠭ᠎ᠠ ᠶᠢᠨ ᠳᠣᠲᠣᠭᠠᠳᠤ ᠶᠢᠨ ᠲᠥᠬᠦᠭᠡᠷᠦᠮᠵᠢ ᠤᠭᠰᠠᠷᠠᠭᠰᠠᠨ᠂ ᠲᠣᠬᠢᠷᠠᠭᠤᠯᠤᠨ ᠰᠢᠯᠭᠠᠭᠰᠠᠨ ᠵᠡᠷᠭᠡ ᠪᠠᠶᠢᠳᠠᠯ ᠢ ᠪᠠᠶᠢᠴᠠᠭᠠᠵᠤ ᠦᠵᠡᠨ᠂ ᠴᠠᠭ ᠠᠭᠤᠷ ᠤᠨ ᠰᠠᠯᠠᠭ᠎ᠠ ᠮᠥᠴᠢᠷ ᠤᠨ ᠭᠠᠮᠰᠢᠭ ᠢ ᠰᠡᠷᠭᠡᠶᠢᠯᠡᠵᠦ ᠪᠠᠭᠠᠰᠬᠠᠬᠤ ᠵᠢᠴᠢ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠵᠡᠷᠭᠡ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠴᠠᠭ ᠠᠭᠤᠷ ᠤᠨ ᠰᠠᠯᠠᠭ᠎ᠠ ᠮᠥᠴᠢᠷ ᠷᠠᠳᠠᠷ ᠤᠨ ᠰᠢᠰᠲ᠋ᠧᠮ ᠢ ᠠᠰᠢᠭᠯᠠᠯᠲᠠ ᠳᠤ ᠣᠷᠣᠭᠤᠯᠬᠤ ᠠᠴᠠ ᠡᠮᠦᠨᠡᠬᠢ ᠡᠯ᠎ᠡ ᠵᠦᠢᠯ ᠤᠨ ᠲᠣᠬᠢᠷᠠᠭᠤᠯᠤᠨ ᠲᠤᠷᠰᠢᠬᠤ ᠪᠡᠯᠡᠳᠬᠡᠯ ᠵᠢᠴᠢ ᠪᠦᠬᠦ ᠶᠠᠪᠤᠴᠠ ᠳᠤ ᠮᠥᠷᠳᠡᠨ ᠦᠢᠯᠡᠴᠢᠯᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠵᠦ ᠪᠠᠭᠠᠰᠬᠠᠬᠤ ᠪᠠ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠳᠤ ᠨᠡᠩ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠢ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠠᠶᠤᠯ ᠲᠦᠭᠰᠢᠭᠦᠷᠢ ᠶᠢ ᠤᠷᠢᠳᠴᠢᠯᠠᠨ ᠮᠠᠭᠠᠳᠯᠠᠬᠤ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠨ ᠪᠠᠭᠠᠰᠬᠠᠬᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠠᠵᠤ ᠠᠬᠤᠶᠢᠯᠠᠯ ᠤᠨ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠴᠠᠭ ᠠᠭᠤᠷ ᠤᠨ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠩ ᠣᠨᠣᠪᠴᠢᠲᠠᠢ ᠪᠠᠷ ᠴᠠᠭ ᠲᠤᠬᠠᠢ ᠳᠤᠨᠢ ᠪᠦᠲᠦᠮᠵᠢᠲᠡᠢ ᠬᠠᠩᠭᠠᠨ᠂ ᠴᠠᠭ ᠠᠭᠤᠷ ᠤᠨ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠭᠦᠯᠬᠦ ᠬᠡᠷᠡᠭᠲᠡᠢ ᠭᠡᠪᠡ᠃      ᠬᠤᠰᠢᠭᠤᠨ ᠤ ᠤᠳᠤᠷᠢᠳᠤᠯᠭ᠎ᠠ ᠯᠢᠦ ᠷᠦᠢ᠂ ᠨᠠᠰᠤᠨᠳᠡᠯᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ