ᠮᠣᠩᠭᠤᠯ ᠦᠨᠳᠦᠰᠦᠲᠡᠨ᠂ ᠡᠷᠡᠭᠲᠡᠢ᠂ ᠬᠢᠲᠠᠳ ᠨᠡᠷ᠎ᠡ ᠨᠢ ᠶᠢᠨ ᠬᠠᠢ ᠸᠧᠨ ᠭᠡᠳᠡᠭ᠃ ᠣᠳᠣ ᠶᠢᠨ ᠣᠲᠤᠭ ᠤᠨ ᠡᠮᠦᠨᠡᠲᠦ ᠬᠤᠰᠢᠭᠤᠨ ᠤ ᠪᠣᠷᠤᠪᠠᠯᠭᠠᠰᠤ | ᠰᠤᠮᠤ ᠶᠢᠨ ᠲᠠᠷᠢᠶᠠᠨ ᠰᠢᠯᠢ ᠭᠠᠴᠠᠭ᠎ᠠ ᠶᠢᠨ ᠬᠦᠮᠥᠨ᠃ 1941 ᠣᠨ ᠳᠤ ᠪᠣᠷᠣᠪᠠᠯᠭᠠᠰᠤᠨ ᠳᠤ ᠬᠢ ᠺᠠᠷᠲ᠋ᠤᠯᠢᠭ ᠱᠠᠰᠢᠨ ᠤ ᠰᠤᠷᠲᠠᠬᠤᠨ ᠤ ᠲᠠᠩᠬᠢᠮ ᠤᠨ | ᠰᠤᠷᠭᠠᠭᠤᠯᠢ ᠶᠢᠨ ᠮᠣᠩᠭᠤᠯ ᠬᠡᠯᠡᠨ ᠤ ᠪᠠᠭᠰᠢ ᠪᠣᠯᠵᠡᠢ᠃ 1941 ᠣᠨ ᠤ 9 ᠰᠠᠷ᠎ᠠ ᠳᠤ ᠪᠣᠷᠤᠪᠠᠯᠭᠠᠰᠤ ᠴᠢᠯᠦᠭᠡᠯᠡᠭᠳᠡᠵᠦ᠂ ᠲᠡᠷᠡ ᠵᠣᠤ ᠲᠦᠡᠭ ᠷᠤ᠋᠂ ᠭᠤᠦ ᠽᠸᠡᠭ | ᠫᠸᠢ ᠵᠡᠷᠭᠡ ᠬᠤᠪᠢᠰᠬᠠᠯᠴᠢ ᠺᠠᠳ᠋ᠷ ᠲᠠᠢ ᠲᠠᠨᠢᠯᠴᠠᠪᠠ᠃ ᠲᠡᠳᠡᠨ ᠤ ᠤᠬᠠᠭᠤᠯᠤᠯ ᠬᠥᠮᠥᠵᠢᠯ ᠳᠣᠣᠷ᠎ᠠ᠂ ᠪᠠᠲᠤᠴᠤᠭ ᠰᠤᠷᠤᠭᠴᠢᠳ ᠲᠤ ᠪᠠᠨ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠪᠣᠯᠣᠨ ᠶᠠᠫᠤᠨ ᠢ ᠡᠰᠡᠷᠭᠦᠴᠡᠬᠦ ᠵᠣᠷᠢᠯᠲᠠ ᠶᠢ ᠢᠳᠡᠪᠬᠢᠲᠡᠢ ᠤᠬᠠᠭᠤᠯᠵᠠᠢ᠃ 1942 ᠣᠨ ᠳᠤ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠣᠷᠣᠪᠠᠯᠭᠠᠰᠤᠨ ᠳᠠᠬᠢ ᠠᠵᠢᠯᠯᠠᠬᠤ ᠬᠤᠷᠢᠶ᠎ᠠ ᠠᠴᠠ ᠪᠠᠲᠤᠴᠤᠭ ᠡᠷ᠎ᠡ ᠡᠮ᠎ᠡ ᠬᠤᠶᠠᠭᠤᠯᠠ ᠶᠢ ᠳ᠋ᠢᠩᠪᠢᠶᠠᠨ ᠳᠠᠬᠢ ᠦᠨᠳᠦᠰᠦᠲᠡᠨ ᠤ ᠳᠡᠭᠡᠳᠦ | ᠰᠤᠷᠭᠠᠭᠤᠯᠢ ᠳᠤ ᠬᠦᠷᠭᠡᠵᠦ ᠰᠤᠷᠤᠯᠴᠠᠭᠤᠯᠪᠠ᠃ 1945 ᠣᠨ ᠤ 3 ᠰᠠᠷ᠎ᠠ ᠳᠤ ᠦᠨᠳᠦᠰᠦᠲᠡᠨ ᠤ ᠳᠡᠭᠡᠳᠦ ᠰᠤᠷᠭᠠᠭᠤᠯᠢ ᠪᠣᠷᠤᠪᠠᠯᠭᠠᠰᠤᠨ ᠳᠤ ᠰᠢᠯᠵᠢᠨ ᠢᠷᠡᠪᠡ᠃ | ᠳᠠᠷᠠᠭ᠎ᠠ ᠵᠢᠯ ᠨᠢ ᠪᠠᠲᠤᠴᠤᠭ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠮᠣᠩᠭᠤᠯ ᠬᠡᠯᠡᠨ ᠤ ᠪᠠᠭᠰᠢ ᠪᠣᠯᠵᠤ᠂ ︽ᠶᠡᠭᠡ ᠵᠣᠣ ᠶᠢᠨ ᠴᠢᠭᠤᠯᠭᠠᠨ ᠤ ᠰᠣᠨᠢᠨ︾ ᠤ | ᠨᠠᠶᠢᠷᠠᠭᠤᠯᠤᠭᠴᠢ ᠶᠢᠨ ᠠᠵᠢᠯ ᠢ ᠬᠠᠪᠰᠤᠷᠭᠠᠨ ᠬᠠᠷᠢᠭᠤᠴᠠᠪᠠ᠃ 1945 ᠣᠨ ᠳᠤ ᠠᠮᠤᠷ ᠢ ᠬᠠᠮᠠᠭᠠᠯᠠᠬᠤ ᠳᠥᠷᠪᠡᠳᠦᠭᠡᠷ ᠶᠢᠩ ᠤᠨ ᠶᠢᠩᠵᠠᠩ ᠪᠣᠯᠪᠠ᠃ 1947 | ᠣᠨ ᠤ 4 ᠰᠠᠷ᠎ᠠ ᠳᠤ ᠰᠢᠨ᠎ᠡ ᠠᠮᠤᠷ ᠢ ᠬᠠᠮᠠᠭᠠᠯᠠᠬᠤ ᠳᠥᠷᠪᠡᠳᠦᠭᠡᠷ ᠶᠢᠩ ᠤᠨ ᠬᠤᠶᠠᠳᠤᠭᠠᠷ ᠯᠢᠶᠠᠨ ᠤ ᠯᠢᠶᠠᠨᠵᠠᠩ ᠬᠤᠸᠠᠩ ᠢᠤᠢ ᠲᠠᠩ ᠤᠷᠪᠠᠭᠰᠠᠨ ᠳᠤ᠂ | ᠪᠠᠲᠤᠴᠤᠭ ᠶᠡᠭᠡ ᠵᠣᠣ ᠶᠢᠨ ᠴᠢᠭᠤᠯᠭᠠᠨ ᠤ ᠠᠵᠢᠯᠯᠠᠬᠤ ᠬᠤᠷᠢᠶ᠎ᠠ ᠶᠢ ᠲᠤ ᠪᠠᠨ ᠪᠣᠷᠤᠪᠠᠯᠭᠠᠰᠤᠨ ᠠᠴᠠ ᠤᠬᠤᠷᠢᠨ ᠭᠠᠷᠴᠤ᠂ ᠱᠠᠨᠪᠸᠢ ᠶᠢᠨ ᠵᠠᠩᠭᠤᠲᠤ᠂ ᠵᠢᠩᠪᠢᠶᠠᠨ | ᠵᠡᠷᠭᠡ ᠭᠠᠵᠠᠷ ᠢᠶᠠᠷ ᠹᠠᠷᠲ᠋ᠢᠽᠠᠨ ᠳᠠᠶᠢᠨ ᠬᠢᠪᠡ᠃ 7 ᠰᠠᠷ᠎ᠠ ᠳᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠪᠠᠷᠠᠭᠤᠨ ᠬᠤᠶᠢᠲᠤ ᠶᠢᠨ ᠬᠡᠭᠡᠷᠡᠯᠡᠨ | ᠪᠠᠶᠢᠯᠲᠤᠬᠤ ᠴᠡᠷᠢᠭ ᠰᠠᠨᠪᠢᠶᠠᠨ ᠣᠷᠣᠨ ᠢ ᠡᠭᠡᠬᠦᠯᠦᠨ ᠠᠪᠤᠭᠰᠠᠨ ᠳᠤ᠂ ᠪᠠᠲᠤᠴᠤᠭ ᠶᠡᠭᠡ ᠵᠣᠣ ᠶᠢᠨ ᠴᠢᠭᠤᠯᠭᠠᠨ ᠤ ᠠᠵᠢᠯᠯᠠᠬᠤ ᠬᠤᠷᠢᠶ᠎ᠠ ᠶᠢ ᠳᠠᠭᠠᠵᠤ | ᠪᠣᠷᠤᠪᠠᠯᠭᠠᠰᠤᠨ ᠳᠤ ᠪᠤᠴᠠᠵᠤ ᠢᠷᠡᠪᠡ᠃ 7 ᠰᠠᠷ᠎ᠠ ᠶᠢᠨ 14 ᠳᠤ ᠴᠡᠩᠭᠡᠯ᠂ ᠬᠤᠸᠠᠩ ᠢᠤᠢ ᠲᠠᠩ ᠤᠨ ᠣᠷᠪᠠᠭᠴᠢ ᠪᠦᠯᠦᠭ ᠦᠦᠰᠢᠨ ᠬᠤᠰᠢᠭᠤ ᠪᠠ ᠱᠠᠨᠪᠸᠢ ᠶᠢᠨ | ᠦᠯᠡᠳᠡᠭᠳᠡᠯ ᠳᠡᠭᠡᠷᠡᠮ ᠲᠠᠢ ᠬᠤᠯᠪᠣᠭᠠᠯᠠᠵᠤ᠂ ᠳᠥᠷᠪᠡ ᠲᠠᠪᠤᠨ ᠵᠠᠭᠤᠨ ᠬᠦᠮᠥᠨ ᠴᠤᠭᠯᠠᠭᠤᠯᠤᠨ ᠪᠣᠷᠣᠪᠠᠯᠭᠠᠰᠤ ᠶᠢ ᠬᠠᠯᠳᠠᠭᠰᠠᠨ ᠳᠤ ᠶᠡᠭᠡ ᠵᠣᠣ ᠠᠶᠢᠮᠠᠭ ᠤᠨ | ᠠᠵᠢᠯᠯᠠᠬᠤ ᠬᠤᠷᠢᠶ᠎ᠠ ᠶᠢᠨ ᠤᠳᠤᠷᠢᠳᠤᠭᠰᠠᠨ ᠮᠣᠩᠭᠤᠯ ᠬᠢᠲᠠᠳ ᠰᠠᠯᠪᠤᠷᠢ ᠠᠩᠭᠢ ᠲᠣᠰᠣᠨ ᠪᠠᠶᠢᠯᠲᠤᠪᠠ᠃ ᠪᠠᠲᠤᠴᠤᠭ ᠪᠠᠶᠢᠯᠲᠤᠭᠠᠨ ᠤ ᠳᠤᠮᠳᠠ ᠡᠷᠡᠯᠬᠡᠭᠯᠡᠨ | ᠪᠠᠶᠢᠯᠲᠤᠵᠤ᠂ ᠨᠢᠭᠡ ᠳᠡᠭᠡᠷᠡᠮ ᠢ ᠠᠯᠠᠵᠤ᠂ ᠬᠡᠳᠦᠨ ᠴᠡᠷᠢᠭ ᠤᠨ ᠠᠭᠲᠠ ᠪᠠ ᠨᠢᠭᠡ ᠶᠠᠪᠠᠭᠠᠨ ᠫᠤᠤ ᠣᠯᠵᠠᠯᠠᠵᠤ᠂ ᠪᠠᠶᠢᠯᠲᠤᠭᠠᠨ ᠳᠠᠭᠤᠰᠤᠭᠰᠠᠨ ᠤ ᠳᠠᠷᠠᠭ᠎ᠠ ᠳᠤᠮᠳᠠᠳᠤ | ᠤᠯᠤᠰ ᠤᠨ ᠡᠪ ᠬᠠᠮᠲᠤ ᠨᠠᠮ ᠳᠤ ᠡᠯᠰᠡᠭᠳᠡᠵᠡᠢ᠃ | 1947 ᠣᠨ ᠤ 11 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠬᠤᠶᠢᠲᠤ ᠶᠢᠨ ᠨᠠᠮ ᠤᠨ ᠰᠤᠷᠭᠠᠭᠤᠯᠢ ᠳᠤ ᠰᠢᠯᠵᠢᠨ ᠣᠴᠢᠵᠤ | ᠪᠠᠭᠰᠢᠯᠠᠪᠠ᠃ ᠳᠠᠷᠠᠭ᠎ᠠ ᠵᠢᠯ ᠤᠨ 5 ᠰᠠᠷ᠎ᠠ ᠳᠤ ᠵᠡᠭᠦᠨᠭᠠᠷ ᠬᠤᠰᠢᠭᠤᠨ ᠳᠤ ᠣᠴᠢᠵᠤ᠂ ᠶᠡᠭᠡ ᠵᠣᠣ ᠶᠢᠨ ᠵᠡᠭᠦᠨᠲᠡᠬᠢ ᠠᠵᠢᠯᠯᠠᠬᠤ ᠬᠤᠷᠢᠶ᠎ᠠ ᠶᠢᠨ ᠤᠬᠠᠭᠤᠯᠬᠤ ᠬᠡᠯᠲᠡᠰ | ᠤᠨ ︽ᠮᠣᠩᠭᠤᠯ ᠤᠨ ᠰᠣᠨᠢᠨ︾ ᠬᠤᠷᠢᠶ᠎ᠠ ᠶᠢᠨ ᠬᠤᠷᠢᠶᠠᠨ ᠳᠠᠷᠤᠭ᠎ᠠ ᠪᠠᠷ ᠠᠵᠢᠯᠯᠠᠪᠠ᠃ 1949 ᠣᠨ ᠤ 9 ᠰᠠᠷ᠎ᠠ ᠳᠤ᠂ ᠳᠤᠮᠳᠠᠳᠤ ᠤᠯᠤᠰ ᠤᠨ ᠠᠷᠠᠳ ᠤᠨ | ᠤᠯᠤᠰ ᠲᠥᠷᠥ ᠶᠢᠨ ᠵᠥᠪᠯᠡᠯᠭᠡᠨ ᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠳᠤ ᠣᠷᠣᠯᠴᠠᠵᠤ᠂ ᠤᠯᠤᠰ ᠪᠠᠶᠢᠭᠤᠯᠤᠭᠳᠠᠭᠰᠠᠨ ᠶᠡᠭᠡ ᠶᠣᠰᠣᠯᠠᠯ ᠳᠤ | ᠣᠷᠣᠯᠴᠠᠵᠠᠢ᠃ 12 ᠰᠠᠷ᠎ᠠ ᠳᠤ ᠶᠡᠭᠡ ᠵᠣᠣ ᠶᠢᠨ ᠴᠢᠭᠤᠯᠭᠠᠨ ᠤ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠶᠠᠪᠤᠳᠠᠯ ᠤᠨ ᠵᠥᠪᠯᠡᠯ ᠤᠨ ᠳᠡᠳ᠋ ᠨᠠᠷᠢᠨ | ᠪᠢᠴᠢᠭ ᠤᠨ ᠳᠠᠷᠤᠭ᠎ᠠ ᠪᠣᠯᠵᠤ᠂ 1952 ᠣᠨ ᠤ 11 ᠰᠠᠷ᠎ᠠ ᠳᠤ ᠨᠠᠷᠢᠨ ᠪᠢᠴᠢᠭ ᠤᠨ ᠳᠠᠷᠤᠭ᠎ᠠ ᠪᠣᠯᠪᠠ᠃ 12 ᠰᠠᠷ᠎ᠠ ᠳᠤ ᠶᠡᠭᠡ ᠵᠣᠣ ᠶᠢᠨ ᠴᠢᠭᠤᠯᠭᠠᠨ ᠤ | ᠥᠪᠡᠷᠲᠡᠭᠡᠨ ᠵᠠᠰᠠᠬᠤ ᠠᠷᠠᠳ ᠤᠨ ᠵᠠᠰᠠᠭ ᠤᠨ ᠣᠷᠳᠣᠨ ᠤ ᠳᠡᠳ᠋ ᠠᠶᠢᠮᠠᠭ ᠤᠨ ᠳᠠᠷᠤᠭ᠎ᠠ ᠪᠣᠯᠪᠠ᠃ 1960 ᠣᠨ ᠤ 4 ᠰᠠᠷ᠎ᠠ ᠳᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠶᠡᠭᠡ ᠵᠣᠣ ᠠᠶᠢᠮᠠᠭ ᠤᠨ ᠬᠤᠷᠢᠶ᠎ᠠ ᠶᠢᠨ ᠳᠡᠳ᠋ ᠱᠦᠵᠢ᠂ ᠶᠡᠭᠡ ᠵᠣᠣ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠣᠯᠪᠠ᠃ | 1978 ᠣᠨ ᠤ 11 ᠰᠠᠷ᠎ᠠ ᠶᠢᠨ 13 ᠳᠤ ᠳ᠋ᠦᠩᠱᠸᠡᠭ ᠳᠤ ᠨᠠᠰᠤ ᠪᠠᠷᠠᠪᠠ᠃ | | ︽ᠣᠲᠤᠭ ᠬᠤᠰᠢᠭᠤᠨ ᠤ ᠦᠨᠳᠦᠰᠦᠲᠡᠨ ᠤ ᠣᠶᠢᠯᠠᠯᠭ᠎ᠠ︾ ︽ᠣᠲᠤᠭ ᠬᠤᠰᠢᠭᠤᠨ ᠤ ᠦᠨᠳᠦᠰᠦᠲᠡᠨ ᠤ ᠣᠶᠢᠯᠠᠯᠭ᠎ᠠ︾ | ᠨᠠᠶᠢᠷᠠᠭᠤᠯᠬᠤ ᠺᠣᠮᠢᠰ ᠨᠠᠶᠢᠷᠠᠭᠤᠯᠪᠠ | |