ᠮᠧᠩ ᠰᠢ ᠪᠠᠯᠭᠠᠰᠤ ᠨᠢ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ︽ᠲᠠᠪᠤᠨ ᠭᠤᠷᠪᠠ︾ ᠶᠢᠨ ᠱᠠᠭᠠᠷᠳᠠᠯᠭ᠎ᠠ ᠪᠠᠷ | ᠶᠡᠷᠦᠩᠬᠡᠶᠢᠯᠡᠨ ᠵᠢᠯᠣᠭᠤᠳᠤᠭᠤᠯᠵᠤ᠂ ︽ᠤᠯᠤᠰ ᠲᠦᠷᠦ ᠪᠠᠷ ᠰᠠᠶᠢᠲᠤᠷ ᠬᠥᠲᠥᠯᠥᠨ ᠳᠠᠭᠠᠭᠤᠯᠬᠤ᠂ ᠡᠬᠢ ᠪᠠᠶᠠᠯᠢᠭ ᠢ ᠰᠠᠶᠢᠲᠤᠷ ᠠᠭᠤᠰᠤᠯᠴᠠᠭᠤᠯᠬᠤ᠂ ᠦᠨᠳᠦᠰᠦᠨ | ᠱᠠᠲᠤᠨ ᠤ ᠵᠠᠰᠠᠯᠲᠠ ᠶᠢ ᠰᠠᠶᠢᠲᠤᠷ ᠬᠢᠬᠦ᠂ ᠦᠢᠯᠡᠴᠢᠯᠡᠭᠡᠨ ᠤ ᠡᠷᠭᠢᠯᠲᠡ ᠶᠢ ᠰᠠᠶᠢᠲᠤᠷ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠶᠢᠲᠤᠷ ᠬᠢᠬᠦ︾ ᠲᠠᠪᠤᠨ | ᠰᠠᠶᠢᠲᠤᠷ ᠢ ᠡᠭᠦᠳᠦᠨ ᠪᠠᠶᠢᠭᠤᠯᠬᠤ ᠪᠠᠷᠢᠮᠵᠢᠶ᠎ᠠ ᠶᠢ ᠲᠣᠪᠣᠶᠢᠯᠭᠠᠨ᠂ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠤᠨ ᠵᠢᠱᠢᠶ᠎ᠡ ᠦᠵᠡᠭᠦᠯᠵᠦ | ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠥᠷᠨᠢᠭᠦᠯᠵᠦ᠂ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠢ ᠨᠠᠮ ᠠᠴᠠ ᠦᠨᠳᠦᠰᠦᠨ | ᠱᠠᠲᠤᠨ ᠤ ᠵᠠᠰᠠᠯᠲᠠ ᠶᠢ ᠤᠳᠤᠷᠢᠳᠬᠤ ᠪᠠᠲᠤ ᠴᠢᠩᠭ᠎ᠠ ᠪᠠᠬᠢᠯᠡᠯᠲᠡ ᠶᠢᠨ ᠭᠠᠵᠠᠷ ᠪᠠ ᠤᠯᠠᠨ ᠲᠦᠮᠡᠨ ᠳᠤ ᠦᠢᠯᠡᠴᠢᠯᠡᠬᠦ ᠳᠤᠯᠠᠭᠠᠨ ᠥᠯᠥᠭᠡᠢ ᠪᠣᠯᠭᠠᠬᠤ ᠪᠠᠷ | ᠴᠢᠷᠮᠠᠶᠢᠨ᠎ᠠ᠃ | ᠬᠤᠪᠢᠰᠬᠠᠯ ᠢᠶᠠᠷ ᠦᠵᠡᠯ ᠰᠠᠨᠠᠭᠠᠨ ᠤ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯ ᠪᠠᠬᠢᠯᠡᠯᠲᠡ ᠶᠢᠨ | ᠭᠠᠵᠠᠷ ᠢ ᠪᠠᠶᠢᠭᠤᠯᠪᠠ᠃ ︽ᠳᠡᠭᠡᠳᠦ ᠳᠣᠣᠷᠠᠳᠤ ᠱᠠᠲᠤ ᠶᠢ ᠨᠡᠪᠲᠡᠷᠡᠯᠴᠡᠭᠦᠯᠬᠦ᠂ ᠪᠦᠬᠦᠯᠢ ᠴᠣᠭᠴᠠ ᠪᠠᠷ ᠢᠶᠠᠨ ᠬᠠᠮᠵᠢᠯᠴᠠᠬᠤ︾ ᠠᠵᠢᠯ ᠤᠨ ᠪᠠᠶᠢᠷᠢᠰᠢᠯ ᠢ ᠬᠦᠴᠦᠯᠡᠨ | ᠰᠦᠪᠡᠭᠴᠢᠯᠡᠵᠦ᠂ ︽ᠰᠤᠮᠤ ᠪᠠᠯᠭᠠᠰᠤ ᠪᠠᠷ ᠭᠠᠴᠠᠭ᠎ᠠ ᠲᠣᠰᠬᠤᠨ ᠢ ᠳᠠᠶᠢᠴᠢᠯᠠᠬᠤ᠂ ᠭᠠᠴᠠᠭ᠎ᠠ ᠲᠣᠰᠬᠤᠨ ᠲᠠᠢ ᠬᠤᠯᠪᠤᠭᠠᠯᠠᠨ ᠬᠠᠮᠲᠤ ᠪᠠᠷ ᠪᠦᠲᠦᠭᠡᠨ ᠪᠠᠶᠢᠭᠤᠯᠬᠤ︾ | ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠢ ᠨᠢᠭᠡ ᠴᠣᠭᠴᠠᠵᠢᠭᠤᠯᠤᠨ ᠪᠠᠶᠢᠭᠤᠯᠬᠤ ᠰᠢᠨ᠎ᠡ ᠵᠠᠭᠪᠤᠷ ᠢ ᠬᠥᠭᠵᠢᠭᠦᠯᠪᠡ᠃ ᠰᠤᠮᠤ ᠪᠠᠯᠭᠠᠰᠤ | ᠭᠠᠴᠠᠭ᠎ᠠ ᠲᠣᠰᠬᠤᠨ ᠬᠤᠶᠠᠷ ᠱᠠᠲᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠤᠨ ᠬᠢᠨ ᠨᠠᠮ ᠤᠨ ᠰᠢᠨ᠎ᠡ ᠶᠢ ᠡᠭᠦᠳᠬᠦ ᠤᠨᠤᠯ ᠢ | ᠭᠦᠨᠵᠡᠭᠡᠢ ᠰᠤᠷᠤᠯᠴᠠᠬᠤ ᠶᠢ ᠪᠠᠷᠢᠮᠲᠠᠯᠠᠵᠤ᠂ ᠰᠠᠷ᠎ᠠ ᠪᠦᠷᠢ ᠶᠢᠨ ᠠᠵᠢᠯᠯᠠᠭ᠎ᠠ ᠶᠢᠨ ᠲᠣᠬᠢᠷᠠᠭᠤᠯᠭ᠎ᠠ ᠶᠢᠨ ᠨᠠᠷᠢᠨ ᠲᠠᠩᠰᠠ ᠶᠢ ᠲᠣᠭᠲᠠᠭᠠᠨ᠂ ᠰᠤᠷᠤᠯᠴᠠᠯᠭ᠎ᠠ ᠶᠢ | ᠵᠣᠬᠢᠶᠠᠨ ᠪᠠᠶᠢᠭᠤᠯᠵᠤ ᠥᠷᠨᠢᠭᠦᠯᠪᠡ᠃ ︽ᠮᠸᠡᠭ ᠰᠢ ᠶᠢᠨ ᠣᠨᠣᠯ ᠤᠨ ᠰᠤᠷᠤᠯᠴᠠᠯᠭ᠎ᠠ︾ ᠶᠢᠨ ᠲᠤᠰᠬᠠᠢ ᠪᠤᠯᠤᠩ ᠢ ᠰᠢᠨ᠎ᠡ ᠪᠠᠷ ᠨᠡᠭᠡᠭᠡᠵᠦ᠂ ᠨᠠᠮ ᠤᠨ ᠣᠨᠣᠯ ᠪᠠ | ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠥᠪᠯᠡᠷᠡᠭᠦᠯᠵᠦ ᠤᠬᠠᠭᠤᠯᠤᠨ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ 1600 ᠭᠠᠷᠤᠢ | ᠺᠠᠳ᠋ᠷ ᠣᠯᠠᠨ ᠲᠦᠮᠡᠨ ᠳᠤ 27 ᠤᠳᠠᠭ᠎ᠠ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠡᠭᠦᠨ ᠤ ᠬᠠᠮᠲᠤ᠂ ᠲᠤᠬᠠᠢ ᠶᠢᠨ | ᠭᠠᠵᠠᠷ ᠤᠨ ᠣᠨᠴᠠᠯᠢᠭ ᠪᠦᠬᠦᠢ ᠰᠣᠶᠣᠯ ᠪᠠ ᠣᠶᠤᠨ ᠰᠠᠨᠠᠭᠠᠨ ᠤ ᠠᠭᠤᠯᠤᠭᠳᠠᠬᠤᠨ ᠢ ᠭᠦᠨ ᠠᠭᠤᠳᠠᠯᠵᠤ᠂ ᠪᠢᠩᠲ᠋ᠤᠸᠠᠨ ᠤ ᠤᠳᠬ᠎ᠠ ᠤᠷᠠᠯᠢᠭ ᠤᠨ ᠠᠩᠭᠢ ᠶᠢ 2 | ᠪᠠᠶᠢᠭᠤᠯᠤᠨ᠂ ᠡᠯ᠎ᠡ ᠲᠥᠷᠥᠯ ᠤᠨ ᠣᠯᠠᠨ ᠲᠦᠮᠡᠨ ᠤ ᠰᠣᠶᠣᠯ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠢ | ᠪᠠᠳᠠᠷᠠᠭᠤᠯᠤᠨ᠂ ᠬᠠᠷᠢᠶ᠎ᠠ ᠣᠷᠣᠨ ᠳᠠᠬᠢ ᠮᠠᠯᠴᠢᠨ ᠲᠠᠷᠢᠶᠠᠴᠢᠨ ᠤ ᠣᠶᠤᠨ ᠰᠠᠨᠠᠭᠠᠨ ᠤ ᠰᠣᠶᠣᠯ ᠤᠨ ᠬᠡᠷᠡᠭᠴᠡᠭᠡ ᠶᠢ ᠶᠡᠬᠡᠪᠡᠷ ᠬᠠᠩᠭᠠᠪᠠ᠃ | ᠨᠠᠮ ᠤᠨ ᠪᠠᠶᠢᠭᠤᠯᠤᠯᠲᠠ ᠪᠠᠷ ᠲᠣᠣᠷᠴᠢᠯᠠᠭᠰᠠᠨ ᠬᠠᠮᠢᠶᠠᠷᠤᠯᠲᠠ ᠳᠤ ᠬᠦᠴᠦᠨ ᠨᠡᠮᠡᠷᠢᠯᠡᠬᠦ ᠶᠢ ᠬᠥᠲᠥᠯᠥᠨ ᠳᠠᠭᠠᠭᠤᠯᠵᠤ᠂ ᠨᠡᠶᠢᠭᠡᠮ ᠤᠨ ᠵᠠᠰᠠᠯᠲᠠ ᠶᠢᠨ ᠭᠤᠣᠯ | ᠪᠠᠬᠢᠯᠡᠯᠲᠡ ᠶᠢᠨ ᠭᠠᠵᠠᠷ ᠢ ᠪᠠᠶᠢᠭᠤᠯᠪᠠ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ | ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠰᠠᠭᠠᠳ ᠦᠭᠡᠢ ᠨᠡᠪᠲᠡᠷᠡᠭᠦᠯᠦᠨ᠂ ᠨᠠᠮ ᠤᠨ ᠬᠤᠷᠢᠶᠠᠨ ᠤ ᠱᠦᠵᠢ | ᠨᠢᠭᠡᠳᠦᠯᠲᠡᠢ ᠲᠥᠯᠥᠪᠯᠡᠨ ᠬᠠᠮᠢᠶᠠᠷᠬᠤ᠂ ᠬᠤᠪᠢᠶᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ᠂ ᠠᠵᠢᠯ ᠲᠥᠷᠥᠯ ᠤᠨ ᠰᠠᠯᠠᠭ᠎ᠠ | ᠮᠥᠴᠢᠷ ᠥᠪᠡᠷ ᠥᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠠᠮᠵᠢᠯᠴᠠᠨ ᠠᠬᠢᠭᠤᠯᠬᠤ᠂ ᠭᠠᠴᠠᠭ᠎ᠠ | ᠲᠣᠰᠬᠤᠨ ᠨᠡᠶᠢᠭᠡᠮ ᠲᠣᠭᠤᠷᠢᠭ ᠤᠨ ᠦᠨᠳᠦᠰᠦᠨ ᠵᠦᠢᠯ ᠢ ᠪᠠᠲᠤᠯᠠᠨ ᠬᠠᠮᠢᠶᠠᠷᠬᠤ᠂ ᠨᠠᠮ ᠤᠨ ᠭᠡᠰᠢᠭᠦᠨ ᠺᠠᠳ᠋ᠷᠴᠤᠳ ᠰᠠᠶᠢᠨ ᠳᠤᠷ᠎ᠠ ᠠᠴᠠ ᠪᠠᠨ ᠦᠢᠯᠡᠴᠢᠯᠡᠬᠦ ︽ | ᠵᠢᠷᠭᠤᠭᠠᠨ ᠱᠠᠲᠤᠨ ᠤ ᠬᠤᠯᠪᠤᠭᠠᠯᠠᠨ ᠬᠥᠳᠡᠯᠦᠯᠴᠡᠬᠦ︾ ᠬᠠᠮᠢᠶᠠᠷᠤᠯᠲᠠ ᠶᠢᠨ ᠲᠣᠭᠲᠠᠴᠠ ᠪᠠ ᠵᠠᠰᠠᠯᠲᠠ ᠶᠢᠨ ᠪᠠᠶᠢᠷᠢᠰᠢᠯ ᠢ ᠪᠣᠶ ᠪᠣᠯᠭᠠᠵᠤ᠂ 45 ᠨᠠᠮ ᠤᠨ ᠭᠡᠰᠢᠭᠦᠨ | ᠤᠳᠤᠷᠢᠳᠬᠤ ᠺᠠᠳ᠋ᠷ᠂ 48 ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ᠂ 60 ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢ ᠰᠢᠯᠵᠢᠭᠦᠯᠦᠨ | ᠲᠣᠮᠢᠯᠠᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠳᠤ ᠣᠷᠣᠯᠴᠠᠭᠤᠯᠤᠨ᠂ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ ᠢ ᠪᠥᠬᠦ | ᠬᠦᠴᠦᠨ ᠢᠶᠠᠷ ᠢᠶᠠᠨ ᠪᠣᠶ ᠪᠣᠯᠭᠠᠪᠠ᠃ | ᠨᠠᠮ ᠤᠨ ᠪᠠᠶᠢᠭᠤᠯᠤᠯᠲᠠ ᠪᠠᠷ ᠲᠠᠪᠴᠠᠩ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠤᠯᠠᠨ ᠲᠦᠮᠡᠨ ᠳᠤ ᠦᠢᠯᠡᠴᠢᠯᠡᠬᠦ ᠭᠤᠣᠯ ᠪᠠᠬᠢᠯᠡᠯᠲᠡ ᠶᠢᠨ | ᠭᠠᠵᠠᠷ ᠢ ᠪᠠᠶᠢᠭᠤᠯᠪᠠ᠃ ᠮᠧᠩ ᠰᠢ ᠪᠠᠯᠭᠠᠰᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠨᠢ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ | ᠲᠠᠰᠤᠷᠠᠯᠲᠠ ᠦᠭᠡᠢ ᠥᠷᠭᠡᠳᠬᠡᠵᠦ᠂ ᠣᠯᠠᠨ ᠲᠦᠮᠡᠨ ᠳᠤ ᠦᠢᠯᠡᠴᠢᠯᠡᠵᠦ ᠬᠠᠷᠢᠯᠴᠠᠬᠤ ︽ᠬᠤᠯᠪᠣᠭ᠎ᠠ ᠬᠥᠭᠦᠷᠭᠡ︾ ᠪᠣᠯᠬᠤ ᠶᠢ ᠪᠠᠷᠢᠮᠲᠠᠯᠠᠪᠠ᠃ ᠨᠠᠮ ᠤᠨ ᠭᠡᠰᠢᠭᠦᠨ ᠤ | ︽ᠬᠤᠶᠠᠷ ᠲᠤ ᠮᠡᠳᠡᠭᠦᠯᠵᠦ ᠬᠤᠶᠠᠷ ᠲᠤ ᠦᠢᠯᠡᠴᠢᠯᠡᠨ ᠬᠤᠶᠠᠷ ᠲᠠᠢ ᠠᠭᠤᠰᠤᠯᠴᠠᠬᠤ︾ ᠠᠵᠢᠯ ᠤᠨ ᠲᠣᠭᠲᠠᠴᠠ ᠲᠠᠢ ᠤᠶᠠᠯᠳᠤᠭᠤᠯᠤᠨ᠂ ᠥᠪᠡᠷᠮᠢᠴᠡ ᠣᠨᠴᠠᠯᠢᠭᠲᠤ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠤᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠪᠠᠷᠢᠮᠵᠢᠶ᠎ᠠ ᠪᠣᠯᠭᠠᠵᠤ᠂ ᠡᠷᠦᠬᠡ ᠳᠤ ᠣᠴᠢᠵᠤ | ᠪᠠᠶᠢᠳᠠᠯ ᠢ ᠣᠶᠢᠯᠠᠭᠠᠬᠤ᠂ ᠠᠷᠠᠳ ᠤᠨ ᠬᠡᠷᠡᠭᠴᠡᠭᠡ ᠶᠢ ᠠᠰᠠᠭᠤᠬᠤ᠂ ᠠᠷᠠᠳ ᠲᠦᠮᠡᠨ ᠳᠤ ᠬᠢᠭᠰᠡᠨ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠪᠡᠶᠡᠯᠡᠭᠦᠯᠦᠨ᠂ | ᠨᠠᠰᠤᠲᠠᠶᠢᠴᠤᠳ ᠢ ᠬᠠᠪᠰᠤᠷᠬᠤ᠂ ᠬᠦᠴᠢᠷᠳᠡᠯᠲᠡᠢ ᠶᠢ ᠬᠠᠪᠰᠤᠷᠬᠤ᠂ ᠡᠪᠡᠳᠴᠢᠲᠡᠨ ᠢ ᠬᠠᠪᠰᠤᠷᠬᠤ᠂ ᠵᠡᠮᠳᠡᠭᠴᠦᠳ ᠢ ᠬᠠᠪᠰᠤᠷᠬᠤ᠂ ᠰᠤᠷᠭᠠᠨ ᠬᠥᠮᠥᠵᠢᠯ ᠢ | ᠬᠠᠪᠰᠤᠷᠬᠤ᠂ ᠬᠡᠷᠡᠭ ᠶᠠᠪᠤᠳᠠᠯ ᠢ ᠬᠠᠪᠰᠤᠷᠬᠤ᠂ ᠰᠡᠳᠬᠢᠴᠡ ᠶᠢ ᠨᠢ ᠬᠠᠪᠰᠤᠷᠬᠤ ᠵᠡᠷᠭᠡ ᠦᠢᠯᠡᠴᠢᠯᠡᠭᠡ ᠶᠢ ᠪᠥᠬᠦ ᠲᠠᠯ᠎ᠠ ᠪᠠᠷ ᠬᠠᠩᠭᠠᠵᠤ᠂ ︽ᠰᠠᠨᠠᠭᠠᠴᠢᠯᠠᠭᠠᠲᠤ | ᠪᠤᠰᠤ ᠭᠥᠯᠢᠶᠡᠨ ᠠᠪᠴᠤ ᠰᠢᠢᠳᠪᠦᠷᠢᠯᠡᠬᠦ︾ ᠶᠢ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠪᠣᠯᠭᠠᠨ ᠬᠤᠪᠢᠷᠠᠭᠤᠯᠪᠠ᠃ 2024 ᠣᠨ ᠳᠤ᠂ ᠣᠯᠠᠨ | ᠲᠦᠮᠡᠨ ᠳᠤ ᠨᠡᠶᠢᠲᠡ 2000 ᠭᠠᠷᠤᠢ ᠤᠳᠠᠭ᠎ᠠ ᠦᠢᠯᠡᠴᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠬᠢᠯᠭᠡᠬᠦ ᠳᠤ ᠬᠦᠴᠢᠷᠲᠡᠢ︾ ᠠᠰᠠᠭᠤᠳᠠᠯ ᠢ | ᠲᠤᠶᠢᠯᠪᠤᠷᠢᠲᠠᠢ ᠰᠢᠢᠳᠪᠦᠷᠢᠯᠡᠬᠦ ᠶᠢ ᠠᠬᠢᠭᠤᠯᠤᠨ᠂ ᠣᠳᠣᠬᠠᠨ ᠳᠤ ᠨᠢᠭᠡᠨᠲᠡ 1452 ᠠᠰᠠᠭᠤᠳᠠᠯ ᠢ ᠰᠢᠢᠳᠪᠦᠷᠢᠯᠡᠵᠦ᠂ 76.1% ᠶᠢ ᠡᠵᠡᠯᠡᠪᠡ᠃ ᠬᠠᠷᠢᠶ᠎ᠠ | ᠣᠷᠣᠨ ᠳᠠᠬᠢ ᠰᠠᠭᠤᠭᠠᠯᠢ ᠠᠷᠠᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠳᠤ ᠬᠡᠦᠬᠡᠳ ᠢ ᠨᠢ ᠬᠠᠷᠠᠵᠤ ᠬᠠᠷᠠᠭᠠᠯᠵᠠᠬᠤ ᠬᠥᠮᠥᠨ ᠦᠭᠡᠢ ᠪᠠᠶᠢᠬᠤ | ᠠᠰᠠᠭᠤᠳᠠᠯ ᠳᠤ ᠲᠥᠪᠯᠡᠷᠡᠭᠦᠯᠦᠨ᠂ ︽ᠬᠠᠶᠢᠷ᠎ᠠ ᠬᠠᠯᠠᠮᠵᠢ ᠶᠢᠨ ᠨᠠᠶᠢᠳᠠᠨ ᠬᠠᠮᠢᠶᠠᠷᠤᠭᠤᠯᠬᠤ ᠠᠩᠭᠢ︾ ᠡᠷᠭᠢᠯᠡᠵᠦ᠂ 6 ︱ 12 ᠨᠠᠰᠤᠨ ᠤ ᠵᠠᠯᠠᠭᠤᠴᠤᠳ | ᠪᠠᠭᠠᠴᠤᠳ ᠲᠤ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠯᠡᠵᠦ᠂ ᠰᠤᠷᠭᠠᠨ ᠬᠥᠮᠦᠵᠢᠯ ᠤᠨ ᠬᠠᠶᠢᠷ᠎ᠠ ᠬᠠᠯᠠᠮᠵᠢ ᠶᠢ ᠴᠢᠩᠭᠠᠳᠬᠠᠨ᠂ ᠰᠤᠷᠤᠭᠴᠢᠳ ᠤᠨ ᠪᠥᠬᠦ ᠲᠠᠯ᠎ᠠ ᠪᠠᠷ ᠡᠷᠡᠭᠦᠯ | ᠪᠣᠶᠢᠵᠢᠬᠤ ᠶᠢ ᠠᠬᠢᠭᠤᠯᠪᠠ᠃ | ᠳᠠᠷᠠᠭ᠎ᠠ ᠠᠯᠬᠤᠮ ᠳᠤ᠂ ᠮᠧᠩ ᠰᠢ ᠪᠠᠯᠭᠠᠰᠤ ᠪᠠ ᠭᠠᠴᠠᠭ᠎ᠠ ᠲᠣᠰᠬᠤᠨ ᠬᠤᠶᠠᠷ ᠱᠠᠲᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ | ᠨᠢ ᠣᠷᠣᠨ ᠲᠣᠭᠤᠷᠢᠭ ᠬᠤᠪᠢᠶᠠᠭᠰᠠᠨ ᠨᠠᠮ ᠤᠨ ᠪᠠᠶᠢᠭᠤᠯᠤᠯᠲᠠ ᠶᠢᠨ ᠬᠠᠮᠲᠤᠷᠠᠨ ᠪᠠᠶᠢᠭᠤᠯᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ | ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ︽ᠨᠠᠮ ᠤᠨ ᠪᠠᠶᠢᠭᠤᠯᠤᠯᠲᠠ ᠶᠢᠨ ᠠᠵᠢᠯ + ᠨᠡᠶᠢᠭᠡᠮ ᠤᠨ ᠵᠠᠰᠠᠯᠲᠠ + ᠣᠯᠠᠨ ᠲᠦᠮᠡᠨ ᠳᠤ ᠦᠢᠯᠡᠴᠢᠯᠡᠬᠦ︾ | ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠶᠢ ᠦᠷᠭᠦᠯᠵᠢᠯᠡᠨ ᠠᠬᠢᠭᠤᠯᠤᠨ᠂ ᠨᠠᠩ ᠣᠯᠠᠨ ᠡᠰᠢᠲᠦ᠂ ᠨᠠᠩ ᠭᠦᠨᠵᠡᠭᠡᠢ᠂ ᠨᠠᠩ ᠳᠣᠲᠣᠨᠣ ᠦᠢᠯᠡᠴᠢᠯᠡᠭᠡᠨ ᠤ | ᠠᠵᠢᠯᠯᠠᠭ᠎ᠠ ᠶᠢ ᠬᠠᠩᠭᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠴᠢᠨᠠᠷ ᠲᠠᠰ ᠳᠡᠪᠰᠢᠭᠦᠯᠬᠦ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠂ ᠣᠯᠠᠨ ᠲᠦᠮᠡᠨ ᠤ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠪᠠ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃ | |